ᠰᠣᠶᠣᠯ ᠤᠨ ᠰᠤᠳᠠᠰᠤᠲᠤ ᠰᠢᠭᠤᠶᠢᠲᠤ — ᠠᠭᠤᠯᠠᠰ ᠤᠨ ᠳᠤᠮᠳᠠ ᠬᠤᠪᠢᠰᠬᠠᠯ ᠤᠨ ᠭᠠᠯ ᠢ ᠤᠯᠠᠮᠵᠢᠯᠠᠬᠤ  ᠨᠡᠭᠦᠷᠡᠰᠦᠨ ᠠᠭᠤᠷᠬᠠᠢ ᠶᠢᠨ ᠠᠵᠢᠯᠴᠢᠨ ᠤ ᠵᠥᠭᠡᠭᠡᠪᠦᠷᠢ ᠶᠢᠨ ᠭᠠᠯ ᠢ ᠠᠰᠠᠭᠠᠬᠤ — ᠯᠢ ᠢᠦᠢ ᡁᠢ ᠶᠢᠨ ᠤᠳᠤᠷᠢᠳᠤᠯᠭ᠎ᠠ ᠳᠣᠣᠷᠠᠬᠢ ᠰᠢᠭᠤᠶᠢᠲᠤ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠨ ᠤ ᠶᠡᠭᠡ ᠠᠵᠢᠯ ᠬᠠᠶᠠᠯᠲᠠ
ᠨᠡᠶᠢᠲᠡᠯᠡᠭᠰᠡᠨ ᠴᠠᠭ᠄
2025/3/13
        1925 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠨᠢᠭᠡᠨ ᠥᠷᠯᠥᠭᠡ᠂ ᠳᠠᠯᠠᠨ ᠬᠠᠷ᠎ᠠ ᠠᠭᠤᠯᠠ ᠶᠢᠨ ᠦᠷᠦᠯᠴᠡ ᠳᠤ ᠪᠠᠶᠢᠭ᠎ᠠ ᠰᠢᠭᠤᠶᠢᠲᠤ ᠭᠤᠤ ᠂ ᠠᠭᠤᠷᠬᠠᠢ ᠶᠢᠨ ᠬᠤᠳᠳᠤᠭ᠂ ᠠᠵᠢᠯ ᠤᠨ ᠰᠠᠷᠠᠪᠴᠢ᠂ ᠨᠦᠬᠡᠨ ᠭᠡᠷ ᠠᠴᠠ ᠵᠠᠬ᠎ᠠ ᠵᠡᠭᠡᠯᠢ ᠶᠢᠨ ᠰᠡᠭᠦᠯ ᠬᠦᠷᠲᠡᠯ᠎ᠡ᠂ ᠤᠷᠠᠩᠬᠠᠢ ᠬᠤᠪᠴᠠᠰᠤ ᠲᠠᠢ ᠮᠢᠩᠭ᠎ᠠ ᠭᠠᠷᠤᠢ ᠠᠭᠤᠷᠬᠠᠢ ᠶᠢᠨ ᠠᠵᠢᠯᠴᠢᠨ ᠭᠠᠷ ᠲᠤ ᠪᠠᠨ ᠴᠢᠯᠠᠭᠤᠯᠢᠭ ᠤᠨ ᠦᠵᠦᠭᠦᠷ᠂ ᠰᠦᠬᠡ᠂ ᠬᠦᠷᠵᠡ᠂ ᠠᠯᠤᠬ᠎ᠠ ᠪᠠᠷᠢᠵᠤ᠂ ᠭᠤᠷᠪᠠ ᠲᠠᠪᠤ ᠪᠠᠷ ᠢᠶᠠᠨ ᠪᠦᠯᠦᠭᠯᠡᠵᠦ ᠰᠢᠬᠠᠯᠳᠤᠨ ᠭᠠᠷᠴᠤ᠂ ᠨᠢᠭᠡ ᠪᠦᠯᠦᠭ ᠦᠶᠡᠷ ᠤᠨ ᠤᠷᠤᠰᠬᠠᠯ ᠪᠣᠯᠵᠤ᠂ ᠯᠠᠮᠠ ᠶᠢᠨ ᠬᠠᠰᠢᠯᠭ᠎ᠠ ᠶᠢᠨ ᠨᠡᠭᠦᠷᠡᠰᠦᠨ ᠤ ᠦᠢᠯᠡᠳᠪᠦᠷᠢ ᠶᠢᠨ ᠲᠣᠪᠴᠢᠶ᠎ᠠ ᠶᠢᠨ ᠬᠠᠪᠢ ᠳᠠᠬᠢ ᠨᠢᠭᠡᠨ ᠨᠡᠭᠦᠷᠡᠰᠦᠨ ᠠᠭᠤᠷᠬᠠᠢ ᠶᠢᠨ ᠨᠦᠬᠡᠨ ᠵᠠᠮ ᠤᠨ ᠡᠮᠦᠨᠡᠬᠢ ᠬᠤᠭᠤᠰᠣᠨ ᠭᠠᠵᠠᠷ ᠢ ᠴᠢᠭᠯᠡᠪᠡ᠃ ᠰᠢᠭᠤᠶᠢᠲᠤ ᠭᠤᠤ ᠨᠡᠭᠦᠷᠡᠰᠦᠨ ᠠᠭᠤᠷᠬᠠᠢ ᠪᠦᠬᠦᠨ ᠢᠶᠠᠷ ᠢᠶᠠᠨ ᠠᠵᠢᠯ ᠵᠣᠭᠰᠣᠵᠤ ᠳᠠᠮᠫᠤᠷᠠᠭᠰᠠᠨ ᠪᠠᠶᠢᠳᠠᠯ ᠳᠤ ᠣᠷᠣᠪᠠ᠃ ᠠᠵᠢᠯᠴᠢᠳ ᠠᠵᠢᠯ ᠤᠨ ᠴᠠᠭ ᠢ ᠪᠠᠭᠠᠰᠬᠠᠬᠤ᠂ ᠬᠥᠳᠡᠯᠮᠦᠷᠢ ᠶᠢᠨ ᠨᠥᠬᠦᠴᠡᠯ ᠢ ᠰᠠᠶᠢᠵᠢᠷᠠᠭᠤᠯᠬᠤ᠂ ᠴᠠᠯᠢᠩ ᠢ ᠨᠡᠮᠡᠭᠳᠡᠭᠦᠯᠬᠦ ᠤᠷᠢᠶ᠎ᠠ ᠶᠢ ᠥᠨᠳᠥᠷ ᠲᠠᠭᠤᠨ ᠢᠶᠠᠷ ᠬᠠᠰᠭᠢᠷᠤᠨ᠎ᠠ᠂ ᠬᠠᠰᠭᠢᠷᠤᠯᠲᠠ ᠶᠢᠨ ᠳᠠᠭᠤᠨ ᠣᠭᠲᠠᠷᠭᠤᠢ ᠶᠢ ᠳᠣᠩᠰᠤᠯᠭᠠᠨ᠎ᠠ᠂ ᠶᠠᠭᠠᠬᠢᠬᠤ ᠪᠠᠨ ᠮᠡᠳᠡᠬᠦ ᠦᠭᠡᠢ ᠬᠡᠳᠦᠨ ᠠᠷᠪᠠᠨ ᠠᠭᠤᠷᠬᠠᠢ ᠶᠢᠨ ᠡᠵᠡᠨ ᠵᠢᠴᠢ ᠲᠡᠭᠦᠨ ᠤ ᠣᠷᠣᠯᠠᠭᠴᠢ ᠳᠠᠷᠤᠭ᠎ᠠ ᠰᠠᠯᠠᠭ᠎ᠠ ᠮᠥᠴᠢᠷ ︵ᠨᠡᠭᠦᠷᠡᠰᠦᠨ ᠠᠭᠤᠷᠬᠠᠢ ᠶᠢᠨ ᠬᠠᠮᠢᠶᠠᠷᠤᠭᠴᠢ︶᠂ ᠵᠥᠪᠬᠡᠨ ᠰᠣᠴᠢᠨ ᠭᠡᠯᠮᠡᠭᠳᠡᠨ᠎ᠡ᠂ ᠵᠥᠪᠬᠡᠨ ᠥᠩᠭᠡᠷᠡᠭᠰᠡᠨ ᠤ ᠠᠳᠠᠯᠢ ᠪᠠᠭ᠎ᠠ ᠬᠡᠪᠴᠢᠶᠡᠨ ᠤ ᠠᠵᠢᠯ ᠬᠠᠶᠠᠯᠲᠠ ᠳᠤ ᠴᠢᠭᠯᠡᠭᠦᠯᠦᠭᠰᠡᠨ ᠠᠳᠠᠯᠢ ᠬᠠᠮᠲᠤᠷᠠᠨ ᠡᠪᠳᠡᠯᠡᠬᠦ ᠪᠠ ᠠᠵᠢᠯ ᠬᠠᠶᠠᠬᠤ ᠶᠢ ᠬᠠᠷᠰᠢᠯᠠᠵᠤ ᠪᠠᠶᠢᠭᠰᠠᠨ᠂ ᠡᠨᠡ ᠤᠳᠠᠭ᠎ᠠ ᠶᠢᠨ ᠠᠵᠢᠯ ᠬᠠᠶᠠᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷᠠᠬᠢ ᠴᠢᠬᠤᠯᠠ ᠬᠤᠪᠢᠰᠬᠠᠯ ᠤᠨ ᠦᠢᠯᠡᠳᠦᠯᠭᠡ ᠪᠣᠯᠣᠨ᠎ᠠ᠂ ᠮᠢᠩᠭ᠎ᠠ ᠭᠠᠷᠤᠢ ᠨᠡᠭᠦᠷᠡᠰᠦᠨ ᠠᠭᠤᠷᠬᠠᠢ ᠶᠢᠨ ᠠᠵᠢᠯᠴᠢᠨ ᠵᠠᠯᠭᠠᠭ᠎ᠠ ᠪᠠᠷ ᠲᠤᠯᠤᠭᠠᠨ ᠡᠳᠦᠷ ᠠᠵᠢᠯ ᠬᠠᠶᠠᠵᠤ᠂ ᠪᠦᠬᠦ᠋ᠢᠯᠡ ᠰᠦᠢᠶᠤᠸᠠᠨ ᠣᠷᠣᠨ ᠢ ᠰᠣᠴᠢᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠬᠤᠪᠢᠰᠬᠠᠯ ᠤᠨ ᠲᠡᠦᠬᠡᠨ ᠳᠡᠭᠡᠷ᠎ᠡ ᠥᠩᠭᠡ ᠪᠤᠳᠤᠭ ᠲᠠᠢ ᠬᠠᠭᠤᠳᠠᠰᠤ ᠶᠢ ᠦᠯᠡᠳᠡᠭᠡᠪᠡ ᠭᠡᠵᠦ ᠬᠡᠨ ᠴᠦ ᠪᠣᠳᠣᠵᠤ ᠣᠯᠣᠭᠰᠠᠨ ᠦᠭᠡᠢ᠃
图片1.png
        ᠭᠦᠨ ᠨᠤᠶᠢᠷᠰᠤᠭᠰᠠᠨ ︽ᠭᠠᠯᠲᠤ ᠠᠭᠤᠯᠠ︾        ᠰᠢᠭᠤᠶᠢᠲᠤ ᠲᠣᠭᠤᠷᠢᠭ ᠪᠣᠯᠤᠨ ᠳᠠᠯᠠᠨ ᠬᠠᠷ᠎ᠠ ᠠᠭᠤᠯᠠ ᠶᠢᠨ ᠨᠡᠭᠦᠷᠡᠰᠦᠨ ᠠᠭᠤᠷᠬᠠᠢ ᠶᠢ ᠨᠡᠭᠡᠭᠡᠨ ᠬᠥᠭᠵᠢᠭᠦᠯᠦᠭᠰᠡᠨ ᠲᠡᠦᠬᠡ ᠲᠠᠢ ᠨᠢᠭᠲᠠ ᠬᠤᠯᠪᠤᠭ᠎ᠠ ᠲᠠᠢ ᠶᠤᠮ᠂ ᠴᠢᠩ ᠤᠯᠤᠰ ᠤᠨ ᠲᠡᠭᠷᠢ ᠲᠡᠳᠬᠦᠭᠴᠢ ᠶᠢᠨ ᠬᠤᠶᠠᠳᠤᠭᠠᠷ ᠣᠨ ︵1737 ᠣᠨ︶ ᠳᠤ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠵᠢᠵᠢᠭ ᠨᠡᠭᠦᠷᠡᠰᠦᠨ ᠠᠭᠤᠷᠬᠠᠶ ᠪᠠᠶᠢᠭᠤᠯᠤᠭᠰᠠᠨ ᠨᠢ ᠰᠢᠭᠤᠶᠢᠲᠤ ᠲᠣᠭᠤᠷᠢᠭ — ᠳᠠᠯᠠᠨ ᠬᠠᠷ᠎ᠠ ᠠᠭᠤᠯᠠ ᠶᠢᠨ ᠨᠡᠭᠦᠷᠡᠰᠦᠨ ᠠᠭᠤᠷᠬᠠᠢ ᠶᠢ ᠨᠡᠭᠡᠭᠡᠨ ᠬᠥᠭᠵᠢᠭᠦᠯᠦᠭᠰᠡᠨ ᠲᠡᠤᠬᠡ ᠶᠢ ᠨᠡᠭᠡᠭᠡᠭᠰᠡᠨ ᠪᠠᠶᠢᠨ᠎ᠠ᠂ 1913 ᠣᠨ ᠳᠤ᠂ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ ᠤᠷᠢᠳᠤᠰ᠂ ᠲᠥᠪ ᠤᠨ ᠬᠠᠭᠤᠷᠠᠶ ᠵᠠᠮ ᠤᠨ ᠴᠡᠷᠢᠭ ᠤᠨ ᠶᠢᠰᠦᠳᠦᠭᠡᠷ ᠳ᠋ᠢᠸᠢᠽᠢ ᠶᠢᠨ ᠳᠠᠷᠤᠭ᠎ᠠ ᠪᠥᠭᠡᠳ ᠶᠢᠨ ᠰᠢ ᠪᠠᠯᠭᠠᠰᠤᠨ ᠤ ᠰᠠᠬᠢᠭᠴᠢ ᠲᠦᠰᠢᠮᠡᠯ ᠺᠦᠩ ᠭᠧᠩ ᠨᠦᠬᠦᠷ ᠪᠤᠭᠤᠲᠤ ᠶᠢᠨ ᠠᠩᠬᠠᠳᠠᠭᠴᠢ ᠦᠨᠳᠦᠰᠦᠲᠡᠨ ᠤ ᠠᠵᠤ ᠦᠢᠯᠡᠳᠪᠦᠷᠢ᠂ ᠳᠠᠯᠠᠨ ᠬᠠᠷ᠎ᠠ ᠠᠭᠤᠯᠠ ᠶᠢᠨ ᠨᠡᠭᠦᠷᠡᠰᠦᠨ ᠠᠭᠤᠷᠬᠠᠢ ᠶᠢ ᠨᠡᠭᠡᠭᠡᠨ ᠠᠰᠢᠭᠯᠠᠬᠤ ᠪᠠᠷ ᠭᠤᠤᠯ ᠪᠣᠯᠭᠠᠭᠰᠠᠨ ᠮᠦᠸᠧ ᠨᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠡᠭᠦᠰᠬᠡᠨ ᠪᠠᠶᠢᠭᠤᠯᠪᠠ᠂ ᠡᠭᠦᠨ ᠠᠴᠠ ᠰᠢᠭᠤᠶᠢᠲᠤ ᠲᠣᠭᠤᠷᠢᠭ ᠬᠠᠮᠤᠭ ᠡᠷᠲᠡ ᠨᠡᠭᠦᠷᠡᠰᠦ ᠶᠢ ᠬᠡᠪᠴᠢᠶᠡᠵᠢᠭᠦᠯᠦᠨ ᠨᠡᠭᠡᠭᠡᠨ ᠮᠠᠯᠲᠠᠬᠤ ᠭᠠᠵᠠᠷ ᠣᠷᠣᠨ ᠪᠣᠯᠵᠤ᠂ ᠪᠣᠭᠤᠲᠤ ᠣᠷᠣᠨ ᠴᠢᠨᠠᠭᠰᠢᠯᠠᠪᠠᠯ ᠦᠪᠦᠷ ᠮᠣᠩᠭᠤᠯ ᠤᠨ ᠠᠵᠤ ᠦᠢᠯᠡᠰ ᠤᠨ ᠠᠵᠢᠯᠴᠢᠨ ᠤ ᠬᠠᠮᠤᠭ ᠤᠨ ᠡᠷᠲᠡ ᠲᠦᠪᠯᠡᠷᠡᠭᠰᠡᠨ ᠭᠠᠵᠠᠷ ᠣᠷᠣᠨ ᠪᠣᠯᠤᠭᠰᠠᠨ ᠪᠠᠶᠢᠨ᠎ᠠ᠃        1925 ᠣᠨ ᠪᠣᠯᠬᠤ ᠳᠤ ᠰᠢᠭᠤᠶᠢᠲᠤ ᠲᠣᠭᠤᠷᠢᠭ ᠤᠨ ᠮᠦᠸᠧ ᠨᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠹᠦ᠋ ᠰᠦᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠠᠷ ᠲᠥᠯᠥᠭᠡᠯᠡᠭᠦᠯᠦᠭᠰᠡᠨ ᠠᠷᠪᠠᠨ ᠬᠡᠳᠦᠨ ᠶᠡᠭᠡ ᠪᠠᠭ᠎ᠠ ᠠᠳᠠᠯᠢ ᠪᠤᠰᠤ ᠨᠡᠭᠦᠷᠡᠰᠦᠨ ᠠᠭᠤᠷᠬᠠᠶ ᠲᠠᠷᠬᠠᠵᠤ᠂ ᠨᠡᠭᠦᠷᠡᠰᠦ ᠨᠢ ᠪᠦᠬᠦ᠋ᠢᠯᠡ ᠰᠦᠢᠶᠤᠸᠠᠨ ᠣᠷᠣᠨ ᠳᠤ ᠪᠣᠷᠣᠯᠠᠭᠤᠯᠤᠭᠳᠠᠵᠤ᠂ ᠵᠢᠯ ᠤᠨ ᠪᠣᠷᠣᠯᠠᠭᠤᠯᠤᠯᠲᠠ ᠶᠢᠨ ᠬᠡᠪᠴᠢᠶ᠎ᠡ ᠨᠢ 10 ᠲᠦᠮᠡᠨ ᠲᠣᠨ ᠠᠴᠠ ᠳᠡᠭᠡᠭᠰᠢ ᠪᠠᠶᠢᠵᠤ᠂ ᠠᠭᠤᠷᠬᠠᠢ ᠶᠢᠨ ᠠᠵᠢᠯᠴᠢᠳ ᠤᠨ ᠣᠯᠠᠩᠬᠢ ᠨᠢ ᠠᠮᠢ ᠵᠢᠭᠤᠬᠤ ᠱᠠᠨ ᠰᠢ᠂ ᠱᠠᠨᠰᠢ ᠵᠡᠷᠭᠡ ᠭᠠᠵᠠᠷ ᠪᠠ ᠰᠢᠭᠤᠶᠢᠲᠤ ᠲᠣᠭᠤᠷᠢᠭ ᠤᠨ ᠣᠶᠢᠷ᠎ᠠ ᠬᠠᠪᠢ ᠶᠢᠨ ᠶᠠᠳᠠᠭᠤ ᠵᠦᠳᠡᠭᠦᠦ ᠲᠠᠷᠢᠶᠠᠴᠢᠨ ᠪᠠᠶᠢᠵᠤ᠂ ᠪᠠᠷᠤᠭ ᠬᠤᠶᠠᠷ ᠮᠢᠩᠭᠠᠨ ᠬᠥᠮᠥᠨ ᠣᠷᠴᠢᠮ ᠪᠠᠶᠢᠵᠠᠢ᠃ ᠡᠳᠦᠷ ᠪᠣᠯᠭᠠᠨ ᠪᠣᠭᠤᠲᠤ ᠪᠣᠯᠤᠨ ᠭᠦᠢ ᠰᠦᠢ ᠬᠤᠲᠠ ᠶᠢᠨ ᠬᠤᠭᠤᠷᠤᠨᠳᠤ ᠨᠡᠭᠦᠷᠡᠰᠦ ᠵᠥᠭᠡᠭᠡᠬᠦ ᠲᠡᠮᠡᠭᠡᠨ ᠤ ᠠᠩᠭᠢ ᠪᠠ ᠯᠠᠭᠤᠰᠠ᠂ ᠡᠯᠵᠢᠭᠡ᠂ ᠮᠣᠷᠢ᠂ ᠦᠬᠡᠷ ᠢᠶᠠᠷ ᠲᠡᠭᠡᠭᠡᠬᠦ ᠡᠯ ᠪᠢᠩ ᠽᠢ ᠲᠡᠷᠭᠡ ᠡᠳᠦᠷ ᠰᠥᠨᠢ ᠵᠣᠭᠰᠣᠯ ᠦᠭᠡᠢ ᠴᠣᠪᠤᠷᠠᠯᠳᠤᠨ ᠣᠷᠣᠭᠰᠢᠯᠠᠨ᠎ᠠ᠂ ᠭᠠᠭᠴᠠ ᠲᠡᠮᠡᠭᠡ ᠵᠢᠯ ᠲᠤᠷᠰᠢ ᠭᠤᠷᠪᠠᠨ ᠵᠠᠭᠤ ᠠᠴᠠ ᠳᠡᠭᠡᠭᠰᠢ ᠪᠠᠶᠢᠵᠤ᠂ ᠬᠠᠮᠤᠭ ᠣᠯᠠᠨ ᠳᠠᠭᠠᠨ ᠭᠤᠷᠪᠠᠨ ᠮᠢᠩᠭ᠎ᠠ ᠭᠠᠷᠤᠶ ᠲᠣᠯᠤᠭᠠᠢ ᠳᠤ ᠬᠦᠷᠳᠡᠭ᠃        ᠲᠤᠬᠠᠢ ᠶᠢᠨ ᠦᠶ᠎ᠡ ᠳᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠷᠭ᠎ᠠ ᠨᠢ ᠪᠠᠯᠠᠷ ᠡᠷᠳᠡᠨ ᠤ ᠪᠦᠭᠡᠳ ᠬᠤᠴᠤᠷᠤᠩᠭᠤᠢ᠂ ᠦᠨᠳᠦᠰᠦᠨ ᠳᠤ ᠪᠠᠨ ᠪᠦᠷ ᠭᠠᠷ ᠢᠶᠠᠷ ᠮᠠᠯᠲᠠᠲᠠᠭ᠂ ᠭᠡᠷᠡᠯᠳᠦᠭᠦᠯᠭᠡ ᠳᠤ ᠬᠡᠷᠡᠭᠡᠯᠡᠬᠦ ᠨᠢ ᠢᠯᠡ ᠭᠠᠯ ᠶᠤᠮ᠂ ᠠᠭᠤᠷᠬᠠᠢ ᠶᠢᠨ ᠠᠵᠢᠯᠴᠢᠨ ᠶᠠᠭ ᠯᠠ ᠬᠤᠯᠤᠭᠠᠨ᠎ᠠ ᠨᠦᠬᠡ ᠮᠠᠯᠲᠠᠬᠤ ᠰᠢᠭ᠋ ᠨᠡᠭᠦᠷᠡᠰᠦᠨ ᠳᠠᠪᠬᠤᠷᠭ᠎ᠠ ᠶᠢ ᠳᠠᠭᠠᠵᠤ ᠬᠦᠴᠢᠷ ᠪᠡᠷᠬᠡᠲᠡᠢ ᠪᠠᠷ ᠮᠥᠯᠬᠦᠨ ᠮᠠᠯᠲᠠᠵᠤ᠂ ᠤᠬᠤᠬᠤ ᠪᠠᠷ ᠮᠠᠯᠲᠠᠬᠤ ᠶᠢ ᠣᠷᠤᠯᠠᠭᠤᠯᠵᠤ᠂ ᠨᠦᠬᠡᠨ ᠭᠤᠳᠤᠮᠵᠢ ᠪᠣᠯ ᠠᠵᠢᠯᠴᠢᠳ ᠨᠡᠭᠡᠭᠡᠨ ᠮᠠᠯᠲᠠᠬᠤ ᠶᠢᠨ ᠳᠠᠭᠠᠤ ᠴᠢᠯᠠᠭᠤ ᠪᠠᠷ ᠪᠠᠷᠢᠭᠰᠠᠨ ᠨᠦᠬᠡᠨ ᠵᠠᠮ ᠪᠠᠶᠢᠵᠤ ᠂ ᠲᠤᠯᠭᠠᠭᠤᠷ ᠪᠣᠳᠠᠰ ᠭᠡᠵᠦ ᠪᠠᠶᠢᠬᠤ ᠦᠭᠡᠢ᠃ ᠬᠠᠷᠠᠩᠭᠤᠢ ᠢᠪᠴᠤᠤ ᠭᠤᠳᠤᠮᠵᠢ ᠶᠢᠨ ᠵᠠᠮ ᠳᠤ᠂ ᠠᠵᠢᠯᠴᠢᠳ ᠪᠠᠷᠤᠭ ᠬᠤᠪᠴᠠᠰᠤ ᠡᠮᠦᠰᠬᠦ ᠦᠭᠡᠢ᠂ ᠬᠤᠨᠢᠨ ᠨᠤᠤᠰᠦ ᠪᠠᠷ ᠬᠢᠭᠰᠡᠨ ᠨᠤᠤᠰᠤᠨ ᠮᠠᠯᠠᠭᠠᠢ ᠵᠡᠭᠦᠵᠦ᠂ ᠲᠤᠯᠤᠭᠠᠢ ᠶᠢᠨ ᠤᠷᠤᠢ ᠳᠤ ᠨᠢ ᠨᠢᠭᠡᠨ ᠤᠯᠤᠰᠤᠨ ᠲᠣᠰᠣᠨ ᠳ᠋ᠧᠩ ᠵᠡᠭᠦᠵᠦ᠂ ᠬᠠᠵᠠᠭᠤ ᠲᠠᠯ᠎ᠠ ᠪᠠᠷ ᠢᠶᠠᠨ ᠬᠡᠪᠲᠡᠵᠦ᠂ ᠵᠢᠵᠢᠭ ᠲᠡᠮᠦᠷ ᠭᠤᠣᠳᠣᠣ ᠪᠠᠷ ᠨᠡᠭᠦᠷᠡᠰᠦᠨ ᠲᠠᠪᠬᠤᠷᠭ᠎ᠠ ᠶᠢᠨ ᠢᠷᠤᠭᠠᠷ ᠤᠨ ᠬᠠᠪᠳᠠᠰᠤ ᠶᠢ ᠨᠠᠭᠠᠵᠦ ᠨᠡᠭᠦᠷᠡᠰᠦ ᠮᠠᠯᠲᠠᠨ᠎ᠠ᠂ ᠮᠠᠯᠲᠠᠵᠤ ᠬᠤᠭᠤᠰᠤᠷᠠᠭᠰᠠᠨ ᠤ ᠳᠠᠷᠠᠭ᠎ᠠ ᠬᠦᠮᠦᠨ ᠤ ᠪᠡᠶ᠎ᠡ ᠨᠢ ᠲᠣᠳᠤᠭᠰᠢ ᠣᠷᠣᠵᠤ᠂ ᠮᠠᠯᠲᠠᠬᠤ ᠶᠢᠨ ᠳᠠᠭᠠᠤ ᠮᠣᠳᠣᠨ ᠪᠠᠭᠠᠨ᠎ᠠ ᠪᠠᠷ ᠳᠤᠯᠭᠠᠭᠤᠷᠢᠯᠠᠭᠤᠯᠳᠠᠭ᠂ ᠡᠭᠦᠨ ᠢ ︽ᠦᠨᠳᠦᠰᠦ ᠶᠢ ᠨᠢ ᠤᠬᠤᠵᠤ︾᠂ ︽ᠦᠨᠳᠦᠰᠦ ᠶᠢ ᠨᠢ ᠤᠬᠤᠬᠤ︾ ᠶᠠᠪᠤᠴᠠ ᠳᠤ᠂ ᠠᠵᠢᠯᠴᠢᠳ ᠤᠨ ᠬᠦᠮᠦᠰᠭᠡ ᠶᠡᠷᠦ ᠨᠢ ᠰᠢᠲᠠᠭᠠᠭᠳᠠᠳᠠᠭ᠃ ᠥᠨᠳᠥᠷ ᠨᠢ ᠨᠠᠢᠮᠠ᠂ ᠶᠢᠰᠦᠨ ᠢᠮᠠᠬᠤ ᠠᠴᠠ ᠨᠢᠭᠡ ᠲᠣᠬᠤᠢ ᠬᠦᠷᠲᠡᠯ᠎ᠡ᠂ ᠭᠦᠨ ᠨᠢ ᠭᠤᠷᠪᠠ᠂ ᠳᠥᠷᠪᠡᠨ ᠲᠣᠬᠤᠢ ᠬᠦᠷᠲᠡᠯ᠎ᠡ ᠮᠠᠯᠲᠠᠪᠠᠯ᠂ ᠬᠤᠶᠠᠷ ᠬᠠᠵᠠᠭᠤ ᠪᠠᠷ ᠨᠢ ᠮᠠᠯᠲᠠᠵᠤ᠂ ᠳᠠᠷᠠᠭ᠎ᠠ ᠪᠠᠷ ᠨᠢ ᠲᠤᠯᠭᠠᠭᠰᠠᠨ ᠮᠣᠳᠣᠨ ᠪᠠᠭᠠᠨ᠎ᠠ ᠨᠤᠭᠤᠳ ᠢ ᠠᠪᠴᠤ ᠬᠠᠶᠠᠵᠤ᠂ ᠨᠡᠭᠦᠷᠡᠰᠦ ᠨᠢ ᠤᠨᠠᠭᠠᠨ᠎ᠠ᠂ ᠳᠠᠬᠢᠨ ᠲᠣᠮᠣ ᠠᠯᠤᠬ᠎ᠠ ᠪᠠᠷ ᠢᠶᠠᠨ ᠤᠨᠠᠭᠰᠠᠨ ᠪᠦᠳᠦᠭᠦᠨ ᠬᠡᠰᠡᠭ ᠨᠡᠭᠦᠷᠡᠰᠦ ᠶᠢ ᠵᠠᠭᠤ ᠭᠠᠷᠤᠢ ᠵᠢᠩ ᠪᠣᠯᠭᠠᠨ ᠬᠡᠰᠡᠭᠯᠡᠨ᠎ᠡ᠂ ᠡᠭᠦᠨ ᠢ ︽ᠮᠣᠷᠢᠨ ᠲᠣᠯᠣᠭᠠᠢ ᠶᠢᠨ ᠨᠡᠭᠦᠷᠡᠰᠦ︾ ᠭᠡᠨ᠎ᠡ᠂ ᠨᠦᠬᠡᠨ ᠠᠵᠢᠯᠴᠢᠳ ᠶᠡᠭᠡ ᠨᠡᠭᠦᠷᠡᠰᠦ ᠶᠢ ᠭᠠᠵᠠᠷ ᠤᠨ ᠭᠠᠳᠠᠷᠭᠤ ᠳᠤ ᠡᠭᠦᠷᠴᠦ ᠭᠠᠷᠭᠠᠪᠠᠯ ᠰᠠᠶ᠋ᠢ ᠨᠦᠬᠡᠨ ᠭᠡᠷ ᠤᠨ ᠡᠵᠡᠨ ᠠᠴᠠ ᠴᠠᠯᠢᠩ ᠣᠯᠵᠤ ᠴᠢᠳᠠᠨ᠎ᠠ᠃ ᠨᠡᠭᠦᠷᠡᠰᠦ ᠡᠭᠦᠷᠬᠦ ᠠᠵᠢᠯᠴᠢᠳ ᠪᠦᠷ ᠨᠢᠭᠡᠨ ᠨᠢᠷᠤᠭᠤᠨ ᠳᠡᠪᠢᠰᠭᠡᠷ ᠲᠠᠢ᠂ ᠬᠠᠭᠠᠰ ᠲᠣᠬᠤᠶ ᠢᠯᠡᠭᠦᠦ ᠥᠷᠭᠡᠨ᠂ ᠬᠤᠶᠠᠷ ᠲᠣᠬᠤᠶ ᠤᠷᠲᠤ᠂ ᠳᠡᠭᠡᠷ᠎ᠡ ᠨᠢ ᠨᠢᠮᠭᠡᠬᠡᠨ ᠳᠣᠣᠷ᠎ᠠ ᠨᠢ ᠵᠤᠵᠠᠭᠠᠨ᠂ ᠨᠡᠭᠦᠷᠡᠰᠦ ᠡᠬᠦᠷᠬᠦ ᠳᠡᠭᠡᠨ ᠳᠦᠷᠪᠡᠨ ᠳᠡᠭᠡᠰᠦ ᠪᠠᠷ ᠨᠢᠷᠤᠭᠤᠨ ᠳᠡᠭᠡᠷ᠎ᠡ ᠪᠠᠨ ᠤᠶᠠᠳᠠᠭ᠃ ᠨᠢᠷᠤᠭᠤ ᠳᠡᠭᠡᠷ᠎ᠡ ᠪᠠᠨ ᠨᠡᠭᠦᠷᠡᠰᠦ ᠪᠠᠨ ᠡᠭᠦᠷᠦᠭᠰᠡᠨ ᠤ ᠰᠡᠭᠦᠯᠡᠷ ᠠᠭᠤᠵᠢᠮ ᠭᠠᠵᠠᠷ ᠲᠤ ᠤᠷᠲᠤ ᠲᠠᠬᠢᠭᠤᠷ ᠢᠶᠠᠷ ᠲᠣᠯᠭᠠᠭᠤᠷᠯᠠᠨ ᠵᠣᠭᠰᠤᠵᠤ ᠂ ᠨᠠᠷᠢᠬᠠᠨ ᠢᠪᠴᠣᠤ ᠭᠠᠵᠠᠷ ᠬᠤᠶᠠᠷ ᠭᠠᠷ ᠢᠶᠠᠷ ᠲᠣᠯᠭᠠᠭᠤᠷᠯᠠᠨ᠂ ᠬᠤᠶᠠᠷ ᠮᠦᠴᠢ ᠪᠠᠷ ᠢᠶᠠᠨ ᠮᠦᠯᠬᠦᠵᠦ ᠭᠠᠷᠳᠠᠭ᠃ ᠨᠡᠭᠦᠷᠡᠰᠦ ᠮᠠᠯᠲᠠᠬᠤ ᠠᠵᠢᠯᠴᠢᠨ ᠡᠳᠦᠷ ᠪᠦᠷᠢ ᠠᠷᠪᠠᠨ ᠬᠤᠶᠠᠷ ᠴᠠᠭ ᠠᠴᠠ ᠳᠡᠭᠡᠭᠰᠢ ᠠᠵᠢᠯᠯᠠᠳᠠᠭ᠂ ᠤᠳᠠᠭ᠎ᠠ ᠪᠦᠷᠢ ᠨᠤᠭᠤᠯᠤᠭ᠎ᠠ ᠨᠡᠭᠦᠷᠡᠰᠦ 70 — 100 ᠵᠢᠩ ᠡᠭᠦᠷᠴᠦ᠂ ᠬᠥᠮᠦᠨ ᠪᠦᠷᠢ ᠡᠳᠦᠷ ᠪᠦᠷᠢ 20 ᠤᠳᠠᠭ᠎ᠠ ᠨᠡᠭᠦᠷᠡᠰᠦ ᠡᠭᠦᠷᠬᠦ ᠬᠡᠷᠡᠭᠲᠡᠶ᠂ ᠤᠳᠠᠭ᠎ᠠ ᠶᠢᠨ ᠲᠤᠭ᠎ᠠ ᠨᠢ ᠭᠦᠢᠴᠡᠬᠦ ᠦᠭᠡᠢ ᠪᠣᠯ ᠴᠠᠯᠢᠩ ᠥᠭᠬᠦ ᠦᠭᠡᠶ᠃ ᠡᠭᠦᠨ ᠠᠴᠠ ᠭᠠᠳᠠᠨ᠎ᠠ᠂ ᠶᠠᠮᠠᠷᠪᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠶᠢᠬᠤ ᠦᠭᠡᠢ ᠤᠴᠢᠷ ᠠᠴᠠ ᠨᠡᠭᠦᠷᠡᠰᠦᠨ ᠠᠭᠤᠷᠬᠠᠢ ᠶᠢᠨ ᠠᠳᠡᠯ ᠪᠠᠶᠢᠨ ᠳᠠᠬᠢᠨ ᠭᠠᠷᠤᠨ᠎ᠠ᠂ ᠵᠢᠯ ᠪᠦᠷᠢ ᠬᠡᠳᠦᠨ ᠠᠷᠪᠠᠨ ᠨᠡᠷᠡᠰ ᠴᠢᠨᠠᠭᠰᠢᠯᠠᠪᠠᠯ ᠬᠡᠳᠦᠨ ᠵᠠᠭᠤᠨ ᠨᠡᠷᠡᠰ ᠠᠭᠤᠷᠬᠠᠢ ᠶᠢᠨ ᠠᠵᠢᠯᠴᠢᠨ ᠠᠳᠡᠵᠦ ᠰᠢᠷᠬᠠᠳᠤᠨ᠎ᠠ᠂ ᠠᠭᠤᠷᠬᠠᠢ ᠶᠢᠨ ᠡᠵᠡᠨ ᠪᠠ ᠲᠡᠭᠦᠨ ᠤ ᠣᠷᠤᠯᠠᠭᠴᠢ ᠶᠢᠨ ᠬᠠᠩᠭᠠᠭᠰᠠᠨ ᠬᠤᠭᠤᠯᠠ ᠪᠠ ᠬᠤᠨᠣᠵᠤ ᠬᠡᠪᠲᠡᠬᠦ ᠨᠥᠬᠦᠴᠡᠯ ᠨᠢ ᠣᠨᠴᠠᠭᠠᠶ ᠪᠦᠳᠦᠭᠦᠯᠢᠭ᠂ ᠨᠡᠭᠦᠷᠡᠰᠦᠨ ᠠᠭᠤᠷᠬᠠᠢ ᠶᠢᠨ ᠠᠵᠢᠯᠴᠢᠨ ᠦᠷᠭᠦᠯᠵᠢ ᠸᠠᠯᠠᠵᠤ ᠢᠯᠵᠢᠷᠡᠭᠰᠡᠨ ᠬᠤᠭᠤᠯᠠ ᠵᠠᠭᠤᠰᠢ ᠢᠳᠡᠳᠡᠭ᠂ ᠡᠭᠦᠨ ᠤ ᠳᠡᠭᠡᠷ᠎ᠡ ᠵᠣᠭᠤᠰ ᠮᠦᠩᠭᠦ ᠶᠢ ᠨᠢ ᠳᠤᠷ᠎ᠠ ᠪᠠᠷ ᠬᠠᠰᠤᠬᠤ᠂ ᠴᠢᠨᠠᠭᠰᠢᠯᠠᠪᠠᠯ ᠬᠤᠪᠢ ᠶᠢᠨ ᠡᠷᠡᠭᠦᠦ ᠶᠢ ᠳᠤᠷ᠎ᠠ ᠪᠠᠷ ᠢᠶᠠᠨ ᠬᠡᠷᠡᠭᠯᠡᠵᠦ᠂ ᠲᠠᠰᠢᠭᠤᠷᠳᠠᠬᠤ ᠰᠢᠪᠦᠭᠡ ᠪᠠᠷ ᠬᠠᠳᠬᠤᠬᠤ ᠵᠡᠷᠭᠡ ᠨᠢ ᠠᠭᠤᠷᠬᠠᠢ ᠶᠢᠨ ᠠᠵᠢᠯᠴᠢᠳ ᠢ ᠵᠡᠮᠳᠡᠭ ᠪᠣᠯᠭᠠᠳᠠᠭ᠂ ᠪᠠᠰᠠ ᠠᠭᠤᠷᠬᠠᠢ ᠶᠢᠨ ᠲᠣᠭᠤᠷᠢᠭ ᠲᠤ ᠵᠣᠭᠤᠰ ᠮᠦᠷᠦᠶᠢᠴᠡᠬᠦ ᠭᠠᠵᠠᠷ ᠭᠠᠷᠭᠠᠵᠤ ᠠᠵᠢᠯᠴᠢᠳ ᠤᠨ ᠬᠦᠳᠡᠯᠮᠦᠷᠢ ᠶᠢᠨ ᠵᠣᠭᠤᠰ ᠢ ᠨᠢ ᠬᠢᠬᠠᠵᠤ ᠠᠪᠴᠤ᠂ ᠵᠠᠷᠢᠮ ᠠᠭᠤᠷᠬᠠᠢ ᠶᠢᠨ ᠠᠵᠢᠯᠴᠢᠳ ᠢ ᠬᠠᠷ᠎ᠠ ᠲᠠᠮᠠᠬᠢ ᠶᠢᠨ ᠰᠢᠨᠤᠯ ᠲᠠᠢ ᠪᠣᠯᠭᠠᠬᠤ ᠶᠢ ᠦᠳᠦᠭᠡᠭᠰᠡᠨ ᠠᠴᠠ ᠪᠣᠯᠵᠤ ᠠᠵᠢᠯᠴᠢᠳ ᠶᠡᠷᠦ ᠨᠢ ᠢᠳᠡᠵᠦ ᠤᠤᠭᠤᠬᠤ ᠳᠤ ᠪᠠᠨ ᠵᠥᠪ ᠦᠭᠡᠢ ᠪᠣᠯᠵᠤ᠂ ᠭᠡᠷ ᠪᠦᠯᠢ ᠪᠠᠨ ᠲᠡᠵᠢᠭᠡᠬᠦ ᠶᠠᠪᠤᠳᠠᠯ ᠢ ᠨᠡᠩ ᠴᠦ ᠶᠡᠷᠢᠬᠤ ᠶᠢᠨ ᠠᠷᠭ᠎ᠠ ᠦᠭᠡᠢ ᠪᠣᠯᠵᠠᠢ᠂ ᠦᠭᠦᠭᠰᠡᠳ ᠤᠨ ᠭᠡᠷ ᠤᠨ ᠬᠦᠮᠦᠰ ᠦᠭᠡᠢ ᠶᠢ ᠨᠢ ᠣᠯᠠᠩᠬᠢ ᠳᠠᠭᠠᠨ ᠰᠢᠭᠤᠳ ᠠᠭᠤᠯᠠᠨ ᠭᠤᠤ ᠪᠠ ᠠᠭᠤᠯᠠᠨ ᠠᠭᠤᠢ ᠪᠠᠷ ᠬᠠᠶᠠᠨ᠎ᠠ᠃ ︽ᠨᠢᠷᠤᠭᠤᠨ ᠳᠡᠭᠡᠷ᠎ᠡ ᠪᠠᠨ ᠨᠡᠭᠦᠷᠡᠰᠦ ᠡᠭᠦᠷᠴᠦ ᠳᠥᠷᠪᠡᠨ ᠬᠥᠯ ᠢᠶᠠᠷ ᠢᠶᠠᠨ ᠶᠠᠪᠤᠨ᠎ᠠ᠂ ᠡᠳᠦᠷᠵᠢᠨ ᠤᠯᠠᠭᠠᠨ ᠨᠠᠷᠠ ᠬᠠᠷᠠᠭᠳᠠᠬᠤ ᠦᠭᠡᠢ᠃ ᠳᠥᠷᠪᠡᠨ ᠴᠢᠯᠠᠭᠤ ᠮᠢᠬ᠎ᠠ ᠬᠠᠪᠴᠢᠭᠤᠯᠤᠭᠠᠳ᠂ ᠠᠮᠢ ᠨᠠᠰᠤ ᠶᠠᠨ ᠸᠠᠩ ᠤᠨ ᠭᠠᠷ ᠲᠤ ᠠᠳᠬᠤᠭᠳᠠᠨ᠎ᠠ︾᠂ ︽ᠵᠠᠯᠠᠭᠤ ᠨᠠᠰᠤᠨ ᠲᠠᠭᠠᠨ ᠠᠭᠤᠷᠬᠠᠢ ᠠᠵᠢᠯ ᠳᠤ ᠣᠷᠤᠵᠤ᠂ ᠦᠳᠡᠯᠦᠪᠡᠯ ᠬᠤᠯᠤᠰᠤᠨ ᠤ ᠬᠤᠩᠬ᠎ᠠ ᠡᠭᠦᠷᠴᠦ᠂ ᠡᠪᠡᠳᠴᠢᠯᠡᠪᠡᠯ ᠴᠢᠮ᠎ᠠ ᠶᠢ ᠬᠥᠭᠡᠭᠡᠵᠦ᠂ ᠦᠬᠦᠭᠰᠡᠨ ᠴᠦ ᠨᠣᠬᠠᠢ ᠶᠢ ᠬᠦᠷᠬᠦ ᠦᠭᠡᠢ︾ ᠲᠤᠬᠠᠢ ᠶᠢᠨ ᠦᠶ᠎ᠡ ᠳᠤ ᠤᠯᠠᠮᠵᠢᠯᠠᠭᠳᠠᠭᠰᠠᠨ ᠠᠷᠠᠳ ᠤᠨ ᠴᠤᠤᠷᠬᠠᠯ ᠨᠢ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠭᠤᠨᠢᠭᠲᠤ ᠪᠠᠶᠢᠳᠠᠯ ᠪᠣᠯᠣᠨ ᠦᠨᠡᠨ ᠠᠮᠢᠳᠤᠷᠠᠯ ᠢ ᠠᠮᠢᠳᠤᠯᠢᠭ ᠢᠶᠠᠷ ᠲᠤᠰᠬᠠᠵᠤ ᠪᠠᠶᠢᠭᠰᠠᠨ ᠶᠤᠮ᠃ ① ︽ᠰᠢᠭᠤᠶᠢᠳᠤ ᠰᠤᠶᠤᠯ ᠳᠡᠥᠬᠡ ᠶᠢᠨ ᠨᠢᠬᠡᠳᠤᠬᠡᠷ ᠡᠮᠬᠢᠳᠬᠡᠯ︾᠂ ︽ᠮᠦᠸᠧ ᠨᠠᠨ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠡᠬᠢᠯᠠᠯᠳᠠ ᠲᠡᠭᠦᠰᠬᠡᠯ︾᠂ ︽ᠮᠤᠷᠢᠨ ᠲᠣᠯᠤᠭᠠᠶᠢᠲᠤ ᠨᠡᠬᠦᠷᠡᠰᠦ︾ ︵ᠵᠤᠬᠢᠶᠠᠭᠴᠢ ᠳ᠋ᠠᠢ ᠪᠤᠤ ᠰᠢ᠂ ᠯᠢ ᠴᠦᠨ ᠹᠧᠩ︶︔ ︽ᠰᠢᠭᠤᠶᠢᠳᠤ ᠰᠤᠶᠤᠯ ᠳᠡᠥᠬᠡ ᠶᠢᠨ ᠨᠢᠬᠡᠳᠦᠬᠡᠷ ᠡᠮᠬᠢᠳᠬᠡᠯ︾᠂ ︽ᠠᠭᠤᠷᠬᠠᠢ ᠶᠢᠨ ᠨᠦᠬᠡᠨ ᠬᠦᠮᠦᠨ︾ ︵ᠵᠤᠬᠢᠶᠠᠭᠴᠢ ᠵᠠᠩ ᠮᠢᠩ ᠯᠢᠶᠠᠩ︶ ᠠᠴᠠ ᠯᠠᠪᠯᠠᠯᠲᠠ ᠪᠣᠯᠭᠠᠪᠠ᠃        ᠬᠠᠮᠢᠭ᠎ᠠ ᠲᠠᠷᠣᠯᠲᠠ ᠪᠠᠶᠢᠪᠠᠯ᠂ ᠬᠠᠮᠢᠭ᠎ᠠ ᠨᠢ ᠡᠰᠠᠷᠭᠦᠴᠠᠯ ᠲᠠᠢ ᠶᠤᠮ᠂ ᠣᠷᠣᠰᠢᠨ ᠳᠣᠬᠲᠠᠨᠢᠬᠤ ᠶᠢᠨ ᠳᠦᠯᠣᠭᠡ ᠲᠡᠰᠪᠦᠷᠢᠯᠡᠬᠦᠶ᠎ᠡ ᠪᠡᠷᠬᠡ ᠰᠢᠭᠤᠶᠢᠲᠦ ᠨᠠᠭᠦᠷᠠᠰᠣᠠ ᠠᠭᠤᠷᠬᠠᠢ ᠶᠢᠨ ᠠᠵᠢᠯᠴᠢᠣᠠ ᠴᠤ ᠣᠯᠠᠨ ᠣᠲᠠᠭ᠎ᠠ ᠡᠰᠠᠷᠭᠦᠴᠠᠯ ᠶᠠᠪᠤᠭᠤᠯᠵᠤ ᠣᠢᠩᠭᠡᠷᠠᠵᠠᠢ᠂ ᠬᠡᠪᠡᠴᠤ ᠴᠦᠮ ᠵᠣᠭᠢᠶᠠᠨ ᠪᠠᠶᠢᠭᠤᠯᠣᠯᠲᠠ ᠪᠠ ᠣᠲᠣᠷᠢᠲᠣᠯᠭ᠎ᠠ ᠣᠢᠭᠡᠢ᠂ ᠲᠦᠪᠯᠡᠷᠡᠯ ᠤᠨ ᠬᠦᠴᠦᠨ ᠪᠤᠯᠵᠤ ᠪᠦᠷᠢᠯᠳᠦᠵᠦ ᠴᠢᠳᠠᠭᠰᠠᠨ ᠦᠭᠡᠢ ᠪᠦᠭᠡᠳ ᠠᠭᠤᠷᠬᠠᠢ ᠶᠢᠨ ᠡᠵᠡᠨ ᠵᠢᠴᠢ ᠲᠠᠭᠦᠠ ᠤ ᠣᠷᠣᠯᠠᠭᠴᠢᠳ ᠤᠨ ᠡᠪᠳᠡᠯᠭᠡ ᠪᠠ ᠬᠠᠷᠰᠢᠯᠠᠯ ᠠᠴᠠ ᠠᠮᠢᠲᠣᠷᠠᠯ ᠤᠨ ᠲᠠᠷᠣᠯᠲᠠ ᠲᠠᠢ ᠨᠠᠭᠦᠷᠠᠰᠣᠠ ᠠᠭᠤᠷᠬᠠᠢ ᠶᠢᠨ ᠠᠵᠢᠯᠴᠢᠣᠠ ᠤᠨ ᠡᠰᠡᠷᠭᠦᠴᠡᠯ ᠴᠦᠮ ᠢᠯᠡᠭ᠌ᠳᠠᠵᠠᠢ᠃ ᠨᠤᠭᠤᠷᠠᠰᠢ ᠦᠭᠡᠢ ᠰᠢᠭᠤᠶᠢᠲᠦ ᠨᠡᠭᠦᠷᠡᠰᠦᠨ ᠠᠭᠤᠷᠬᠠᠢ ᠶᠢᠨ ᠠᠵᠢᠯᠴᠢᠨ ᠬᠦᠨᠳᠦ ᠳᠠᠪᠬᠤᠷ ᠳᠠᠷᠤᠯᠠᠯ ᠤᠨ ᠳᠣᠣᠷ᠎ᠠ᠂ ᠳᠤᠪ ᠳᠤᠭᠤᠢ ᠳᠤᠮᠳᠠ ᠲᠦᠪᠯᠡᠷᠡᠯ ᠤᠨ ᠬᠦᠴᠦᠨ ᠢᠶᠠᠨ ᠬᠤᠷᠠᠮᠳᠤᠭᠤᠯᠵᠤ᠂ ᠰᠢᠭᠤᠶᠢᠲᠦ ᠨᠡᠭᠦᠷᠡᠰᠦᠨ ᠠᠭᠤᠷᠬᠠᠢ ᠨᠢ ᠨᠢᠭᠡᠨ ᠭᠦᠨ ᠨᠤᠶᠢᠷᠰᠤᠭᠰᠠᠨ ︽ᠭᠠᠯᠲᠤ ᠠᠭᠤᠯᠠ︾ ᠪᠤᠯᠵᠤ᠂ ᠬᠤᠶᠢᠰᠢᠬᠢ ᠰᠦᠷ ᠳᠠᠯᠠᠶᠢᠴᠠᠳᠠᠢ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠶᠡᠭᠡ ᠠᠵᠢᠯ ᠬᠠᠶᠠᠯᠲᠠ ᠳᠤ ᠰᠦᠪᠡᠭᠴᠢ ᠪᠣᠯᠪᠠ᠃
图片2.png
        ᠬᠤᠪᠢᠰᠬᠠᠯ ᠤᠨ ᠭᠠᠯ ᠢ ᠤᠯᠠᠮᠵᠢᠯᠠᠬᠤ        1925 ᠣᠨ ᠤ 3 ᠳ᠋ᠤᠭᠠᠷ ᠰᠠᠷ᠎ᠠ ᠳᠤ ᠯᠢ ᠳ᠋ᠡ ᠵᠤᠤ ᠪᠠᠷ ᠱᠦᠵᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠭᠡᠵᠢᠩ ᠲᠣᠭᠤᠷᠢᠭ ᠤᠨ ᠬᠤᠷᠢᠶ᠎ᠠ ᠪᠦᠭᠡᠳ ᠪᠡᠭᠡᠵᠢᠩ ᠤᠨ ᠣᠷᠣᠨ ᠨᠤᠲᠤᠭ ᠤᠨ ᠨᠠᠮ ᠤᠨ ᠬᠤᠷᠢᠶ᠎ᠠ ᠨᠢ ᠭᠤᠮᠢᠨᠳᠠᠩ ᠢ ᠬᠠᠪᠰᠤᠷᠤᠨ ᠪᠡᠭᠡᠵᠢᠩ ᠣᠷᠣᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢᠨ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠿᠧᠾᠧ᠂ ᠴᠠᠬᠠᠷ᠂ ᠰᠦᠢᠶᠤᠸᠠᠨ ᠪᠣᠯᠤᠨ ᠪᠤᠭᠤᠲᠤ ᠵᠡᠷᠭᠡ 4 ᠠᠵᠢᠯ ᠤᠨ ᠵᠥᠪᠯᠡᠯ ᠪᠠᠶᠢᠭᠤᠯᠬᠤ ᠪᠠᠷ ᠲᠣᠭᠲᠠᠪᠠ᠂ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠥᠪᠥᠷ ᠮᠣᠩᠭᠤᠯ ᠤᠨ ᠭᠠᠵᠠᠷ ᠣᠷᠣᠨ ᠤ ᠠᠵᠢᠯ ᠢ ᠬᠢᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠥᠪᠥᠷ ᠮᠣᠩᠭᠤᠯ ᠤᠨ ᠬᠤᠪᠢᠰᠬᠠᠯ ᠢ ᠤᠳᠤᠷᠢᠳᠤᠭᠰᠠᠨ ᠢ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶᠠᠨ ᠤ ᠡᠭᠦᠷᠭᠡ ᠬᠠᠷᠢᠭᠤᠴᠠᠯᠭ᠎ᠠ ᠪᠣᠯ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠤᠪᠢᠰᠬᠠᠯ ᠤᠨ ᠠᠵᠢᠯ ᠢ ᠥᠷᠨᠢᠭᠦᠯᠬᠦ ᠶᠠᠪᠤᠳᠠᠯ ᠪᠣᠯᠤᠨ᠎ᠠ᠂ ᠥᠩᠭᠡᠷᠡᠭᠰᠡᠨ ᠳᠤ ᠯᠢ ᠳ᠋ᠠ ᠵᠤᠤ᠂ ᠳ᠋ᠧᠩ ᠵᠦᠩ ᠰᠢᠶᠠ ᠵᠡᠷᠭᠡ ᠬᠦᠮᠦᠰ ᠤᠨ ᠰᠤᠷᠭᠠᠯ ᠢ ᠬᠦᠯᠢᠶᠡᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠦᠳᠡᠯᠭᠡᠭᠡᠨ᠂ ᠬᠤᠪᠢᠰᠬᠠᠯ ᠤᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠪᠠ ᠤᠳᠤᠷᠢᠳᠤᠭᠴᠢ ᠯᠢ ᠢᠦᠢ ᡁᠢ ︵ᠮᠣᠩᠭᠤᠯ ᠨᠡᠷ᠎ᠡ  ᠨᠢ ᠪᠠᠭᠠᠲᠤᠷ︶ ᠠᠵᠢᠯ ᠤᠨ ᠬᠤᠷᠢᠶᠠᠨ ᠤ ᠱᠦᠵᠢ ᠪᠠᠷ ᠲᠣᠮᠢᠯᠠᠭᠳᠠᠪᠠ᠃        ᠯᠢ ᠢᠦᠢ ᡁᠢ ᠪᠠᠷ ᠱᠦᠵᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶᠠᠨ ᠤ ᠭᠡᠰᠢᠭᠦᠳ ᠦᠢᠯᠡᠳᠪᠦᠷᠢ᠂ ᠰᠤᠷᠭᠠᠭᠤᠯᠢ᠂ ᠴᠡᠷᠢᠭ ᠠᠩᠬᠢ᠂ ᠬᠤᠳᠠᠯᠳᠤᠭᠠᠨ ᠤ ᠡᠲᠡᠭᠡᠳ ᠪᠣᠯᠤᠨ ᠲᠡᠭᠦᠷᠭᠡ ᠲᠣᠭᠤᠷᠢᠭ ᠤᠨ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠬᠤᠪᠢᠰᠬᠠᠯ ᠤᠨ ᠠᠵᠢᠯᠯᠠᠭ᠎ᠠ ᠦᠳᠲᠡᠷ ᠲᠦᠷᠭᠡᠨ ᠥᠷᠨᠢᠪᠡ᠃ ᠠᠵᠤ ᠦᠢᠯᠡᠰ ᠤᠨ ᠠᠵᠢᠯᠴᠢᠨ ᠤ ᠭᠤᠣᠯ ᠲᠥᠪᠯᠡᠷᠡᠭᠰᠡᠨ ᠭᠠᠵᠠᠷ ᠪᠣᠯᠤᠭᠰᠠᠨ ᠰᠢᠭᠤᠶᠢᠲᠤ ᠨᠡᠭᠦᠷᠡᠰᠦᠨ ᠠᠭᠤᠷᠬᠠᠢ ᠨᠢ ᠠᠶᠠᠨᠳᠠᠭᠠᠨ ᠯᠢ ᠢᠦᠢ ᡁᠢ ᠶᠢᠨ ᠠᠩᠬᠠᠷᠤᠯ ᠢ ᠲᠠᠲᠠᠵᠤ᠂ ᠠᠩᠬ᠎ᠠ ᠠᠯᠬᠤᠮ ᠣᠢᠯᠠᠭᠠᠭᠰᠠᠨ ᠢᠶᠠᠷ᠂ ᠰᠢᠭᠤᠶᠢᠲᠤ ᠨᠡᠭᠦᠷᠡᠰᠦᠨ ᠠᠭᠤᠷᠬᠠᠢ ᠪᠣᠯ ᠨᠢᠭᠡᠨ ᠭᠦᠨ ᠨᠤᠶᠢᠷᠰᠤᠭᠰᠠᠨ ︽ᠭᠠᠯᠲᠤ ᠠᠭᠤᠯᠠ︾ ᠮᠥᠨ᠂ ᠠᠵᠢᠯᠴᠢᠨ ᠤ ᠬᠥᠳᠡᠯᠭᠡᠭᠡᠨ ᠢ ᠮᠠᠰᠢ ᠲᠦᠷᠭᠡᠨ ᠳᠠᠶᠢᠴᠢᠯᠠᠬᠤ ᠭᠠᠵᠠᠷ ᠮᠥᠨ᠂ ᠡᠭᠦᠨ ᠠᠴᠠ ᠨᠠᠮ ᠤᠨ ᠬᠤᠪᠢᠰᠬᠠᠯ ᠤᠨ ᠨᠥᠯᠥᠭᠡ ᠶᠢ ᠮᠠᠰᠢ ᠶᠡᠭᠡ ᠬᠡᠮᠵᠢᠶ᠎ᠡ ᠪᠠᠷ ᠥᠷᠭᠡᠳᠭᠡᠵᠦ ᠪᠣᠯᠤᠨ᠎ᠠ ᠭᠡᠵᠦ ᠲᠡᠷᠡ ᠦᠵᠡᠪᠡ᠃ ᠤᠳᠠᠯ ᠦᠭᠡᠢ ᠲᠡᠷᠡ ᠰᠢᠭᠤᠶᠢᠲᠤ ᠲᠣᠭᠤᠷᠢᠭ ᠤᠨ ᠬᠤᠪᠢᠰᠬᠠᠯ ᠢ ᠥᠷᠥ ᠡᠪᠡᠳᠬᠦ ᠠᠯᠳᠠᠷᠲᠤ ᠬᠥᠮᠦᠰ ᠹᠠᠨ ᠭᠠᠩ ᠲᠠᠢ ᠨᠢᠭᠤᠴᠠ ᠪᠠᠷ ᠬᠠᠷᠢᠯᠴᠠᠵᠠᠢ᠃ ᠯᠢ ᠢᠤᠢ ᡁᠢ ᠶᠢᠨ ᠨᠥᠯᠥᠭᠡᠯᠡᠯ ᠢᠶᠠᠷ᠂ ᠪᠤᠭᠤᠲᠤ ᠣᠷᠣᠨ ᠤ ᠭᠤᠮᠢᠨᠳᠠᠩ ᠤᠨ ᠵᠥᠪᠯᠡᠯᠭᠡᠨ ᠤ ᠭᠡᠰᠢᠭᠦᠨ ᠹᠠᠨ ᠭᠠᠩ᠂ 1931 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠬᠤᠶᠢᠲᠤ ᠶᠢᠨ ᠣᠨᠴᠠ ᠲᠣᠮᠢᠯᠠᠭᠰᠠᠨ ᠭᠡᠰᠢᠭᠦᠨ ᠸᠠᠩ ᠷᠦᠸᠧ ᠹᠧᠢ ᠶᠢᠨ ᠰᠢᠭᠤᠳ ᠤᠳᠤᠷᠢᠳᠤᠯᠭ᠎ᠠ ᠳᠣᠣᠷ᠎ᠠ ᠨᠠᠮ ᠤᠨ ᠨᠢᠭᠤᠴᠠ ᠬᠤᠯᠪᠣᠭᠠᠴᠢᠨ ᠪᠣᠯᠤᠭᠰᠠᠨ ᠪᠥᠭᠡᠳ ᠤᠯᠠᠭᠠᠨᠬᠦᠦ᠂ ᠶᠠᠩ ᡁᠢ ᠯᠢᠨ ᠲᠠᠢ ᠲᠠᠨᠢᠯᠴᠠᠵᠠᠢ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢᠨ ᠡᠷᠬᠢᠯᠡᠭᠴᠢ ᠫᠧᠩ ᠳ᠋ᠧ ᠳ᠋ᠠ ᠣᠷᠣᠯᠴᠠᠵᠤ ᠥᠩᠭᠡᠷᠡᠪᠡ᠃ ② ︽ᠰᠢᠭᠤᠶᠢᠲᠤ ᠭᠠᠵᠠᠷ ᠤᠨ ᠰᠣᠶᠣᠯ ᠲᠡᠦᠬᠡ ᠶᠢᠨ ᠨᠢᠭᠡᠳᠦᠭᠡᠷ ᠡᠮᠬᠢᠳᠬᠡᠯ︾᠂ ︽ᠹᠠᠨ ᠭᠠᠩ ᠠᠪᠤᠭᠠᠢ ᠶᠢᠨ ᠤᠴᠢᠷᠯᠠᠯ︾ ︵ᠵᠣᠬᠢᠶᠠᠭᠴᠢ ᠯᠢ ᠵᠠᠨ ᠢᠦᠢ  ᠹᠠᠨ ᠭᠠᠩ ᠠᠪᠤᠭᠠᠢ ᠶᠢᠨ ᠠᠬᠠᠮᠠᠳ ᠬᠥᠪᠡᠭᠦᠨ ᠹᠠᠨ ᠳ᠋ᠦᠩ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠲᠣᠭᠠᠴᠢᠯᠲᠠ ᠶᠢ ᠦᠨᠳᠦᠰᠦᠯᠡᠪᠡ︶︔ ᠹᠠᠨ ᠣᠪᠣᠭᠲᠤ ᠶᠢᠨ ᠭᠡᠷ ᠤᠨ ᠴᠠᠳᠢᠭ ᠠᠴᠠ ᠯᠠᠪᠯᠠᠯᠲᠠ ᠪᠣᠯᠭᠠᠪᠠ᠃        1925 ᠣᠨ ᠤ 9 ᠳ᠋ᠦ᠋ᠭᠡᠷ ᠰᠠᠷ᠎ᠠ ᠶᠢᠨ ᠳᠤᠮᠳᠠᠴᠢ ᠶᠢᠨ ᠨᠢᠭᠡᠨ ᠡᠳᠦᠷ᠂ ᠪᠢᠴᠢᠭ ᠵᠢᠭᠠᠬᠤ ᠪᠠᠭᠰᠢ ᠶᠢᠨ ᠪᠠᠶᠢᠳᠠᠯ ᠢᠶᠠᠷ ᠴᠢᠮᠡᠭᠰᠡᠨ ᠯᠢ ᠢᠦᠢ ᡁᠢ ᠭᠠᠭᠴᠠᠭᠠᠷ ᠢᠶᠠᠨ ᠰᠢᠭᠤᠶᠢᠲᠤ ᠳᠤ ᠬᠦᠷᠴᠡᠢ᠃ ᠹᠠᠨ ᠭᠠᠩ ᠢ ᠪᠠᠷᠠᠯᠠᠵᠤ᠂ ᠰᠢᠭᠤᠶᠢᠲᠤ ᠨᠡᠭᠦᠷᠡᠰᠦᠨ ᠠᠭᠤᠷᠬᠠᠶ ᠶᠢ ᠤᠯᠠᠮ ᠨᠢᠭᠡ ᠠᠯᠬᠤᠮ ᠣᠶᠢᠯᠠᠭᠠᠭᠰᠠᠨ ᠤ ᠳᠠᠷᠠᠭ᠎ᠠ᠂ ᠨᠡᠭᠦᠷᠡᠰᠦᠨ ᠠᠭᠤᠷᠬᠠᠶ ᠶᠢᠨ ᠠᠵᠢᠯᠴᠢᠨ ᠤ ᠨᠡᠶᠢᠭᠡᠮ ᠤᠨ ᠪᠠᠶᠢᠴᠠᠭᠠᠯᠲᠠ ᠮᠠᠰᠢ ᠲᠦᠷᠭᠡᠨ ᠦᠷᠨᠢᠪᠡ᠂ ᠹᠠᠨ ᠭᠠᠩ ᠲᠣᠬᠢᠷᠠᠭᠤᠯᠤᠭᠰᠠᠨ ᠪᠣᠯᠬᠤᠷ᠂ ᠲᠡᠭᠦᠨ ᠤ ᠪᠡᠶ᠎ᠡ ᠶᠢᠨ ᠭᠠᠷᠤᠯ ᠨᠢ ᠠᠭᠤᠷᠬᠠᠶ ᠶᠢᠨ ᠡᠵᠡᠨ ᠳᠤ ᠰᠡᠵᠢᠭᠯᠡᠭᠳᠡᠭᠰᠡᠨ ᠦᠭᠡᠢ᠃ ᠠᠭᠤᠷᠬᠠᠢ ᠶᠢᠨ ᠠᠵᠢᠯᠴᠢᠨ ᠤ ᠬᠤᠪᠴᠠᠰᠤ ᠶᠢ ᠰᠤᠯᠢᠵᠤ ᠠᠵᠢᠯᠴᠢᠳ ᠤᠨ ᠰᠡᠵᠢᠭᠯᠡᠯ ᠤᠨ ᠬᠠᠷᠠᠴᠠᠨ ᠳᠤ ᠲᠡᠷᠡ ᠨᠢᠭᠡ ᠭᠠᠷᠠᠭ ᠤᠨ ᠴᠠᠭ ᠬᠡᠷᠡᠭᠯᠡᠵᠦ ᠰᠢᠭᠤᠶᠢᠲᠤ ᠭᠤᠤ ᠶᠢᠨ ᠪᠦᠬᠦ ᠠᠷᠪᠠᠨ ᠬᠡᠳᠦᠨ ᠨᠡᠭᠦᠷᠡᠰᠦᠨ ᠠᠭᠤᠷᠬᠠᠢ ᠪᠠᠷ ᠶᠠᠪᠤᠵᠤ ᠦᠩᠭᠡᠷᠡᠵᠡᠢ᠃ ᠠᠭᠤᠯᠠᠨ ᠵᠢᠯᠭ᠎ᠠ ᠶᠢᠨ ᠬᠤᠭᠤᠷᠤᠨᠳᠤ᠂ ᠭᠤᠣᠯ ᠤᠨ ᠬᠦᠨᠳᠡᠢ ᠶᠢᠨ ᠬᠤᠶᠠᠷ ᠬᠦᠪᠡᠭᠡᠨ ᠤ ᠡᠩᠬᠦᠯ ᠲᠣᠩᠬᠤᠯ ᠵᠠᠮ ᠢᠶᠠᠷ ᠲᠡᠭᠦᠨ ᠤ ᠶᠠᠪᠤᠭᠠᠨ ᠢᠶᠠᠷ ᠶᠠᠪᠤᠬᠤ ᠪᠠᠷ᠎ᠠ ᠦᠯᠡᠳᠡᠯ᠎ᠡ᠃ ᠠᠭᠤᠷᠬᠠᠢ ᠶᠢᠨ ᠠᠵᠢᠯᠴᠢᠳ ᠤᠨ ᠳᠤᠮᠳᠠ ᠠᠭᠤᠰᠴᠤ᠂ ᠲᠡᠷᠡ ᠡᠳᠦᠷ ᠠᠭᠤᠷᠬᠠᠢ ᠶᠢᠨ ᠠᠵᠢᠯᠴᠢᠳ ᠲᠠᠢ ᠬᠠᠮᠲᠤ ᠨᠡᠭᠦᠷᠡᠰᠦ ᠮᠠᠯᠲᠠᠨ᠂ ᠨᠡᠭᠦᠷᠡᠰᠦ ᠡᠬᠦᠷᠴᠦ᠂ ᠬᠠᠮᠲᠤ ᠸᠠᠯᠠᠭᠰᠠᠨ ᠪᠤᠳᠠᠭ᠎ᠠ ᠢᠳᠡᠵᠦ᠂ ᠢᠯᠵᠢᠷᠡᠭᠰᠡᠨ ᠱᠥᠯᠦ ᠤᠤᠭᠤᠨ᠎ᠠ᠂ ᠣᠷᠤᠢ ᠨᠢ ᠠᠵᠢᠯᠴᠢᠳ ᠲᠠᠢ ᠬᠠᠮᠲᠤ ᠬᠦᠯᠡᠮᠵᠢ᠂ ᠨᠦᠬᠡᠨ ᠭᠡᠷ ᠤᠨ ᠴᠢᠭᠢᠭᠯᠢᠭ ᠴᠢᠯᠠᠭᠤᠨ ᠬᠠᠪᠲᠠᠰᠤᠨ ᠳᠡᠭᠡᠷ᠎ᠡ ᠬᠡᠪᠲᠡᠨ᠂ ᠠᠭᠤᠷᠬᠠᠢ ᠶᠢᠨ ᠠᠵᠢᠯᠴᠢᠳ ᠤᠨ ᠵᠣᠪᠠᠭᠤᠷᠢ ᠶᠢ ᠰᠣᠨᠤᠰᠤᠨ᠎ᠠ᠃ ᠨᠢᠭᠡ ᠡᠳᠦᠷ ᠨᠢᠭᠡ ᠠᠵᠢᠯᠴᠢᠨ ᠳᠣᠯᠤᠭ᠎ᠠ ᠨᠠᠢᠮᠠᠨ ᠮᠢᠩᠭᠠᠨ ᠵᠢᠩ ᠨᠡᠭᠦᠷᠡᠰᠦ ᠡᠭᠦᠷᠴᠦ ᠭᠠᠷᠴᠤ᠂ ᠠᠷᠪᠠᠨ ᠬᠡᠳᠦᠨ ᠮᠦᠩᠭᠦᠨ ᠵᠣᠭᠤᠰ ᠬᠤᠳᠠᠯᠳᠤᠬᠤ ᠪᠠᠶᠢᠲᠠᠯ᠎ᠠ᠂ ᠠᠭᠤᠷᠬᠠᠢ ᠶᠢᠨ ᠡᠵᠡᠨ ᠬᠠᠷᠢᠨ ᠨᠢᠭᠡᠯᠬᠡᠨ ᠮᠦᠩᠭᠦᠨ ᠵᠣᠭᠤᠰ ᠥᠭᠬᠦ ᠶᠢ ᠣᠶᠢᠯᠠᠭᠠᠨ᠂ ᠠᠭᠤᠷᠬᠠᠢ ᠶᠢᠨ ᠠᠵᠢᠯᠴᠢᠨ ᠤ ᠬᠦᠮᠦᠨ ᠪᠤᠰᠤ ᠠᠮᠢᠳᠤᠷᠠᠯ ᠢ ᠪᠡᠶ᠎ᠡ ᠪᠠᠷ ᠢᠶᠠᠨ ᠥᠩᠭᠡᠷᠡᠭᠦᠯᠵᠦ᠂ ᠲᠡᠷᠡ ᠪᠡᠭᠡᠵᠢᠩ ᠠᠴᠠ ᠰᠦᠢᠶᠦᠸᠠᠨ ᠬᠦᠷᠬᠦ ᠲᠡᠮᠦᠷ ᠵᠠᠮ ᠤᠨ ᠠᠵᠢᠯᠴᠢᠳ ᠤᠨ ᠠᠵᠢᠯ ᠬᠠᠶᠠᠭᠰᠠᠨ᠂ ᠱᠠᠩᠬᠠᠢ ᠶᠢᠨ ︽ᠲᠠᠪᠤᠨ ᠰᠠᠷ᠎ᠠ ᠶᠢᠨ ᠳᠦᠷᠪᠡᠨ︾ ᠤ ᠬᠦᠳᠡᠯᠭᠡᠭᠡᠨ ᠪᠠ ᠭᠦᠢ ᠰᠦᠢ ︵ᠥᠨᠦᠳᠦᠷ ᠤᠨ ᠬᠦᠬᠡᠬᠤᠲᠠ︶ ᠶᠢᠨ ᠰᠤᠷᠤᠭᠴᠢ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠨ ᠤᠯᠠᠨ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠤ ᠪᠠᠶᠢᠳᠠᠯ ᠢ ᠣᠯᠠᠨ ᠳᠤ ᠨᠢᠭᠤᠴᠠ ᠪᠠᠷ ᠲᠠᠨᠢᠯᠴᠠᠭᠤᠯᠤᠨ᠂ ᠬᠦᠷᠦᠩᠭᠡᠲᠡᠨ ᠤ ᠠᠵᠢᠯᠴᠢᠳ ᠢ ᠬᠢᠬᠠᠨ ᠮᠦᠯᠵᠢᠬᠦ ᠪᠣᠳᠠᠳᠤ ᠬᠡᠷᠡᠭ ᠢ ᠢᠯᠡᠴᠢᠯᠡᠵᠦ᠂ ᠣᠯᠠᠨ ᠳᠤ ︽ᠴᠣᠬᠤᠮ ᠬᠡᠨ ᠨᠢ ᠬᠡᠨ ᠢᠶᠠᠨ ᠲᠡᠵᠢᠭᠡᠭᠰᠡᠨ︾ ᠶᠣᠰᠣ ᠤᠴᠢᠷ ᠢ ᠲᠠᠶᠢᠯᠪᠤᠷᠢᠯᠠᠵᠤ᠂ ᠠᠵᠢᠯᠴᠢᠨ ᠤ ᠪᠦᠯᠬᠦᠮᠳᠡᠯ ᠤᠨ ᠬᠦᠴᠦᠨ ᠢ ᠶᠠᠷᠢᠵᠦ᠂ ᠠᠭᠤᠷᠬᠠᠢ ᠶᠢᠨ ᠠᠵᠢᠯᠴᠢᠨ ᠤ ᠦᠪᠡᠷ ᠤᠨ ᠬᠦᠴᠦᠨ ᠢᠶᠠᠨ ᠮᠡᠳᠡᠷᠡᠬᠦ ᠶᠢ ᠰᠡᠩᠭᠡᠷᠡᠭᠦᠯᠵᠦ᠂ ᠠᠭᠤᠷᠬᠠᠢ ᠶᠢᠨ ᠠᠵᠢᠯᠴᠢᠳ ᠤᠨ ᠦᠪᠡᠷ ᠤᠨ ᠠᠰᠢᠭ ᠲᠤᠰᠠ ᠶᠢᠨ ᠢᠶᠠᠨ ᠲᠦᠯᠦᠭᠡ ᠪᠦᠯᠬᠦᠮᠳᠡᠵᠦ ᠠᠭᠤᠷᠬᠠᠢ ᠡᠵᠡᠨ ᠲᠠᠢ ᠲᠡᠮᠡᠴᠡᠬᠦ ᠶᠢ ᠬᠦᠲᠦᠯᠦᠨ ᠵᠢᠯᠤᠭᠤᠳᠪᠠ᠃ ᠲᠡᠷᠡ ᠭᠦᠨᠵᠡᠭᠡᠶ ᠪᠥᠭᠡᠳ ᠣᠶᠢᠯᠠᠭᠠᠮᠵᠢᠲᠠᠶ ᠶᠠᠷᠢᠵᠤ᠂ ᠠᠭᠤᠷᠬᠠᠶ ᠶᠢᠨ ᠠᠵᠢᠯᠴᠢᠨ ᠤ ᠠᠵᠢᠯ ᠠᠮᠢᠳᠤᠷᠠᠯ ᠤᠨ ᠪᠣᠳᠠᠲᠤ ᠪᠠᠶᠢᠳᠠᠯ ᠲᠠᠢ ᠣᠶᠢᠷᠠᠲᠤᠭᠰᠠᠨ ᠪᠣᠯᠬᠤᠷ ᠭᠦᠨ ᠵᠤᠵᠠᠭᠠᠨ ᠬᠤᠪᠢᠰᠬᠠᠯ ᠤᠨ ᠶᠣᠰᠣ ᠤᠴᠢᠷ ᠣᠶᠢᠯᠠᠭᠠᠮᠵᠢᠲᠠᠶ ᠪᠣᠯᠵᠤ᠂ ᠦᠭᠡ ᠥᠭᠦᠯᠡᠪᠦᠷᠢ ᠨᠢᠭᠡᠪᠦᠷᠢ ᠨᠢ ᠠᠭᠤᠷᠬᠠᠶ ᠶᠢᠨ ᠠᠵᠢᠯᠴᠢᠳ ᠤᠨ ᠰᠡᠳᠬᠢᠯ ᠳᠤ ᠬᠠᠳᠠᠩᠰᠢᠪᠠ᠂ ᠣᠯᠠᠨ ᠢᠶᠠᠷ ᠢᠶᠠᠨ ᠪᠦᠷ ᠲᠡᠭᠦᠨ ᠢ ︽ᠯᠢ ᠠᠪᠤᠭᠠᠢ︾᠂ ︽ᠪᠠᠲᠤ︾ ᠭᠡᠵᠦ ᠳᠣᠲᠣᠨᠣᠰᠤᠭ ᠢᠶᠠᠷ ᠳᠠᠭᠤᠳᠠᠲᠠᠭ᠃ ③ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠲᠡᠦᠬᠡ ᠶᠢᠨ ᠨᠢᠭᠡᠳᠦᠭᠡᠷ ᠪᠣᠲᠢ ︵1921 — 1949︶︾ ᠶᠢᠨ ᠭᠤᠷᠪᠠᠳᠤᠭᠠᠷ ᠪᠦᠯᠦᠭ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠣᠷᠣᠨ ᠨᠤᠲᠤᠭ ᠤᠨ ᠵᠣᠬᠢᠶᠠᠨ ᠪᠠᠶᠢᠭᠤᠯᠤᠭᠰᠠᠨ ᠬᠤᠪᠢᠰᠬᠠᠯᠲᠤ ᠬᠥᠳᠡᠯᠭᠡᠭᠡᠨ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠠᠵᠢᠯ ᠬᠠᠶᠠᠯᠲᠠ ᠠᠴᠠ ᠯᠠᠪᠯᠠᠯᠲᠠ ᠪᠣᠯᠭᠠᠪᠠ᠃        ᠨᠢᠭᠡᠨ ᠣᠷᠣᠢ᠂ ᠯᠢ ᠢᠦᠢ ᡁᠢ ᠮᠦᠷᠦᠶᠢᠴᠡᠭᠡᠨ ᠤ ᠭᠠᠵᠠᠷ ᠲᠤ ᠣᠴᠢᠵᠤ᠂ ᠮᠠᠰᠢ ᠣᠯᠠᠨ ᠠᠭᠤᠷᠬᠠᠢ ᠶᠢᠨ ᠠᠵᠢᠯᠴᠢᠳ ᠤᠨ ᠤᠷᠠᠩᠬᠠᠢ ᠬᠤᠪᠴᠠᠰᠤ ᠡᠮᠦᠰᠴᠦ᠂ ᠨᠢᠭᠤᠷ ᠳᠦᠭᠦᠷᠡᠩ ᠨᠡᠭᠦᠷᠡᠰᠦᠨ ᠰᠢᠷᠤᠢ ᠲᠠᠢ᠂ ᠮᠦᠷᠦᠶᠢᠴᠡᠭᠡᠨ ᠤ ᠰᠢᠷᠡᠭᠡᠨ ᠳᠡᠭᠡᠷ᠎ᠡ ᠵᠣᠭᠤᠰ ᠨᠠᠭᠠᠳᠬᠤ ᠪᠠᠶᠢᠳᠠᠯ ᠢ ᠦᠵᠡᠯ᠎ᠡ᠃ ᠮᠦᠷᠦᠶᠢᠴᠡᠵᠦ᠂ ᠮᠦᠷᠦᠶᠢᠴᠡᠵᠦ ᠭᠡᠨᠡᠳᠲᠡ ᠬᠡᠷᠡᠯᠳᠦᠴᠢᠬᠡᠯ᠎ᠡ᠃ ᠵᠣᠭᠤᠰ ᠳᠠᠷᠤᠵᠤ ᠪᠠᠶᠢᠭ᠎ᠠ ᠬᠦᠮᠦᠨ ᠵᠣᠭᠤᠰ ᠤᠨ ᠬᠠᠶᠢᠷᠴᠠᠭ ᠨᠢᠭᠤᠴᠠ ᠲᠠᠢ᠂ ᠵᠠᠪᠠᠯ ᠦᠪᠡᠷ ᠢᠶᠠᠨ ᠦᠵᠡᠨ᠎ᠡ ᠭᠡᠪᠡ᠂ ᠵᠣᠭᠤᠰ ᠠᠭᠤᠳᠠᠯᠬᠤ ᠭᠦᠮᠦᠨ ᠬᠠᠷᠢᠨ ᠶᠠᠭᠠᠬᠢᠭᠰᠠᠨ ᠴᠤ ᠬᠦᠯᠢᠶᠡᠬᠦ ᠦᠭᠡᠢ᠂ ᠭᠠᠷ ᠬᠦᠳᠡᠯᠦᠮᠡᠷ ᠪᠣᠯᠪᠠ᠃ ᠯᠢ ᠢᠦᠢ ᡁᠢ ᠬᠥᠮᠥᠰ ᠢ ᠲᠦᠯᠬᠢᠵᠦ ᠡᠮᠦᠨ᠎ᠡ ᠨᠢ ᠰᠢᠬᠠᠯᠳᠤᠵᠤ᠄ ︽ᠠᠬ᠎ᠠ ᠳᠡᠭᠦᠦ ᠨᠠᠷ ᠡ᠂ ᠮᠢᠨᠦ ᠦᠭᠡ ᠶᠢ ᠰᠣᠨᠣᠰᠴᠤ ᠪᠠᠢ︕︾ ᠭᠡᠵᠦ ᠪᠦᠳᠦᠭᠦᠨ ᠳᠠᠭᠤᠨ ᠢᠶᠠᠷ ᠬᠡᠯᠡᠪᠡ᠃ ᠵᠣᠭᠤᠰ ᠳᠠᠷᠤᠭᠰᠠᠨ ᠬᠥᠮᠥᠨ ᠤ ᠳᠤᠮᠳᠠ ᠠᠴᠠ ᠨᠢᠭᠡ ᠨᠢ ᠯᠢ ᠢᠦᠢ ᡁᠢ ᠶᠢ ᠨᠢ ᠲᠠᠨᠢᠵᠤ ︽ᠡᠨᠡ ᠠᠬ᠎ᠠ ᠪᠢᠴᠢᠭ ᠲᠠᠢ ᠬᠦᠮᠦᠨ᠂ ᠲᠡᠭᠦᠨ ᠤ ᠬᠡᠯᠡᠬᠦ ᠶᠢ ᠰᠣᠨᠤᠰᠴᠤ ᠦᠵᠡᠶ᠎ᠡ︾ ᠭᠡᠵᠦ ᠪᠡᠷᠬᠢᠷᠠᠪᠠ᠃ ᠯᠢ ᠢᠦᠢ ᡁᠢ ᠣᠯᠠᠨ ᠢ ᠨᠢᠭᠡ ᠰᠢᠷᠲᠡᠭᠡᠳ᠄ ︽ᠠᠬ᠎ᠠ ᠳᠡᠭᠦᠦ ᠨᠠᠷ ᠡ᠂ ᠲᠠ ᠨᠠᠷ ᠠᠳᠡ ᠵᠣᠭᠤᠰ ᠨᠠᠭᠠᠳᠬᠤ ᠪᠠᠷ ᠢᠷᠡᠭᠰᠡᠨ ᠴᠢᠨᠢ ᠶᠠᠭᠤᠨ ᠤ ᠲᠥᠯᠥᠭᠡ ᠪᠤᠢ︖︾ ᠭᠡᠵᠦ ᠠᠰᠠᠭᠤᠪᠠ᠃ ᠨᠢᠭᠡ ᠯᠡ ᠳᠣᠣᠷ᠎ᠠ ᠪᠦᠬᠦ ᠲᠠᠯᠠᠪᠤᠷ ᠤᠨ ᠬᠥᠮᠥᠨ ᠢ ᠲᠠᠭ ᠳᠤᠭᠤᠢ ᠪᠣᠯᠭᠠᠪᠠ᠃ ᠲᠡᠷᠡ ᠵᠣᠭᠤᠰ ᠲᠠᠷᠤᠭᠰᠠᠨ ᠬᠦᠮᠦᠰ ᠢ ᠵᠢᠭᠠᠵᠤ᠄ ︽ᠡᠨᠡ ᠬᠡᠳᠦᠨ ᠠᠬ᠎ᠠ ᠥᠨᠥᠳᠥᠷ ᠢᠯᠠᠴᠢᠬᠠᠪᠠᠯ᠂ ᠮᠠᠷᠭᠠᠰᠢ ᠡᠬᠡᠨᠡᠷ ᠬᠡᠦᠬᠡᠳ ᠤᠨ ᠢᠶᠠᠨ ᠵᠣᠪᠠᠭᠰᠠᠨ ᠤ ᠬᠡᠷᠡᠭ ᠠᠯᠠᠭ᠎ᠠ᠃ ᠭᠡᠪᠡᠴᠦ᠂︾ ᠲᠡᠷᠡ ᠪᠠᠰᠠ ᠵᠣᠭᠤᠰ ᠱᠦᠭᠦᠭᠳᠡᠭᠰᠡᠨ ᠬᠡᠳᠦᠨ ᠠᠵᠢᠯᠴᠢᠨ ᠢ ᠵᠢᠭᠠᠭᠠᠳ᠄ ︽ᠡᠨᠡ ᠬᠡᠳᠦᠨ ᠡᠪᠦᠭᠡᠨ ᠠᠬ᠎ᠠ ᠢᠯᠠᠭᠳᠠᠵᠤ᠂ ᠠᠮᠢ ᠴᠦᠯᠡᠨ ᠴᠢᠰᠤ ᠤᠷᠤᠰᠤᠭᠠᠳ ᠤᠯᠤᠭᠰᠠᠨ ᠵᠣᠭᠤᠰ ᠢᠶᠠᠨ ᠪᠦᠷ ᠪᠠᠷᠠᠴᠢᠬᠠᠯ᠎ᠠ᠂ ᠮᠠᠷᠭᠠᠰᠢ ᠡᠬᠡᠨᠡᠷ ᠬᠡᠦᠬᠡᠳ ᠨᠢ ᠵᠥᠪᠬᠡᠨ ᠪᠠᠷᠠᠭᠤᠨ ᠬᠤᠶᠢᠲᠤ ᠶᠢᠨ ᠰᠠᠯᠬᠢᠨ ᠤᠤᠭᠤᠬᠤ ᠪᠣᠯᠤᠨ᠎ᠠ᠃ ᠠᠬ᠎ᠠ ᠳᠡᠭᠦᠦ ᠨᠠᠷ ᠡ᠂ ᠪᠢᠳᠡ ᠢᠩᠭᠢᠵᠦ ᠰᠣᠬᠤᠷ ᠪᠠᠯᠠᠢ ᠪᠠᠷ ᠠᠮᠢᠳᠤᠷᠠᠵᠤ ᠪᠣᠯᠬᠤ ᠦᠭᠡᠢ ᠰᠢᠦ ᠁︾ ᠭᠡᠪᠡ᠃        ︽ᠲᠡᠶᠢᠮᠦ ᠠᠯᠤᠰ ᠬᠤᠯᠠ ᠶᠢ ᠪᠣᠳᠤᠭᠠᠳ᠂ ᠮᠠᠷᠭᠠᠰᠢ ᠨᠦᠭᠡᠨ ᠳᠤ ᠣᠷᠤᠪᠠᠯ ᠭᠠᠷᠴᠤ ᠢᠷᠡᠵᠦ ᠳᠡᠶᠢᠯᠬᠦ ᠶᠤᠮ ᠦᠦ ᠳᠡᠶᠢᠯᠬᠦ ᠦᠭᠡᠢ ᠶᠤᠮ ᠦᠦ ᠪᠠᠰᠠ ᠨᠢᠭᠡ ᠤᠴᠢᠷ︕︾ ᠭᠡᠵᠦ ᠨᠢᠭᠡ ᠬᠦᠮᠦᠨ ᠳᠦᠳᠦᠨᠡᠪᠡ᠃        ︽ᠣᠳᠣ ᠪᠠᠰᠠ ᠶᠠᠳᠠᠭᠤ ᠬᠥᠮᠥᠨ ᠤ ᠠᠮᠢᠳᠤᠷᠠᠬᠤ ᠵᠠᠮ ᠪᠠᠶᠢᠨ᠎ᠠ ᠤᠤ︖︾ ᠭᠡᠵᠦ ᠪᠠᠰᠠ ᠨᠢᠭᠡ ᠬᠥᠮᠥᠨ ᠨᠥᠬᠦᠪᠦᠷᠢᠯᠡᠪᠡ᠃        ︽ᠠᠬ᠎ᠠ ᠳᠡᠭᠦᠦ ᠨᠠᠷ ᠡ︕︾ ᠯᠢ ᠢᠦᠢ ᡁᠢ ᠰᠡᠳᠬᠢᠯ ᠳᠣᠭᠳᠣᠯᠵᠤ᠄ ︽ᠬᠥᠮᠥᠨ ᠪᠢᠳᠡᠨ ᠢ ᠬᠦᠮᠦᠨ ᠢᠶᠠᠷ ᠦᠵᠡᠬᠦ ᠦᠭᠡᠢ ᠪᠣᠯ ᠪᠢᠳᠡ ᠶᠠᠭᠤᠨ ᠳᠤ ᠥᠪᠡᠷ ᠢ ᠪᠠᠨ ᠬᠥᠮᠥᠨ ᠢᠶᠠᠷ ᠦᠵᠡᠬᠦ ᠦᠭᠡᠢ ᠪᠤᠢ︖ ᠣᠯᠠᠨ ᠢᠶᠠᠷ ᠢᠶᠠᠨ ᠪᠣᠳᠤᠵᠤ ᠦᠵᠡ᠂ ᠪᠢᠳᠡ ᠲᠡᠶᠢᠮᠦ ᠠᠷᠪᠢᠨ ᠨᠡᠭᠦᠷᠡᠰᠦ ᠮᠠᠯᠲᠠᠵᠤ᠂ ᠲᠡᠶᠢᠮᠦ ᠠᠷᠪᠢᠨ ᠵᠣᠭᠤᠰ ᠬᠤᠳᠠᠯᠳᠤᠭᠠᠳ᠂ ᠠᠭᠤᠷᠬᠠᠢ ᠶᠢᠨ ᠡᠵᠡᠨ ᠶᠠᠭᠤᠨ ᠳᠤ ᠪᠢᠳᠡᠨ ᠳᠤ ᠲᠡᠶᠢᠮᠦ ᠵᠢᠭᠠᠬᠠᠨ ᠵᠣᠭᠤᠰ ᠦᠭᠴᠦ ᠪᠠᠶᠢᠬᠤ ᠪᠣᠢ ︖ ᠳᠡᠶᠢᠮᠦ ᠡ᠂ ᠨᠦᠭᠡᠨ ᠳᠤ ᠣᠷᠣᠪᠠᠯ ᠭᠠᠷᠴᠤ ᠢᠷᠡᠵᠦ ᠳᠡᠶᠢᠯᠦᠨ᠎ᠡ ᠳᠡᠶᠢᠯᠬᠦ ᠦᠭᠡᠢ ᠶᠢ ᠪᠠᠲᠤᠯᠠᠵᠤ ᠳᠡᠶᠢᠯᠬᠦ ᠬᠦᠮᠦᠨ ᠦᠭᠡᠢ᠃ ᠤᠴᠢᠷ ᠨᠢ ᠠᠭᠤᠷᠬᠠᠢ ᠶᠢᠨ ᠡᠵᠡᠨ ᠤ ᠠᠪᠬᠤ ᠭᠡᠵᠦ ᠪᠠᠶᠢᠬᠤ ᠨᠢ ᠨᠡᠭᠦᠷᠡᠰᠦ᠂ ᠣᠯᠠᠨ ᠤ ᠦᠬᠦᠭᠰᠡᠨ ᠠᠮᠢᠳᠤ ᠶᠢ ᠬᠠᠮᠢᠶᠠᠷᠬᠤ ᠦᠭᠡᠢ︕ ᠪᠢᠳᠡ ᠵᠠᠯᠭᠠᠭᠠᠳ ᠦᠬᠡᠷ ᠮᠠᠯ ᠪᠣᠯᠵᠤ ᠪᠣᠯᠬᠤ ᠦᠭᠡᠢ᠂ ᠮᠦᠯᠵᠢᠭᠳᠡᠵᠦ ᠳᠠᠷᠤᠯᠠᠭᠳᠠᠵᠤ ᠪᠣᠯᠬᠤ ᠦᠭᠡᠢ︕︾ ᠭᠡᠪᠡ᠃        ᠠᠭᠤᠷᠬᠠᠢ ᠶᠢᠨ ᠠᠵᠢᠯᠲᠠᠳ ᠨᠠᠮ ᠭᠥᠮ ᠰᠣᠨᠣᠰᠤᠭᠰᠠᠭᠠᠷ ᠪᠠᠶᠢᠨ ᠪᠠᠶᠢᠨ ᠲᠣᠯᠣᠭᠠᠢ ᠳᠣᠬᠢᠨ᠎ᠠ᠃ ᠯᠢ ᠢᠤᠢ ᡁᠢ ︽ᠬᠤᠶᠠᠷ ᠰᠠᠷ᠎ᠠ ᠶᠢᠨ ᠲᠤᠯᠤᠭᠠᠨ︾ ᠤ ᠠᠵᠢᠯ ᠬᠠᠶᠠᠯᠲᠠ ᠠᠴᠠ ︽ᠲᠠᠪᠤᠨ ᠰᠠᠷ᠎ᠠ ᠶᠢᠨ ᠲᠦᠷᠪᠡᠨ︾ ᠤ ᠬᠦᠳᠡᠯᠭᠡᠭᠡᠨ ᠬᠦᠷᠳᠡᠯ᠎ᠠ ᠶᠡᠷᠢᠵᠤ᠂ ᠠᠵᠢᠯᠴᠢᠨ ᠠᠩᠬᠢ ᠶᠢᠨ ᠪᠦᠯᠬᠦᠮᠳᠡᠯ ᠤᠨ ᠬᠦᠴᠦᠨ ᠢ ᠲᠤᠳᠤᠷᠬᠠᠢᠢᠯᠠᠬᠤ ᠶᠢᠨ ᠬᠠᠮᠳᠤ ᠰᠢᠭᠤᠶᠢᠳᠤ ᠨᠡᠬᠦᠷᠡᠰᠤᠨ ᠠᠭᠤᠷᠬᠠᠢ ᠶᠢᠨ ᠪᠤᠳᠠᠳᠠᠢ ᠲᠠᠢ ᠤᠶᠠᠯᠳᠤᠭᠤᠯᠵᠦ᠂ ᠤᠯᠠᠨ ᠢᠶᠠᠷ ᠢᠶᠠᠨ ᠲᠡᠮᠡᠴᠡᠬᠦ ᠶᠢ ᠤᠷᠢᠶᠠᠯᠠᠪᠠ᠃ ᠮᠦᠷᠦᠶᠢᠴᠡᠭᠡᠨ ᠤ ᠲᠠᠯᠠᠪᠤᠷ ᠬᠤᠷᠠᠯ ᠤᠨ ᠲᠠᠯᠠᠪᠠᠢ ᠪᠣᠯᠵᠤ᠂ ᠣᠯᠠᠨ ᠢᠶᠠᠷ ᠢᠶᠠᠨ ᠬᠦᠷ ᠨᠠᠷᠭᠢᠶᠠᠨ ᠲᠠᠢ ᠶᠠᠷᠢᠯᠴᠠᠵᠤ ᠡᠬᠢᠯᠡᠪᠡ᠄ ᠬᠥᠮᠥᠨ ᠤ ᠰᠡᠳᠬᠢᠯ ᠲᠡᠭᠰᠢ ᠦᠭᠡᠢ ᠪᠣᠯ ᠶᠠᠭᠠᠬᠢᠨ᠎ᠠ︖ ᠠᠭᠤᠷᠬᠠᠢ ᠶᠢᠨ ᠡᠵᠡᠨ ᠵᠦᠪᠰᠢᠶᠡᠷᠡᠬᠦ ᠦᠭᠡᠢ ᠪᠣᠯ ᠶᠠᠭᠠᠬᠢᠬᠤ ᠪᠤᠢ︖ ᠠᠭᠤᠷᠬᠠᠢ ᠶᠢᠨ ᠡᠵᠡᠨ ᠥᠭᠡᠷ᠎ᠡ ᠬᠥᠮᠥᠨ ᠬᠦᠯᠦᠰᠦᠯᠡᠪᠡᠯ ᠶᠠᠭᠠᠬᠢᠬᠤ ᠪᠣᠢ︖ ᠡᠬᠡᠨᠡᠷ ᠬᠡᠦᠬᠡᠳ ᠢᠳᠡᠬᠦ ᠬᠤᠭᠤᠯᠠ ᠦᠭᠡᠢ ᠪᠣᠯ ᠶᠠᠭᠠᠬᠢᠬᠤ ᠪᠤᠢ︖ ᠁ ᠡᠳᠡᠭᠡᠷ ᠠᠰᠠᠭᠤᠳᠠᠯ ᠳᠤ ᠳᠤ ᠯᠢ ᠢᠦᠢ ᡁᠢ ᠨᠢᠭᠡ ᠨᠢᠭᠡ ᠪᠠᠷ ᠲᠠᠶᠢᠯᠪᠤᠷᠢᠯᠠᠯᠲᠠ ᠬᠢᠪᠡ᠃ ᠵᠠᠯᠭᠠᠭᠠᠳ᠂ ᠯᠢ ᠢᠦᠢ ᡁᠢ ᠪᠠᠰᠠ ᠄ ︽ᠪᠢ ᠮᠠᠷᠭᠠᠰᠢ ᠪᠠᠰᠠ ᠠᠳᠡ ᠢᠷᠡᠨ᠎ᠡ ᠭᠡᠵᠦ ᠰᠠᠨᠠᠭᠠᠴᠢᠯᠠᠶ᠎ᠠ᠂ ᠢᠯᠡᠭᠦᠦ ᠬᠡᠳᠦᠨ ᠬᠥᠮᠥᠨ ᠳᠠᠭᠤᠳᠠ᠂ ᠵᠣᠭᠤᠰ ᠨᠠᠭᠠᠳᠬᠤ ᠪᠢᠰᠢ᠂ ᠬᠠᠷᠢᠨ ᠨᠢᠭᠡ ᠯᠠ ᠠᠮᠢᠰᠬᠤᠭ᠎ᠠ ᠮᠦᠷᠦᠶᠢᠴᠡᠶ᠎ᠡ︕ ᠪᠢᠳᠡ ᠬᠡᠷᠬᠢᠨ ᠠᠭᠤᠷᠬᠠᠢ ᠶᠢᠨ ᠡᠵᠡᠨ ᠲᠠᠢ ᠲᠡᠮᠡᠴᠡᠬᠦ ᠲᠤᠬᠠᠢ ᠶᠠᠷᠢᠯᠴᠠᠶ᠎ᠠ᠃ ᠬᠥᠮᠥᠨ ᠬᠡᠳᠦᠢ ᠠᠷᠪᠢᠨ ᠪᠣᠯ ᠲᠡᠳᠦᠢ ᠰᠠᠶᠢᠨ᠂ ᠪᠥᠭᠦᠳᠡᠭᠡᠷ ᠬᠠᠮᠲᠤ ᠪᠠᠷ ᠶᠠᠷᠢᠯᠴᠠᠶ᠎ᠠ︾ ᠭᠡᠪᠡ᠃ ④ ᠠᠮᠢᠵᠢᠷᠠᠯ ᠤᠨ ᠬᠦᠴᠦᠨ ᠲᠣᠭᠲᠠᠬᠤ ᠶᠢᠨ ᠨᠡᠶᠢᠲᠡ ᠶᠢᠨ ᠳ᠋ᠤᠭᠠᠷ 2020 ᠣᠨ ᠤ 6 ᠳ᠋ᠤᠭᠠᠷ ᠰᠠᠷ᠎ᠠ ᠶᠢᠨ 25 ᠤ ᠡᠳᠦᠷ ﹇ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ﹈ ᠲᠣᠭᠲᠠᠬᠤ ᠰᠢᠶᠠᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠳᠡᠯᠭᠡᠨ ᠨᠡᠪᠲᠡᠷᠡᠭᠦᠯᠭᠡ ︵ᠨᠢᠭᠡ︶ ᠬᠠᠲᠤᠨ ᠭᠤᠤᠯ ᠤᠨ ᠵᠢᠶᠤᠤᠽᠢ — ᠯᠢ ᠢᠦᠶ ᡁᠢ︔ ᠲᠦᠮᠡᠳ ᠤᠨ ᠲᠠᠭᠤᠨ ᠨᠡᠶᠢᠲᠡ ᠶᠢᠨ ᠳ᠋ᠤᠭᠠᠷ 2023 ᠣᠨ ᠤ 5 ᠳ᠋ᠤᠭᠠᠷ ᠰᠠᠷ᠎ᠠ ᠶᠢᠨ 25 ᠤ ᠡᠳᠦᠷ ︽ᠲᠦᠮᠡᠳ ᠤᠨ ᠵᠢᠶᠤᠤᠽᠢ ᠯᠢ ᠢᠦᠶ ᡁᠢ︾ ᠠᠴᠠ ᠯᠠᠪᠯᠠᠯᠲᠠ ᠪᠣᠯᠭᠠᠪᠠ᠃        ᠯᠢ ᠢᠦᠢ ᡁᠢ ᠰᠢᠭᠤᠶᠢᠲᠤ ᠨᠡᠭᠦᠷᠡᠰᠦᠨ ᠠᠭᠤᠷᠬᠠᠢ ᠳᠤ ᠨᠡᠶᠢᠭᠡᠮ ᠤᠨ ᠪᠠᠶᠢᠴᠠᠭᠠᠯᠲᠠ ᠬᠢᠬᠦ ᠬᠤᠭᠤᠴᠠᠭᠠᠨ ᠳᠤ᠂ ᠬᠠᠷᠠᠩᠭᠤᠢ ᠢᠪᠴᠤᠤ ᠠᠭᠤᠷᠬᠠᠢ ᠶᠢᠨ ᠨᠦᠭᠡᠨ ᠳᠤ᠂ ᠨᠠᠪᠲᠠᠭᠠᠷ᠂ ᠡᠪᠳᠡᠷᠡᠵᠦ ᠴᠤᠴᠠᠷᠠᠭᠰᠠᠨ ᠠᠵᠢᠯ ᠤᠨ ᠰᠠᠷᠠᠪᠴᠢ᠂ ᠨᠦᠬᠡᠨ ᠭᠡᠷ ᠲᠤ᠂ ᠠᠵᠢᠯᠴᠢᠳ ᠤᠨ ᠵᠣᠭᠤᠰ ᠮᠦᠷᠦᠶᠢᠴᠡᠬᠦ ᠲᠠᠯᠠᠪᠤᠷ ᠲᠤ᠂ ᠲᠡᠭᠦᠨ ᠤ ᠴᠢᠩᠭ᠎ᠠ ᠬᠦᠴᠦᠲᠡᠢ᠂ ᠬᠦᠮᠦᠰ ᠤᠨ ᠰᠡᠳᠭᠢᠯ ᠢ ᠬᠦᠳᠡᠯᠭᠡᠮ᠎ᠡ ᠳᠠᠭᠤᠨ ᠴᠠᠭ ᠢᠮᠠᠭᠲᠠ ᠴᠤᠤᠷᠢᠶᠠᠳᠤᠨ᠎ᠠ᠂ ᠤᠷᠢᠳ ᠡᠮᠦᠨ᠎ᠡ ᠪᠠᠶᠢᠭ᠎ᠠ ᠦᠭᠡᠢ ᠳᠤᠯᠠᠭᠠᠨ ᠤᠷᠤᠰᠬᠠᠯ ᠠᠭᠤᠷᠬᠠᠢ  ᠶᠢᠨ ᠠᠵᠢᠯᠴᠢᠳ ᠵᠢᠴᠢ ᠲᠡᠳᠡᠨ ᠤ ᠭᠡᠷ ᠪᠦᠯᠢ ᠶᠢᠨ  ᠬᠢᠨ ᠤ ᠰᠡᠳᠬᠢᠯ ᠳᠤ ᠣᠷᠭᠢᠯᠤᠨ᠎ᠠ᠃ ᠤᠳᠠᠯ ᠦᠭᠡᠢ᠂ ᠯᠢ ᠢᠦᠢ ᡁᠢ ᠠᠵᠢᠯᠴᠢᠳ ᠲᠠᠢ ᠨᠢᠭᠲᠠ ᠬᠠᠷᠢᠯᠴᠠᠭ᠎ᠠ ᠪᠠᠢᠭᠤᠯᠪᠠ᠃        ᠯᠢ ᠢᠤᠢ ᡁᠢ ᠶᠢᠨ ᠲᠠᠶᠢᠴᠢᠯᠠᠯᠳᠠ ᠳᠣᠣᠷ᠎ᠠ᠂ ᠠᠭᠤᠷᠬᠠᠢ ᠶᠢᠨ ᠠᠵᠢᠯᠲᠠᠳ ᠪᠥᠯᠬᠦᠮᠳᠡᠨ ᠥᠪᠡᠷ ᠤᠨ ᠡᠷᠬᠡ ᠠᠰᠢᠭ ᠢᠶᠠᠨ ᠵᠦᠢ ᠵᠣᠬᠢᠰᠲᠠᠢ ᠬᠠᠮᠠᠭᠠᠯᠠᠬᠤ ᠢᠳᠡᠪᠬᠢᠵᠢᠯ ᠤᠷᠢᠳᠤ ᠡᠮᠦᠨ᠎ᠡ ᠭᠠᠷᠤᠭ᠎ᠠ ᠦᠭᠡᠢ ᠣᠷᠭᠢᠯᠵᠤ᠂ ᠨᠢᠭᠡ ᠪᠦᠯᠦᠭ ᠨᠠᠮ ᠤᠨ ᠭᠡᠰᠢᠭᠦᠨ ᠪᠣᠯᠣᠨ ᠰᠢ ᠡᠯ ᠾᠧᠢ ᠵᠡᠷᠭᠡ ᠨᠢᠭᠡ ᠪᠦᠯᠦᠭ ᠠᠵᠢᠯᠴᠢᠨ ᠤ ᠬᠦᠳᠡᠯᠭᠡᠭᠡᠨ ᠤ ᠢᠳᠡᠪᠬᠢᠲᠡᠨ ᠢ ᠦᠳᠲᠡᠷ ᠲᠦᠷᠭᠡᠨ ᠬᠥᠭᠵᠢᠭᠦᠯᠬᠦ ᠶᠢᠨ ᠬᠠᠮᠲᠤ ᠰᠢ ᠡᠯ ᠾᠧᠢ ᠪᠠᠷ ᠲᠦᠯᠦᠭᠡᠯᠡᠭᠴᠢᠳ ᠪᠣᠯᠭᠠᠭᠰᠠᠨ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠬᠤᠯᠪᠣᠭᠠᠲᠤ ᠬᠤᠷᠠᠯ ᠢ ᠪᠠᠶᠢᠭᠤᠯᠪᠠ᠂ ᠨᠡᠭᠦᠷᠡᠰᠦᠨ ᠠᠭᠤᠷᠬᠠᠢ ᠶᠢᠨ ᠠᠵᠢᠯᠴᠢᠨ ᠤ ᠬᠤᠯᠪᠣᠭᠠᠲᠤ ᠬᠤᠷᠠᠯ ᠤᠨ ᠪᠠᠶᠢᠭᠤᠯᠤᠭᠳᠠᠭᠰᠠᠨ ᠨᠢ ᠰᠢᠭᠤᠶᠢᠲᠤ ᠲᠣᠭᠤᠷᠢᠭ ᠤᠨ ᠠᠵᠢᠯᠴᠢᠳ ᠠᠩᠬ᠎ᠠ ᠤᠳᠠᠭ᠎ᠠ ᠪᠡᠶ᠎ᠡ ᠪᠠᠨ ᠳᠠᠭᠠᠭᠠᠭᠰᠠᠨ ᠪᠠᠶᠢᠳᠠᠯ ᠢᠶᠠᠷ ᠰᠢᠭᠤᠶᠢᠲᠤ ᠲᠣᠭᠤᠷᠢᠭ ᠤᠨ ᠤᠯᠤᠰ ᠲᠦᠷᠦ ᠶᠢᠨ ᠲᠠᠪᠴᠠᠩ ᠳᠤ ᠭᠠᠷᠴᠤ᠂ ᠬᠤᠪᠢᠰᠬᠠᠯ ᠤᠨ ᠭᠠᠯ ᠪᠠᠳᠠᠷᠠᠭᠰᠠᠨ ᠲᠡᠭᠷᠢ ᠭᠠᠵᠠᠷ ᠢ ᠡᠪᠳᠡᠬᠦ ᠬᠦᠴᠦᠨ ᠠᠭᠠᠵᠢᠮ ᠢᠶᠠᠷ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃ ⑤ 2017 ᠣᠨ ᠤ 10 ᠳ᠋ᠤᠭᠠᠷ ᠰᠠᠷ᠎ᠠ ᠶᠢᠨ 13 ᠤ ᠡᠳᠦᠷ ︽ᠬᠥᠬᠡᠬᠤᠲᠠ ᠶᠢᠨ ᠡᠳᠦᠷ ᠤᠨ ᠰᠣᠨᠢᠨ︾᠂ ︽ᠦᠷᠡᠭᠳᠡᠭᠰᠡᠨ ᠪᠠᠭᠠᠲᠤᠷ ᠠᠭᠤᠤ ᠭᠠᠪᠢᠶ᠎ᠠ ᠶᠦᠩ ᠵᠤᠤ ᠣᠪᠣᠭᠲᠤ ᠶᠢᠨ ᠬᠤᠶᠢᠴᠢᠰ︾ ᠭᠡᠬᠦ ᠵᠣᠬᠢᠶᠠᠯ ᠠᠴᠠ ᠯᠠᠪᠯᠠᠯᠲᠠ ᠪᠣᠯᠭᠠᠪᠠ᠃
图片2.png
        ᠠᠵᠢᠯᠴᠢᠨ ᠤ ᠬᠦᠳᠡᠯᠭᠡᠭᠡᠨ ᠤ ᠭᠠᠯ ᠢ ᠨᠣᠴᠤᠭᠠᠭᠰᠠᠨ        ᠯᠢ ᠢᠦᠢ ᡁᠢ ᠠᠵᠢᠯᠴᠢᠨ ᠤ ᠬᠦᠳᠡᠯᠭᠡᠭᠡᠨ ᠤ ᠲᠡᠮᠡᠴᠡᠯ ᠤᠨ ᠨᠥᠬᠦᠴᠡᠯ ᠨᠢᠭᠡᠨᠲᠡ ᠪᠣᠯᠪᠠᠰᠤᠷᠠᠩᠭᠤᠶ ᠪᠣᠯᠤᠭᠰᠠᠨ ᠢ ᠦᠵᠡᠭᠡᠳ᠂ ᠢᠳᠡᠪᠬᠢᠲᠡᠨ ᠢᠶᠠᠷ ᠳᠠᠮᠵᠢᠨ ᠡᠯ᠎ᠡ ᠨᠡᠭᠦᠷᠡᠰᠦᠨ ᠠᠭᠤᠷᠬᠠᠢ ᠶᠢᠨ ᠠᠵᠢᠯᠲᠠᠨ ᠲᠠᠢ ᠨᠢᠭᠤᠴᠠ ᠪᠠᠷ ᠬᠠᠷᠢᠯᠴᠠᠵᠤ᠂ ᠠᠵᠢᠯ ᠬᠠᠶᠠᠯᠲᠠ ᠶᠢᠨ ᠠᠰᠢᠭ ᠬᠤᠣᠷ ᠤᠨ ᠬᠠᠷᠢᠴᠠᠭ᠎ᠠ ᠶᠢ ᠲᠣᠳᠣᠷᠬᠠᠢ ᠶᠠᠷᠢᠵᠤ᠂ ᠠᠭᠤᠷᠬᠠᠢ ᠶᠢᠨ ᠠᠵᠢᠯᠲᠠᠳ ᠢ ᠱᠠᠭᠠᠷᠳᠠᠪᠠ᠃ ᠯᠢ ᠢᠦᠶ ᡁᠢ ᠪᠣᠯᠤᠨ ᠬᠥᠭᠵᠢᠭᠰᠡᠨ ᠨᠠᠮ ᠤᠨ ᠭᠡᠰᠢᠭᠦᠨ᠂ ᠠᠵᠢᠯᠴᠢᠨ ᠤ ᠢᠳᠡᠪᠬᠢᠲᠡᠨ ᠲᠠᠢ ᠨᠠᠷᠢᠨ ᠨᠢᠮᠪᠠᠶ ᠤᠬᠠᠭᠠᠯᠠᠨ ᠰᠡᠳᠦᠬᠦ ᠪᠠᠷ ᠳᠠᠮᠵᠢᠨ᠂ 9 ᠳ᠋ᠦ᠋ᠭᠡᠷ ᠰᠠᠷ᠎ᠠ ᠶᠢᠨ ᠰᠡᠭᠦᠯᠴᠢ ᠠᠭᠤᠷ ᠠᠮᠢᠰᠬᠤᠯ ᠳᠤᠯᠠᠭᠠᠷᠠᠬᠤ᠂ ᠨᠡᠭᠦᠷᠡᠰᠦ ᠪᠣᠷᠣᠯᠠᠭᠤᠯᠬᠤ ᠬᠥᠭᠵᠢᠯᠲᠡᠶ ᠤᠯᠠᠷᠢᠯ ᠳᠤ ᠣᠷᠣᠬᠤ ᠠᠰᠢᠭᠲᠠᠶ ᠴᠠᠭ ᠲᠣᠬᠢᠶᠠᠯ ᠢ ᠠᠰᠢᠭᠯᠠᠨ᠂ ᠮᠢᠩᠭ᠎ᠠ ᠭᠠᠷᠤᠢ ᠨᠡᠭᠦᠷᠡᠰᠦᠨ ᠠᠭᠤᠷᠬᠠᠶ ᠶᠢᠨ ᠠᠵᠢᠯᠴᠢᠳ ᠢ ᠵᠣᠬᠢᠶᠠᠨ ᠪᠠᠶᠢᠭᠤᠯᠤᠨ ᠠᠵᠢᠯ ᠬᠠᠶᠠᠯᠲᠠ ᠶᠠᠪᠤᠭᠤᠯᠬᠤ ᠪᠠᠷ ᠲᠣᠭᠲᠠᠪᠠ᠂ ᠯᠢ ᠢᠦᠶ ᡁᠢ ᠶᠡᠷᠦᠩᠬᠡᠶ ᠵᠢᠯᠣᠭᠤᠳᠣᠭᠴᠢ ᠪᠣᠯᠤᠭᠰᠠᠨ ᠪᠥᠭᠡᠳ ᠠᠵᠢᠯᠴᠢᠨ ᠤ ᠴᠠᠭᠳᠠᠨ ᠪᠠᠶᠢᠴᠠᠭᠠᠬᠤ ᠠᠩᠭᠢ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶ᠎ᠠ ᠴᠤ ᠠᠨ ᠶᠤᠸᠠᠨ ᠵᠠᠮ ᠤᠨ ᠠᠭᠤᠷᠬᠠᠶ ᠶᠢᠨ ᠠᠵᠢᠯᠴᠢᠨ ᠤ ᠠᠵᠢᠯ ᠬᠠᠶᠠᠬᠤ ︽ᠭᠠᠰᠢᠭᠤᠳᠠᠯ ᠤᠨ ᠲᠥᠯᠥᠭᠡ ᠰᠡᠳᠬᠢᠯ ᠬᠥᠳᠡᠯᠬᠦ︾ ᠠᠷᠭ᠎ᠠ ᠪᠣᠳᠣᠯᠭ᠎ᠠ ᠪᠠᠷ ᠲᠣᠯᠢ ᠪᠣᠯᠭᠠᠵᠤ᠂ ᠬᠤᠲᠠ ᠶᠢᠨ ᠠᠷᠠᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠣᠭᠤᠰ ᠴᠤᠭᠯᠠᠭᠤᠯᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃        ᠵᠠᠳᠠᠯᠤᠭᠰᠠᠨ ᠢᠶᠠᠷ᠂ ᠯᠢ ᠢᠦᠢ ᡁᠢ ᠪᠠᠷ ᠱᠦᠵᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠵᠥᠪᠯᠡᠯ ᠤᠨ ᠦᠵᠡᠬᠦ ᠪᠠᠷ᠂ 1923 ᠣᠨ ᠳᠤ ᠪᠡᠭᠡᠵᠢᠩ ᠠᠴᠠ ᠰᠦᠢᠶᠦᠸᠠᠨ ᠬᠦᠷᠬᠦ ᠲᠡᠮᠦᠷ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠲᠡᠮᠦᠷ ᠵᠠᠮ ᠢ ᠪᠤᠭᠤᠲᠤ ᠬᠦᠷᠲᠡᠯ᠎ᠡ ᠤᠷᠲᠤᠳᠬᠠᠭᠰᠠᠨ  ᠤ ᠳᠠᠷᠠᠭ᠎ᠠ᠂ ᠱᠠᠨ ᠰᠢ ᠮᠤᠵᠢ ᠶᠢᠨ ᠳ᠋ᠠᠲ᠋ᠦ᠋ᠩ ᠤᠨ ᠨᠡᠭᠦᠷᠡᠰᠦ ᠰᠦᠢᠶᠦᠸᠠᠨ ᠣᠷᠣᠨ ᠤ ᠵᠠᠬ᠎ᠠ ᠳᠡᠯᠭᠡᠭᠦᠷ ᠲᠤ ᠣᠷᠣᠵᠤ᠂ ᠰᠢᠭᠤᠶᠢᠲᠤ ᠨᠡᠭᠦᠷᠡᠰᠦ ᠶᠢᠨ ᠭᠠᠭᠴᠠᠭᠠᠷ ᠡᠵᠡᠮᠰᠢᠬᠦ ᠪᠠᠢᠷᠢ ᠰᠠᠭᠤᠷᠢ ᠨᠢ ᠳᠠᠭᠠᠷᠢᠯᠲᠠ ᠳᠤ ᠤᠴᠠᠷᠠᠵᠤ᠂ ᠠᠰᠢᠭ ᠣᠯᠵᠠ ᠶᠢ ᠠᠳᠠᠯᠢ ᠲᠡᠭᠰᠢ ᠪᠠᠷ ᠬᠤᠪᠢᠶᠠᠬᠤ ᠪᠠᠶᠢᠳᠠᠯ ᠪᠣᠢ ᠪᠣᠯᠵᠠᠢ᠃ ᠠᠵᠢᠯ ᠬᠠᠶᠠᠯᠲᠠ ᠡᠬᠢᠯᠡᠭᠰᠡᠨ ᠤ ᠳᠠᠷᠠᠭ᠎ᠠ᠂ ᠰᠢᠭᠤᠶᠢᠲᠤ ᠨᠡᠭᠦᠷᠡᠰᠦᠨ ᠤ ᠵᠠᠬ᠎ᠠ ᠳᠡᠯᠭᠡᠭᠦᠷ ᠤᠨ ᠬᠤᠪᠢ ᠨᠢ ᠲᠠᠰᠤᠷᠠᠯᠲᠠ ᠦᠭᠡᠶ ᠰᠢᠬᠠᠭᠳᠠᠨ ᠡᠵᠡᠯᠡᠭᠳᠡᠵᠦ᠂ ᠰᠦᠢᠶᠦᠸᠠᠨ ᠤ ᠡᠷᠬᠡ ᠪᠠᠷᠢᠭᠴᠢᠳ ᠤᠨ ᠳᠤᠷ᠎ᠠ ᠦᠭᠡᠶᠢᠴᠡᠯ ᠢ ᠬᠦᠷᠭᠡᠬᠦ ᠨᠢ ᠯᠠᠪᠲᠠᠢ᠃        ᠠᠵᠢᠯ ᠬᠠᠶᠠᠯᠲᠠ ᠡᠬᠢᠯᠡᠬᠦ ᠠᠴᠠ ᠡᠮᠦᠨ᠎ᠡ᠂ ᠯᠢ ᠢᠦᠢ ᡁᠢ ᠰᠢ ᠡᠯ ᠾᠧᠢ ᠵᠢᠴᠢ ᠭᠤᠷᠪᠠᠨ ᠠᠵᠢᠯᠴᠢᠨ ᠤ ᠲᠥᠯᠥᠭᠡᠯᠡᠭᠴᠢ ᠪᠠᠨ ᠳᠠᠭᠠᠭᠤᠯᠤᠨ ᠠᠭᠤᠷᠬᠠᠢ ᠶᠢᠨ ᠡᠵᠡᠨ ᠲᠠᠢ ᠬᠡᠯᠡᠯᠴᠡᠭᠡ ᠬᠢᠵᠦ᠂ ᠠᠭᠤᠷᠬᠠᠢ ᠶᠢᠨ ᠡᠵᠡᠨ ᠳᠤ ᠭᠤᠷᠪᠠᠨ ᠵᠦᠢ ᠵᠣᠬᠢᠰᠲᠠᠢ ᠱᠠᠭᠠᠷᠳᠠᠯᠭ᠎ᠠ ᠳᠤᠷᠠᠳᠪᠠ᠄ ᠬᠥᠳᠡᠯᠮᠦᠷᠢᠯᠡᠬᠦ ᠴᠠᠭ ᠢ ᠪᠣᠭᠤᠨᠢᠰᠬᠠᠵᠤ᠂ ᠡᠳᠦᠷ ᠪᠦᠷᠢ 10 ᠴᠠᠭ ᠠᠴᠠ ᠬᠡᠲᠦᠷᠡᠭᠦᠯᠵᠦ ᠪᠣᠯᠬᠤ ᠦᠭᠡᠢ︔ ᠴᠠᠯᠢᠩ ᠨᠡᠮᠡᠵᠦ᠂ ᠡᠳᠦᠷ ᠪᠦᠷᠢ 2 ᠲᠥᠭᠦᠷᠢᠭ ᠠᠴᠠ ᠳᠣᠣᠷ᠎ᠠ ᠦᠭᠡᠢ ᠪᠠᠶᠢᠯᠭᠠᠨ᠎ᠠ︔ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠤᠨ᠎ᠠ᠃ ᠠᠭᠤᠷᠬᠠᠢ ᠶᠢᠨ ᠡᠵᠡᠳ ᠪᠠᠯᠠᠮᠠᠳ ᠲᠣᠭᠰᠢᠨ ᠢᠶᠠᠷ ᠲᠡᠪᠴᠢᠵᠦ᠂ ᠴᠢᠨᠠᠭᠰᠢᠯᠠᠪᠠᠯ ᠵᠠᠷᠢᠮ ᠠᠭᠤᠷᠬᠠᠢ ᠶᠢᠨ ᠡᠵᠡᠳ ᠠᠵᠢᠯ ᠬᠠᠶᠠᠯᠲᠠ ᠳᠤ ᠣᠷᠤᠯᠴᠠᠭᠰᠠᠨ ᠠᠵᠢᠯᠴᠢᠳ ᠢ ᠠᠵᠢᠯ ᠠᠴᠠ ᠨᠢ ᠬᠦᠭᠡᠭᠡᠨ᠎ᠡ ᠭᠡᠪᠡ᠃ ᠠᠭᠤᠷᠬᠠᠢ ᠶᠢᠨ ᠠᠵᠢᠯᠲᠠᠳ ᠤᠨ ᠰᠡᠳᠬᠢᠯ ᠳᠠᠬᠢ ᠠᠭᠤᠷ ᠬᠢᠯᠢᠩ ᠤᠨ ᠭᠠᠯ ᠳᠣᠣᠷ᠎ᠠ ᠪᠠᠨ ᠬᠠᠭᠤᠷᠠᠢ ᠲᠦᠯᠡᠭᠡ ᠮᠡᠲᠦ ᠰᠢᠲᠠᠭᠳᠠᠵᠤ᠂ ᠠᠵᠢᠯ ᠬᠠᠶᠠᠬᠤ ᠨᠢ ᠨᠢᠭᠡᠨᠲᠡ ᠬᠤᠷᠢᠭᠯᠠᠭᠳᠠᠰᠢ ᠦᠭᠡᠢ ᠴᠣᠷᠭᠢᠮ᠎ᠠ ᠳᠣᠯᠭᠢᠰᠤᠯ ᠪᠣᠯᠪᠠ᠃ ⑥ 2017 ᠣᠨ ᠤ 10 ᠳ᠋ᠤᠭᠠᠷ ᠰᠠᠷ᠎ᠠ ᠶᠢᠨ 13 ᠤ ᠡᠳᠦᠷ ︽ᠬᠥᠬᠡᠬᠤᠲᠠ ᠶᠢᠨ ᠡᠳᠦᠷ ᠤᠨ ᠰᠣᠨᠢᠨ︾᠂ ︽ᠦᠷᠡᠭᠳᠡᠭᠰᠡᠨ ᠪᠠᠭᠠᠲᠤᠷ ᠠᠭᠤᠤ ᠭᠠᠪᠢᠶ᠎ᠠ ᠶᠦᠩ ᠵᠤᠤ ᠣᠪᠣᠭᠲᠤ ᠶᠢᠨ ᠬᠤᠶᠢᠴᠢᠰ︾ ᠭᠡᠬᠦ ᠵᠣᠬᠢᠶᠠᠯ ᠠᠴᠠ ᠯᠠᠪᠯᠠᠯᠲᠠ ᠪᠣᠯᠭᠠᠪᠠ᠃        ᠰᠢᠭᠤᠶᠢᠲᠤ ᠨᠡᠭᠦᠷᠡᠰᠦᠨ ᠠᠭᠤᠷᠬᠠᠢ ᠶᠢᠨ ᠪᠦᠬᠦ ᠲᠠᠯ᠎ᠠ ᠪᠠᠷ ᠲᠠᠮᠫᠤᠷᠠᠭᠰᠠᠨ ᠪᠠᠶᠢᠳᠠᠯ ᠤᠨ ᠡᠮᠦᠨ᠎ᠡ᠂ ᠠᠭᠤᠷᠬᠠᠢ ᠶᠢᠨ ᠡᠵᠡᠳ ᠢᠯᠠᠭᠳᠠᠯ ᠳᠤ ᠤᠴᠠᠷᠠᠭᠰᠠᠨ ᠳᠤ ᠪᠠᠨ ᠬᠠᠨᠤᠮᠵᠢ ᠦᠭᠡᠢ ᠪᠠᠶᠢᠵᠤ᠂ ᠬᠤᠯᠪᠣᠭᠠᠯᠠᠨ ᠬᠠᠭᠠᠴᠠᠭᠤᠯᠤᠨ ᠵᠠᠳᠠᠷᠠᠭᠤᠯᠬᠤ ᠠᠷᠭ᠎ᠠ ᠪᠠᠷ ᠠᠭᠤᠷᠬᠠᠢ ᠶᠢᠨ ᠠᠵᠢᠯᠴᠢᠳ ᠢ ᠠᠷᠭᠠᠴᠠᠭᠠᠬᠤ ᠪᠠᠷ ᠤᠷᠤᠯᠳᠤᠪᠠ᠂ ᠪᠠᠰᠠ ᠥᠭᠡᠷ᠎ᠡ ᠠᠵᠢᠯᠴᠢᠨ ᠬᠥᠯᠥᠰᠥᠯᠡᠵᠦ᠂ ᠠᠵᠢᠯ ᠬᠠᠶᠠᠯᠲᠠ ᠳᠤ ᠣᠷᠣᠯᠴᠠᠭᠰᠠᠨ ᠠᠭᠤᠷᠬᠠᠢ ᠶᠢᠨ ᠠᠵᠢᠯᠴᠢᠨ ᠢ ᠭᠠᠴᠢᠭᠳᠠᠭᠤᠯᠬᠤ ᠪᠠᠷ ᠣᠷᠣᠯᠳᠤᠪᠠ᠃ ᠭᠡᠲᠡᠯ᠎ᠡ ᠲᠡᠳᠡᠨᠠᠷ ᠤᠨ ᠰᠠᠨᠠᠭᠠᠨ ᠠᠴᠠ ᠭᠠᠳᠠᠭᠤᠷ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠵᠥᠪᠯᠡᠯ ᠤᠨ ᠤᠬᠠᠭᠤᠯᠭ᠎ᠠ᠂ ᠳᠠᠢᠴᠢᠯᠠᠯᠲᠠ ᠳᠣᠣᠷ᠎ᠠ᠂ ᠠᠭᠤᠷᠬᠠᠢ ᠶᠢᠨ ᠠᠵᠢᠯᠴᠢᠨ ᠤ ᠤᠴᠠᠷᠠᠯ ᠨᠢ ᠪᠤᠭᠤᠲᠤ ᠬᠤᠲᠠ ᠶᠢᠨ ᠠᠷᠠᠳ ᠪᠣᠯᠤᠨ ᠨᠡᠭᠦᠷᠡᠰᠦ ᠵᠥᠭᠡᠭᠡᠪᠦᠷᠢᠯᠡᠬᠦ ᠠᠵᠢᠯ ᠢ ᠬᠢᠵᠦ ᠪᠠᠢᠭ᠎ᠠ ᠲᠤᠬᠠᠢ ᠶᠢᠨ ᠭᠠᠵᠠᠷ ᠤᠨ ᠲᠠᠷᠢᠶᠠᠴᠢᠨ᠂ ᠠᠵᠢᠯᠴᠢᠨ ᠤ ᠥᠷᠭᠡᠨ ᠢᠶᠠᠷ ᠬᠠᠯᠠᠮᠵᠢᠯᠠᠯ ᠢ ᠬᠦᠡᠲᠡᠵᠦ᠂ ᠪᠤᠭᠤᠲᠤ ᠬᠤᠲᠠ ᠶᠢᠨ ᠠᠷᠠᠳ ᠪᠠᠰᠠ ᠵᠠᠯᠭᠠᠭ᠎ᠠ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠠᠭᠤᠷᠬᠠᠢ ᠶᠢᠨ ᠠᠵᠢᠯᠴᠢᠨ ᠤ ᠠᠵᠢᠯ ᠬᠠᠶᠠᠬᠤ ᠬᠦᠳᠡᠯᠭᠡᠭᠡᠨ ᠢ ᠳᠡᠮᠵᠢᠪᠡ᠂ ᠠᠵᠢᠯᠴᠢᠨ ᠤ ᠴᠠᠭᠳᠠᠨ ᠪᠠᠶᠢᠴᠠᠭᠠᠬᠤ ᠠᠩᠭᠢ ᠨᠢᠭᠡᠳᠦᠯᠲᠡᠢ ᠲᠡᠮᠳᠡᠭ ᠵᠡᠭᠦᠵᠦ᠂ ᠠᠵᠢᠯ ᠬᠠᠶᠠᠯᠲᠠ ᠶᠢᠨ ᠡᠮᠬᠢ ᠵᠢᠷᠤᠮ ᠢ ᠪᠠᠲᠤᠯᠠᠵᠤ᠂ ᠠᠵᠢᠯᠴᠢᠨ ᠤ ᠲᠥᠯᠥᠭᠡᠯᠡᠭᠴᠢ ᠶᠢ ᠬᠠᠮᠠᠭᠠᠯᠠᠬᠤ ᠶᠢᠨ ᠬᠠᠮᠲᠤ᠂ ᠠᠭᠤᠷᠬᠠᠢ ᠶᠢᠨ ᠡᠵᠡᠨ ᠤ ᠥᠭᠡᠷ᠎ᠡ ᠠᠵᠢᠯᠴᠢᠨ ᠬᠦᠯᠦᠰᠦᠯᠡᠬᠦ ᠭᠤᠷᠢᠳᠠᠯ ᠢ ᠡᠪᠳᠡᠪᠡ᠃ ᠯᠢ ᠢᠤᠢ ᡁᠢ ᠠᠯᠭᠤᠷᠬᠠᠨ ᠢᠶᠠᠷ ᠰᠢᠭᠤᠶᠢᠳᠤ ᠠᠭᠤᠷᠬᠠᠢ ᠶᠢᠨ ᠠᠵᠢᠯᠴᠢᠳ ᠤᠨ ᠬᠤᠯᠪᠤᠭᠠᠳᠤ ᠬᠤᠷᠠᠯ ᠤᠨ ᠭᠡᠰᠢᠭᠦᠳ ᠤᠨ ᠠᠵᠢᠯ ᠬᠠᠶᠠᠬᠤ ᠳᠡᠮᠡᠴᠡᠯ ᠤᠨ ᠨᠢᠭᠡᠳᠤᠭᠡᠷ ᠹᠷᠤᠨᠲ ᠢ ᠤᠳᠤᠷᠢᠳᠴᠤ᠂ ᠪᠡᠯᠡᠳᠬᠡᠯ ᠪᠦᠷᠢᠨ ᠭᠦᠢᠴᠡᠳ᠂ ᠵᠤᠬᠢᠶᠠᠨ ᠪᠠᠶᠢᠭᠤᠯᠤᠯᠳᠠ ᠨᠢ ᠨᠢᠬᠳᠠ ᠴᠢᠩᠭ᠎ᠠ᠂ ᠠᠵᠢᠯᠯᠠᠭ᠎ᠠ ᠨᠢ ᠨᠢᠭᠡᠳᠤᠯᠳᠠᠢ ᠵᠡᠷᠭᠡ ᠰᠢᠯᠳᠠᠭᠠᠨ ᠠᠴᠠ ᠪᠤᠯᠵᠤ᠂ ᠪᠦᠬᠦᠶᠢᠯᠡ ᠠᠵᠢᠯ ᠬᠠᠶᠠᠯᠲᠠ ᠶᠢᠨ ᠶᠠᠪᠤᠴᠠ ᠡᠮᠬᠢ ᠲᠢᠭᠯᠢᠮ ᠲᠠᠢ ᠪᠠᠶᠢᠵᠤ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠢ ᠶᠡᠷᠦ ᠨᠦᠯᠤᠭᠡᠯᠡᠭᠰᠡᠨ ᠦᠭᠡᠢ᠃ ᠡᠷᠡᠭᠡᠯᠵᠡᠯ ᠦᠭᠡᠢ ᠪᠦᠯᠬᠦᠮᠳᠡᠭᠰᠡᠨ ᠠᠭᠤᠷᠬᠠᠢ ᠶᠢᠨ ᠠᠵᠢᠯᠲᠠᠳ᠂ ᠯᠢ ᠢᠦᠢ ᡁᠢ ᠪᠣᠯᠤᠨ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠬᠤᠯᠪᠣᠭᠠᠲᠤ ᠬᠤᠷᠠᠯ ᠢ ᠨᠡᠩ ᠡᠷᠡᠰ ᠪᠠᠲᠤ ᠬᠦᠷᠢᠶᠡᠯᠡᠵᠦ᠂ ᠠᠵᠢᠯ ᠢᠶᠠᠨ ᠰᠡᠷᠭᠦᠭᠡᠬᠦ ᠭᠤᠷᠪᠠᠨ ᠱᠠᠭᠠᠷᠳᠠᠯᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠪᠠ᠃        ᠠᠵᠢᠯ ᠬᠠᠶᠠᠯᠲᠠ ᠰᠠᠶ᠋ᠢᠬᠠᠨ ᠬᠤᠶᠠᠷ ᠭᠤᠷᠪᠠᠨ ᠡᠳᠦᠷ ᠦᠷᠭᠦᠯᠵᠢᠯᠡᠬᠦ ᠳᠤ᠂ ᠠᠭᠤᠷᠬᠠᠢ ᠶᠢᠨ ᠡᠵᠡᠳ ᠪᠠᠴᠢᠮᠳᠠᠨ ᠰᠠᠨᠳᠤᠷᠴᠤ᠂ ᠰᠠᠨᠠᠭᠠᠴᠢᠯᠠᠭ᠎ᠠ ᠠᠴᠠ ᠪᠠᠨ ᠠᠵᠢᠯᠴᠢᠨ ᠤ ᠲᠥᠯᠥᠭᠡᠯᠡᠭᠴᠢ ᠶᠢ ᠡᠷᠢᠵᠦ ᠬᠡᠯᠡᠯᠴᠡᠭᠡᠷ ᠬᠢᠵᠦ᠂ ᠤᠷᠢᠳᠠᠪᠠᠷ ᠠᠵᠢᠯ ᠢᠶᠠᠨ ᠰᠡᠷᠭᠦᠭᠡᠵᠦ ᠳᠠᠷᠠᠭ᠎ᠠ ᠨᠢ ᠨᠥᠬᠦᠴᠡᠯ ᠢᠶᠠᠨ ᠶᠠᠷᠢᠯᠴᠠᠬᠤ ᠶᠢ ᠱᠠᠭᠠᠷᠳᠠᠪᠠ᠃ ᠯᠢ ᠢᠣᠢ ᡁᠢ ᠠᠵᠢᠯᠴᠢᠠ ᠤ ᠲᠦᠯᠦᠭᠡᠯᠡᠭᠴᠢᠳ ᠲᠠᠢ ᠵᠦᠪᠲᠠᠯᠴᠠᠵᠤ ᠥᠷᠭᠡᠨ ᠣᠯᠠᠨ ᠠᠭᠤᠷᠬᠠᠢ ᠶᠢᠨ ᠠᠵᠢᠯᠴᠢᠨ ᠤ ᠰᠠᠨᠠᠯ ᠢ ᠬᠤᠷᠢᠶᠠᠭᠰᠠᠨ ᠤ ᠰᠠᠭᠦᠯᠠᠷ᠂ᠠᠭᠤᠷᠬᠠᠢ ᠡᠵᠡᠳ ᠲᠤ ᠣᠭᠲᠣᠬᠠᠨ ᠴᠤ ᠨᠠᠶᠢᠷ ᠬᠠᠶᠠᠬᠤ ᠦᠭᠡᠢ᠂ ᠲᠠᠭᠢᠠ ᠬᠡᠲᠣᠠ ᠡᠲᠣᠷ ᠢ ᠪᠠᠷᠢᠮᠲᠠᠯᠠᠵᠤ᠂ ᠬᠦᠮᠦᠨ ᠲᠣᠮᠢᠯᠠᠵᠤ ᠠᠭᠤᠷᠬᠠᠢ ᠶᠢᠨ ᠡᠵᠡᠨ ᠳᠤ᠂ ᠠᠵᠢᠯᠴᠢᠠ ᠤ ᠶᠠᠷᠣᠩᠭᠡᠢ ᠲᠦᠯᠦᠭᠡᠯᠡᠭᠴᠢᠳ ᠶᠡᠭᠡ ᠵᠣᠣ ᠠᠶᠢᠮᠠᠭ ᠲᠤ ᠣᠴᠢᠪᠠ᠂ ᠬᠠᠷᠢᠵᠤ ᠢᠷᠡᠭᠰᠡᠨ ᠤ ᠳᠠᠷᠠᠭ᠎ᠠ ᠬᠡᠯᠠᠯᠴᠡᠭᠡ ᠬᠢᠶ᠎ᠡ ᠭᠡᠵᠦ ᠬᠡᠯᠡᠭᠦᠯᠬᠦ ᠪᠠᠷ ᠳᠣᠬᠲᠠᠵᠠᠢ᠃ ᠠᠭᠤᠷᠬᠠᠢ ᠶᠢᠨ ᠡᠵᠡᠳ ᠪᠦᠷ ᠰᠠᠨᠳᠤᠷᠴᠤ᠂ ᠬᠤᠶᠢᠨ᠎ᠠ ᠬᠤᠶᠢᠨ᠎ᠠ ᠠᠴᠠ ᠪᠠᠨ ᠰᠢᠨ᠎ᠡ ᠠᠵᠢᠯ ᠤᠨ ᠶᠡᠷᠦᠩᠬᠡᠶ ᠲᠥᠯᠥᠭᠡᠯᠡᠭᠴᠢ ᠪᠠᠷ ᠰᠣᠩᠭᠤᠵᠤ ᠶᠠᠷᠢᠯᠴᠠᠭᠤᠯᠬᠤ ᠪᠠᠷ ᠰᠢᠪᠠᠳᠠᠪᠠ᠂ ᠠᠵᠢᠯᠴᠢᠳ ︽ᠪᠤᠰᠤᠳ ᠬᠥᠮᠦᠨ ᠴᠥᠮ ᠡᠨᠡ ᠶᠠᠪᠤᠳᠠᠯ ᠢ ᠡᠷᠬᠡ ᠮᠡᠳᠡᠵᠦ ᠳᠡᠶᠢᠯᠬᠦ ᠦᠭᠡᠢ︾ ᠭᠡᠪᠡ᠃ ᠳᠣᠯᠣᠳᠤᠭᠠᠷ ᠡᠳᠦᠷ ᠪᠣᠯᠵᠤ᠂ ᠠᠭᠤᠷᠬᠠᠢ ᠶᠢᠨ ᠡᠵᠡᠳ ᠤᠨ ᠳᠠᠬᠢᠨ ᠳᠠᠪᠲᠠᠨ ᠰᠢᠪᠠᠳᠠᠯᠭ᠎ᠠ ᠳᠣᠣᠷ᠎ᠠ᠂ ᠠᠭᠤᠷᠬᠠᠢ ᠶᠢᠨ ᠠᠵᠢᠯᠲᠠᠳ ᠤᠨ ᠱᠠᠭᠠᠷᠳᠠᠯᠭ᠎ᠠ ᠶᠢ ᠬᠠᠩᠭᠠᠨ᠎ᠠ ᠭᠡᠵᠦ ᠢᠯᠡᠷᠬᠡᠶᠢᠯᠡᠭᠰᠡᠨ ᠤ ᠳᠠᠷᠠᠭ᠎ᠠ᠂ ᠯᠢ ᠢᠦᠢ ᡁᠢ ᠰᠢ ᠡᠯ ᠾᠧᠢ ᠵᠢᠴᠢ ᠭᠤᠷᠪᠠᠨ ᠠᠵᠢᠯᠴᠢᠨ ᠤ ᠲᠥᠯᠥᠭᠡᠯᠡᠭᠴᠢ ᠠᠭᠤᠷᠬᠠᠢ ᠶᠢᠨ ᠡᠵᠡᠨ ᠲᠠᠢ ᠬᠡᠯᠡᠯᠴᠡᠭᠡ ᠬᠢᠪᠡ᠂ ᠬᠡᠯᠡᠯᠴᠡᠭᠡᠷ ᠤᠨ ᠲᠤᠬᠠᠢ ᠶᠢᠨ ᠲᠠᠯᠠᠪᠠᠢ ᠶᠢᠨ ᠭᠠᠳᠠᠨ᠎ᠠ ᠠᠭᠤᠷᠬᠠᠢ ᠶᠢᠨ ᠠᠵᠢᠯᠴᠢᠳ ᠤᠨ ᠤᠳᠠᠭ᠎ᠠ ᠤᠳᠠᠭᠠᠨ ᠤ ᠠᠴᠠ ᠥᠨᠳᠦᠷ ᠳᠠᠭᠤᠨ ᠤ ᠤᠷᠢᠶ᠎ᠠ ᠳᠣᠣᠷ᠎ᠠ᠂ ᠠᠭᠤᠷᠬᠠᠢ ᠶᠢᠨ ᠡᠵᠡᠳ ᠮᠠᠰᠢ ᠲᠦᠷᠭᠡᠨ ᠢᠶᠠᠷ ᠲᠤᠬᠠᠢ ᠶᠢᠨ ᠲᠠᠯᠠᠪᠤᠷ ᠲᠤ ᠠᠷᠭ᠎ᠠ ᠪᠤᠰᠤ ᠠᠵᠢᠯᠴᠢᠨ ᠤ ᠱᠠᠭᠠᠷᠳᠠᠯᠭ᠎ᠠ ᠶᠢ ᠵᠥᠪᠰᠢᠶᠡᠷᠡᠵᠦ᠂ ᠠᠵᠢᠯ ᠬᠠᠶᠠᠯᠲᠠ ᠪᠦᠷᠢᠮᠦᠰᠦᠨ ᠢᠯᠠᠯᠲᠠ ᠣᠯᠵᠠᠢ᠃ ⑦ ᠠᠮᠢᠵᠢᠷᠠᠯ ᠤᠨ ᠬᠦᠴᠦᠨ ᠲᠣᠭᠲᠠᠬᠤ ᠶᠢᠨ ᠨᠡᠶᠢᠲᠡ ᠶᠢᠨ ᠳ᠋ᠤᠭᠠᠷ ﹇ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ﹈ ᠲᠣᠭᠲᠠᠬᠤ ᠰᠢᠶᠠᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠳᠡᠯᠭᠡᠨ ᠦᠵᠡᠭᠦᠯᠬᠦ ᠨᠡᠪᠲᠡᠷᠡᠭᠦᠯᠭᠡ ︵ᠨᠢᠭᠡ︶ ᠬᠠᠲᠤᠨ ᠭᠤᠤᠯ ᠤᠨ ᠵᠢᠶᠤᠤᠽᠢ — ᠯᠢ ᠢᠦᠶ ᡁᠢ ᠠᠴᠠ ᠯᠠᠪᠯᠠᠯᠲᠠ ᠪᠣᠯᠭᠠᠪᠠ᠃
图片3.png
        ᠯᠢ ᠢᠦᠢ ᡁᠢ ᠰᠢᠭᠤᠶᠢᠲᠤ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠢ ᠣᠳᠤᠷᠢᠳᠤᠨ ᠠᠵᠢᠯ ᠬᠠᠶᠠᠭᠰᠠᠨ ᠪᠠᠭᠤᠷᠢ ︵ᠨᠡᠭᠦᠷᠡᠰᠦᠨ ᠠᠭᠤᠷᠬᠠᠢ ᠶᠢᠨ ᠨᠦᠬᠡ ᠶᠢᠨ ᠡᠮᠦᠨ᠎ᠡ ᠲᠠᠪᠴᠠᠩ︶        ᠥᠩᠭᠡᠷᠡᠭᠰᠡᠨ ᠢ ᠲᠠᠨᠢᠵᠤ᠂ ᠢᠷᠡᠭᠡᠳᠦᠢ ᠶᠢ ᠨᠡᠭᠡᠭᠡᠶ᠎ᠡ᠃ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠠᠵᠢᠯ ᠬᠠᠶᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠨᠠᠮ ᠤᠨ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠠᠩᠬᠠᠳᠠᠭᠴᠢ ᠠᠵᠢᠯᠴᠢᠨ ᠤ ᠬᠥᠳᠡᠯᠭᠡᠭᠡᠨ ᠮᠥᠨ᠂ ᠥᠪᠥᠷ ᠮᠣᠩᠭᠤᠯ ᠣᠷᠣᠨ ᠤ ᠠᠵᠢᠯᠴᠢᠨ ᠤ ᠬᠥᠳᠡᠯᠭᠡᠭᠡᠨ ᠢ ᠵᠣᠷᠢᠭᠵᠢᠭᠤᠯᠬᠤ ᠨᠢᠭᠡ ᠲᠠᠯ᠎ᠠ ᠶᠢᠨ ᠭᠡᠷᠡᠯ ᠰᠠᠴᠤᠷᠠᠩᠭᠤᠢ ᠲᠤᠭ ᠮᠦᠨ᠂ ᠪᠠᠰᠠ ᠴᠤ ᠯᠢ ᠢᠦᠢ ᡁᠢ ᠪᠠᠷ ᠲᠥᠯᠦᠭᠡᠯᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶ᠎ᠠ ᠨᠠᠮ ᠲᠠᠢ ᠨᠢᠭᠲᠠ ᠬᠠᠷᠢᠯᠴᠠᠬᠤ᠂ ᠠᠵᠢᠯᠴᠢᠨ ᠠᠩᠭᠢ ᠶᠢ ᠳᠠᠢᠴᠢᠯᠠᠬᠤ ᠲᠤᠬᠠᠢ ᠵᠢᠭᠠᠪᠤᠷᠢ ᠶᠢ ᠡᠷᠡᠰ ᠲᠣᠭᠤᠰᠢᠯᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠥᠷᠨᠢᠭᠦᠯᠦᠨ᠂ ᠵᠣᠷᠢᠭᠲᠠᠢ ᠪᠠᠷ ᠲᠡᠮᠡᠴᠡᠬᠦ᠂ ᠴᠢᠳᠠᠮᠠᠭᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠲᠡᠮᠡᠴᠡᠯ ᠤᠨ ᠠᠷᠭ᠎ᠠ ᠪᠣᠳᠣᠯᠭ᠎ᠠ ᠶᠢ ᠵᠦᠢ ᠵᠣᠬᠢᠰᠲᠠᠢ ᠬᠡᠷᠡᠭᠯᠡᠨ᠂ ᠠᠵᠢᠯᠴᠢᠨ ᠤ ᠠᠰᠢᠭ ᠲᠤᠰᠠ ᠶᠢ ᠦᠨᠡᠨ ᠬᠦ ᠬᠠᠮᠠᠭᠠᠯᠠᠭᠰᠠᠨ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠤᠨ᠎ᠠ᠃ ᠪᠦᠯᠬᠦᠮᠳᠡᠨ ᠲᠡᠮᠡᠴᠡᠬᠦ ᠨᠢ ᠵᠠᠭᠤ ᠰᠢᠬᠠᠮ ᠵᠢᠯ ᠤᠨ ᠡᠮᠦᠨᠡᠬᠢ ᠰᠦᠷ ᠳᠠᠯᠠᠶᠢᠴᠠᠲᠠᠢ ᠰᠢᠭᠤᠶᠢᠲᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠬᠥᠳᠡᠯᠭᠡᠭᠡᠨ ᠢᠯᠠᠯᠲᠠ ᠤᠯᠬᠤ ᠤᠶᠤᠨ ᠰᠠᠨᠠᠭᠠᠨ ᠤ ᠪᠡᠯᠭᠡ ᠲᠡᠮᠳᠡᠭ ᠪᠣᠯᠤᠭᠰᠠᠨ ᠤ ᠬᠤᠪᠢ ᠳᠤ᠂ ᠵᠠᠭᠤ ᠰᠢᠬᠠᠮ ᠵᠢᠯ ᠤᠨ ᠬᠤᠷᠠᠮᠳᠤᠯ ᠪᠠ ᠳᠡᠭᠡᠭᠰᠢᠯᠡᠯᠲᠡ ᠶᠢ ᠦᠩᠬᠡᠷᠡᠬᠦ ᠪᠠᠷ ᠲᠠᠮᠵᠢᠨ᠂ ᠨᠢᠭᠡᠨᠲᠡ ︽ᠬᠤᠪᠢᠰᠬᠠᠯ ᠤᠨ ᠤᠯᠠ ᠮᠥᠷ ᠢ ᠬᠠᠶᠢᠨ ᠰᠦᠪᠡᠭᠴᠢᠯᠡᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ︾ ᠭᠠᠵᠠᠷ ᠣᠷᠣᠨ ᠤ ᠬᠤᠪᠢᠰᠬᠠᠯ ᠤᠨ ᠰᠤᠳᠤᠯᠤᠨ ᠰᠤᠷᠤᠯᠴᠠᠬᠤ ᠳᠤ ᠠᠭᠤᠰᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠬᠤ ᠬᠢᠵᠠᠭᠠᠯᠠᠰᠢ ᠦᠭᠡᠢ ᠠᠤᠭ᠎ᠠ ᠬᠦᠴᠦᠨ ᠪᠤᠯᠵᠤ᠂ ᠰᠢᠨ᠎ᠡ ᠴᠠᠭ ᠦᠶ᠎ᠡ ᠶᠢᠨ ᠭᠡᠷᠡᠯ ᠭᠢᠯᠪᠠᠭ᠎ᠠ ᠪᠠᠨ ᠪᠠᠳᠠᠷᠠᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号