ᠲᠠᠶᠢᠯ ᠪᠣᠭᠳᠠ ᠶᠢᠨ ᠲᠠᠬᠢᠯᠭ᠎ᠠ
ᠨᠡᠶᠢᠲᠡᠯᠡᠭᠰᠡᠨ ᠴᠠᠭ᠄
2025/3/13
        ᠲᠠᠶᠢᠯ ᠪᠣᠭᠳᠠ ᠶᠢᠨ ᠲᠠᠬᠢᠯᠭ᠎ᠠ ᠭᠡᠳᠡᠭ ᠨᠢ ᠬᠠᠪᠤᠲᠤ ᠬᠠᠰᠠᠷ ᠤᠨ ᠣᠷᠳᠣᠨ ︵ᠦᠷᠬᠦᠭᠡ︶᠎ ᠤ ᠲᠠᠬᠢᠯᠭ᠎ᠠ ᠶᠢ  ᠬᠡᠯᠡᠵᠦ ᠪᠠᠶᠢᠨ᠎ᠠ᠃ ᠮᠠᠨ ᠤ ᠳᠡᠭᠡᠳᠦ ᠦᠶ᠎ᠡ ᠶᠢᠨ ᠬᠥᠮᠥᠰ ᠬᠠᠪᠤᠲᠤ ᠬᠠᠰᠠᠷ ᠢ ᠪᠣᠭᠳᠠ ᠭᠡᠵᠦ ᠦᠵᠡᠳᠡᠭ ᠪᠣᠯᠬᠤᠷ  ᠬᠠᠪᠤᠲᠤ ᠬᠠᠰᠠᠷ ᠭᠡᠰᠡᠨ ᠨᠡᠷ᠎ᠡ ᠶᠢ ᠰᠢᠭᠤᠳ ᠲᠤᠷᠠᠳᠤᠳᠠᠭ ᠦᠭᠡᠢ ᠬᠠᠷᠢᠨ ᠲᠠᠶᠢᠯ ᠪᠣᠭᠳᠠ ᠭᠡᠵᠦ ᠨᠡᠷ᠎ᠡ  ᠬᠠᠯᠢᠷᠠᠭᠤᠯᠤᠨ ᠳᠠᠭᠤᠳᠠᠳᠠᠭ ᠠᠴᠠ ᠲᠠᠶᠢᠯ ᠪᠣᠭᠳᠠ ᠶᠢᠨ ᠲᠠᠬᠢᠯᠭ᠎ᠠ ᠭᠡᠳᠡᠭ ᠪᠢᠯᠡ᠃              ᠲᠠᠶᠢᠯ ᠪᠣᠭᠳᠠ ᠶᠢᠨ ᠲᠠᠬᠢᠯᠭ᠎ᠠ ᠪᠣᠯ ᠪᠦᠬᠡ ᠮᠥᠷᠭᠦᠯ ᠤᠨ ᠰᠣᠶᠣᠯ ᠪᠣᠯᠣᠨ ᠨᠡᠭᠦᠳᠡᠯ ᠰᠣᠶᠣᠯ ᠤᠨ  ᠬᠥᠷᠥᠰᠥᠨ ᠳᠤ ᠤᠷᠭᠤᠭᠰᠠᠨ ᠮᠣᠩᠭᠤᠯᠴᠤᠳ ᠤᠨ ᠡᠪᠦᠭᠡ ᠳᠡᠭᠡᠳᠦᠰ ᠤᠨ ᠲᠠᠬᠢᠯᠭ᠎ᠠ ᠶᠢᠨ ᠨᠢᠭᠡᠨ ᠵᠦᠢᠯ ᠪᠠᠶᠢᠵᠤ᠂  ᠥᠨᠢ ᠤᠳᠠᠭᠠᠨ ᠲᠡᠦᠬᠡ ᠪᠣᠯᠣᠨ ᠥᠨᠢᠷ ᠪᠠᠶᠠᠯᠢᠭ ᠰᠣᠶᠣᠯ ᠤᠨ ᠠᠭᠤᠯᠭ᠎ᠠ ᠪᠠᠷ ᠢᠶᠠᠨ ᠬᠥᠮᠥᠰ ᠤᠨ ᠰᠣᠨᠢᠷᠬᠠᠯ ᠢ  ᠲᠠᠲᠠᠭᠰᠠᠭᠠᠷ ᠢᠷᠡᠵᠠᠢ᠃  ᠬᠠᠪᠤᠲᠤ ᠬᠠᠰᠠᠷ ᠪᠣᠯ ᠬᠢᠶᠠᠳ ᠶᠠᠰᠤᠲᠤ ᠶᠢᠰᠦᠳᠦᠭᠡᠷ ᠪᠠᠭᠠᠲᠤᠷ ᠪᠣᠯᠣᠨ ᠥᠭᠡᠯᠦᠨ ᠡᠬᠡ ᠶᠢᠨ ᠬᠤᠶᠠᠳᠤᠭᠠᠷ  ᠬᠥᠪᠡᠭᠦᠨ᠂ ᠨᠢᠭᠡᠨ ᠦᠶ᠎ᠡ ᠶᠢᠨ ᠲᠡᠭᠷᠯᠢᠭ ᠪᠠᠭᠠᠲᠤᠷ ᠴᠢᠩᠭᠢᠰ ᠬᠠᠭᠠᠨ ᠤ ᠲᠦᠷᠦᠭᠰᠡᠨ ᠳᠡᠭᠦᠦ ᠪᠢᠯᠡ᠃1164  ᠣᠨ ᠳᠤ ᠮᠡᠨᠳᠡᠯᠡᠵᠦ᠂1227 ᠣᠨ ᠬᠠᠯᠢᠪᠠ᠃ ᠪᠠᠭ᠎ᠠ ᠠᠴᠠ ᠪᠠᠨ ᠬᠠᠷᠪᠤᠵᠤ ᠨᠠᠮᠨᠠᠬᠤ ᠳᠤ ᠬᠠᠪᠤᠲᠠᠢ ᠪᠣᠯᠬᠤᠷ  ᠬᠠᠪᠤᠲᠤ ᠬᠠᠰᠠᠷ ᠭᠡᠵᠦ ᠨᠡᠷᠡᠯᠡᠪᠡ᠃ ︽ᠬᠠᠰᠠᠷ︾ ᠭᠡᠭᠴᠢ ᠲᠤᠭᠰᠢᠨ ᠠᠷᠢᠶᠠᠲᠠᠨ ᠭᠡᠰᠡᠨ ᠤᠳᠬ᠎ᠠ ᠲᠠᠢ᠃ ᠲᠡᠷᠡ  ᠪᠠᠭ᠎ᠠ ᠠᠴᠠ ᠪᠠᠨ ᠠᠬ᠎ᠠ ᠲᠡᠮᠦᠵᠢᠨ ᠢ ᠲᠠᠭᠠᠵᠦ᠂ ᠮᠣᠩᠭᠤᠯ ᠦᠨᠳᠦᠰᠦᠲᠡᠨ ᠤ ᠪᠦᠷᠢᠯᠳᠦᠯ ᠪᠣᠯᠣᠨ ᠠᠽᠢᠶ᠎ᠠ  ᠡᠸᠦ᠋ᠷᠦᠫᠡ ᠶᠢᠨ ᠡᠬᠡ ᠬᠠᠭᠤᠷᠠᠢ ᠶᠢ ᠰᠤᠨᠳᠠᠯᠠᠭᠰᠠᠨ ᠮᠣᠩᠭᠤᠯ ᠤᠨ ᠡᠵᠡᠨᠲᠦ ᠤᠯᠤᠰ ᠪᠠᠶᠢᠭᠤᠯᠬᠤ ᠪᠠ ᠪᠠᠬᠢᠵᠢᠯ  ᠬᠥᠭᠵᠢᠯ ᠳᠤ ᠦᠯᠡᠮᠵᠢ ᠭᠠᠪᠢᠶ᠎ᠠ ᠪᠠᠶᠢᠭᠤᠯᠤᠨ ᠨᠢᠭᠡ ᠨᠠᠰᠤ ᠪᠠᠨ ᠵᠣᠷᠢᠭᠤᠯᠤᠭᠰᠠᠨ ᠶᠤᠮ᠃ ᠬᠠᠪᠤᠲᠤ ᠬᠠᠰᠠᠷ ᠪᠣᠯ  ᠬᠤᠷᠴᠢᠨᠴᠤᠳ ᠤᠨ ᠡᠪᠦᠭᠡ ᠳᠡᠭᠡᠳᠦᠰ ᠪᠣᠯᠣᠨ᠎ᠠ᠃ ᠮᠤᠤᠮᠢᠩᠭᠠᠨ ᠠᠶᠢᠮᠠᠭ ᠪᠣᠯ ᠲᠡᠭᠦᠨ ᠤ ᠳᠣᠲᠣᠷᠠᠬᠢ  ᠲᠤᠰᠬᠠᠶᠢᠯᠠᠨ ᠲᠠᠶᠢᠯ ᠪᠣᠭᠳᠠ ᠶᠢᠨ ᠲᠠᠬᠢᠯᠭ᠎ᠠ ᠪᠠᠨ ᠡᠷᠬᠢᠯᠡᠭᠰᠡᠭᠡᠷ ᠬᠡᠳᠦᠨ ᠵᠠᠭᠤᠨ ᠣᠨ ᠪᠣᠯᠵᠤ ᠤᠳᠤ ᠶᠢᠨ ᠲᠠᠷᠬᠠᠨ  ᠮᠤᠤᠮᠢᠩᠭᠠᠨ ᠬᠤᠰᠢᠭᠤᠨ ᠤ ᠬᠡᠪᠴᠢᠶᠡᠨ ᠳᠤ ᠪᠠᠶᠢᠬᠤ ᠬᠠᠪᠤᠲᠤ ᠬᠠᠰᠠᠷ ᠤᠨ ᠲᠠᠬᠢᠯᠭ᠎ᠠ ᠶᠢᠨ ᠣᠷᠳᠣᠨ ︵ᠲᠠᠶᠢᠯ  ᠪᠣᠭᠳᠠ ᠶᠢᠨ ᠲᠠᠬᠢᠯᠭ᠎ᠠ︶᠎ ᠤ ᠲᠠᠬᠢᠯᠭ᠎ᠠ ᠶᠢᠨ ᠡᠵᠡᠳ ᠤᠨ ᠬᠤᠪᠢ ᠪᠠᠷ ᠲᠠᠬᠢᠯᠭ᠎ᠠ ᠪᠠᠨ ᠦᠷᠭᠦᠯᠵᠢᠯᠡᠵᠦ ᠪᠠᠶᠢᠨ᠎ᠠ᠃              ᠲᠠᠶᠢᠯ ᠪᠣᠭᠳᠠ ᠶᠢᠨ ᠲᠠᠬᠢᠯᠭ᠎ᠠ ᠶᠢ ᠭᠦᠢᠴᠡᠳᠬᠡᠬᠦ ᠶᠢᠨ ᠤᠴᠢᠷ ᠰᠢᠯᠲᠠᠭᠠᠨ ᠨᠢ ᠭᠡᠪᠡᠯ ᠲᠠᠶᠢᠯ ᠪᠣᠭᠳᠠ ᠶᠢᠨ  ᠰᠢᠲᠦᠭᠡᠨ ᠤ ᠪᠠᠨ ᠠᠭᠤᠷ ᠬᠢᠯᠢᠩ ᠢ ᠲᠠᠶᠢᠳᠬᠤᠷᠠᠭᠤᠯᠵᠤ᠂ ᠰᠠᠨᠠᠭ᠎ᠠ ᠰᠡᠳᠬᠢᠯ ᠢ ᠨᠢ ᠪᠠᠶᠠᠰᠬᠠᠨ᠂ ᠥᠪᠡᠷ ᠤᠨ  ᠰᠠᠶᠢᠨ ᠰᠠᠶᠢᠬᠠᠨ ᠢᠶᠠᠨ ᠬᠦᠰᠡᠨ ᠳᠠᠭᠠᠳᠬᠠᠵᠤ᠂ ᠪᠣᠭᠳᠠ ᠠᠴᠠ ᠠᠪᠤᠷᠠᠯ ᠥᠷᠥᠰᠢᠶᠡᠯ ᠭᠤᠶᠤᠨ᠂ ᠪᠣᠳᠠᠲᠤ  ᠠᠮᠢᠳᠤᠷᠠᠯ ᠠᠬᠤᠢ ᠳᠠᠭᠠᠨ ᠤᠶᠤᠨ ᠰᠠᠨᠠᠭᠠᠨ ᠤ ᠥᠮᠥᠭ ᠲᠦᠰᠢᠭ ᠣᠯᠵᠤ᠂ ᠪᠣᠳᠠᠲᠠᠢ ᠦᠷ᠎ᠡ ᠠᠰᠢᠭ ᠬᠦᠷᠳᠡᠬᠦ  ᠭᠡᠰᠡᠨ ᠶᠠᠪᠤᠳᠠᠯ ᠪᠣᠯᠣᠨ᠎ᠠ᠃ ᠣᠳᠣ ᠶᠢᠨ ᠡᠨᠡ ᠴᠠᠭ ᠲᠤ ᠪᠠᠰᠠ ᠦᠨᠳᠦᠰᠦᠲᠡᠨ ᠤ ᠰᠣᠶᠣᠯ ᠢ ᠥᠪᠯᠡᠨ  ᠵᠠᠯᠭᠠᠮᠵᠢᠯᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠬᠥᠭᠵᠢᠯᠲᠡ ᠶᠢ ᠠᠬᠢᠭᠤᠯᠵᠤ᠂ ᠣᠷᠣᠨ  ᠨᠤᠲᠤᠭ ᠤᠨ ᠵᠤᠭᠠᠴᠠᠯ ᠤᠨ ᠦᠢᠯᠡᠰ ᠢ ᠠᠬᠢᠭᠤᠯᠬᠤ ᠳᠤ ᠠᠰᠢᠭᠲᠠᠢ ᠶᠤᠮ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号