ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠤᠪᠤᠷᠠᠯ
ᠨᠡᠶᠢᠲᠡᠯᠡᠭᠰᠡᠨ ᠴᠠᠭ᠄
2025/3/13
        ᠨᠢᠭᠡ᠂  ᠰᠢᠯᠭᠠᠭᠤᠯᠤᠭᠰᠠᠳ ᠤᠨ ᠳᠠᠩᠰᠠ ᠨᠣᠮᠧᠷ ᠢ ᠳᠠᠩᠰᠠᠯᠠᠵᠤ ᠲᠡᠮᠳᠡᠭᠯᠡᠬᠦ        ᠰᠢᠯᠭᠠᠭᠤᠯᠤᠭᠴᠢ ᠲᠣᠰ ᠬᠥᠮᠦᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ︵https://www4.nm.zsks.cn/Basent/︶ ᠳᠤ ᠳᠠᠩᠰᠠᠯᠠᠭᠤᠯᠵᠤ᠂ ︽ᠳᠠᠩᠰᠠᠯᠠᠬᠤ︾ ᠳᠠᠷᠤᠪᠴᠢ ᠶᠢ ᠳᠠᠷᠤᠨ᠎ᠠ᠃ ᠰᠢᠯᠭᠠᠭᠤᠯᠤᠭᠴᠢ ᠳᠠᠩᠰᠠᠯᠠᠬᠤ ᠳᠠᠭᠠᠨ ᠠᠩᠬᠠᠷᠬᠤ ᠵᠦᠢᠯᠡᠰ ᠢ ᠤᠩᠰᠢᠵᠤ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠵᠤ᠂ ᠪᠤᠷᠤᠭᠤ ᠥᠬᠡᠶ ᠪᠣᠯ ︽ᠨᠤᠲᠠᠯᠠᠬᠤ︾ ᠶᠢ ᠳᠠᠷᠤᠨ᠎ᠠ᠃ ᠳᠠᠩᠰᠠᠯᠠᠯᠲᠠ ᠳᠠᠭᠤᠰᠤᠭᠰᠠᠨ ᠤ ᠳᠠᠷᠠᠭ᠎ᠠ ᠲᠡᠷᠢᠭᠦᠨ ᠨᠢᠭᠤᠷ ᠲᠤ ᠪᠤᠴᠠᠵᠤ ᠳᠠᠩᠰᠠᠯᠠᠭᠤᠯᠤᠨ᠎ᠠ᠃        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠨᠡᠶᠢᠲᠡᠯᠡᠭᠰᠡᠨ ᠬᠠᠮᠢᠶ᠎ᠠ ᠪᠥᠬᠦᠶ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠤᠯᠬᠤ ᠶᠢᠨ ᠲᠥᠯᠥᠭᠡ᠂ ᠰᠢᠯᠭᠠᠭᠤᠯᠤᠭᠴᠢ ᠡᠷᠬᠡᠪᠰᠢ ᠨᠡᠷ᠎ᠡ ᠮᠡᠳᠡᠭᠦᠯᠬᠦ᠂ ᠰᠢᠯᠭᠠᠬᠤ᠂ ᠡᠯᠰᠡᠬᠦ ᠬᠤᠭᠤᠴᠠᠭᠠᠨ ᠳᠤ ᠭᠠᠷ ᠤᠲᠠᠰᠤᠨ ᠤ ᠨᠣᠮᠧᠷ ᠢᠶᠠᠨ ᠨᠢᠭᠡᠳᠦᠯᠲᠡᠶ ᠪᠠᠶᠢᠯᠭᠠᠬᠤ ᠶᠢ ᠪᠠᠲᠤᠯᠠᠬᠤ ᠬᠡᠷᠡᠭᠲᠡᠶ᠃        ᠬᠤᠶᠠᠷ᠂ ᠰᠢᠯᠭᠠᠯᠲᠠ ᠳᠤ ᠨᠡᠷ᠎ᠡ ᠮᠡᠳᠡᠭᠦᠯᠬᠦ ᠬᠡᠰᠡᠭ        ᠳᠠᠩᠰᠠᠯᠠᠯᠲᠠ ᠳᠠᠭᠤᠰᠤᠭᠰᠠᠨ ᠤ ᠳᠠᠷᠠᠭ᠎ᠠ᠂ ᠬᠠᠭᠤᠳᠠᠰᠤᠨ ᠳᠡᠭᠡᠷᠡᠬᠢ ︽ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ︾ ᠶᠢ ᠳᠠᠷᠤᠨ᠎ᠠ᠂ ᠳᠣᠣᠷᠠᠬᠢ ᠴᠢᠳᠠᠮᠵᠢ ᠶᠢᠨ ᠬᠡᠰᠡᠭ ᠠᠴᠠ ︽ᠰᠢᠯᠭᠠᠯᠲᠠ ᠳᠤ ᠨᠡᠷ᠎ᠡ ᠮᠡᠳᠡᠭᠦᠯᠬᠦ︾ ᠶᠢ ᠰᠣᠩᠭᠤᠵᠤ᠂ ︽ᠣᠷᠣᠬᠤ︾ ᠶᠢ ᠳᠠᠷᠤᠨ᠎ᠠ᠃        ᠭᠤᠷᠪᠠ᠂ ᠰᠢᠯᠭᠠᠭᠤᠯᠤᠭᠰᠠᠳ ᠨᠡᠷ᠎ᠡ ᠮᠡᠳᠡᠭᠦᠯᠬᠦ ᠴᠤᠪᠤᠷᠠᠯ        ︵ᠨᠢᠭᠡ︶ ᠰᠢᠯᠭᠠᠭᠤᠯᠤᠭᠰᠠᠳ ᠤᠨ ᠮᠡᠳᠡᠭᠦᠢ ᠵᠦᠢᠯ ᠢ ᠤᠩᠰᠢᠬᠤ        ᠰᠢᠯᠭᠠᠭᠤᠯᠤᠭᠰᠠᠳ ᠤᠨ ᠡᠷᠬᠡᠪᠰᠢ ᠮᠡᠳᠡᠬᠦ ᠪᠦᠬᠦ ᠠᠭᠤᠯᠭ᠎ᠠ ︵ᠡᠨᠡ ᠬᠦ ᠲᠠᠰᠤᠯᠤᠯᠲᠠ ᠶᠢᠨ ᠵᠢᠷᠤᠭ ᠨᠢ ᠦᠵᠡᠭᠦᠯᠦᠯᠭᠡ ᠶᠢᠨ ᠠᠭᠤᠯᠭ᠎ᠠ ᠪᠣᠯᠤᠨ᠎ᠠ᠂ ᠰᠢᠰᠲ᠋ᠧᠮ ᠤᠨ ᠵᠢᠩᠭᠢᠨᠢ ᠲᠣᠳᠤᠷᠬᠠᠶᠢᠯᠠᠯᠲᠠ ᠪᠠᠷ ᠪᠠᠷᠢᠮᠵᠢᠶ᠎ᠠ ᠪᠣᠯᠭᠠᠭᠠᠷᠠᠢ ︶ ᠶᠢ ᠨᠠᠷᠢᠨ ᠬᠢᠨᠠᠮᠠᠭᠠᠶ ᠤᠩᠰᠢᠵᠤ᠂ ᠰᠢᠰᠲ᠋ᠧᠮ ᠤᠨ ᠵᠢᠩᠬᠢᠨᠢ ᠲᠣᠳᠣᠷᠬᠠᠶᠢᠯᠠᠯᠲᠠ ᠪᠠᠷ ᠪᠠᠷᠢᠮᠵᠢᠶ᠎ᠠ ᠪᠣᠯᠭᠠᠭᠠᠷᠠᠢ︶᠂ ᠨᠢᠭᠤᠷ ᠤᠨ ᠰᠠᠨᠠᠭᠤᠯᠤᠮᠵᠢ ᠶᠣᠰᠣᠭᠠᠷ ︽ᠪᠢ ᠨᠢᠭᠡᠨᠲᠡ ᠤᠩᠰᠢᠭᠰᠠᠨ ᠪᠥᠭᠡᠳ ᠬᠠᠮᠢᠶ᠎ᠠ ᠪᠥᠬᠦᠶ ᠱᠠᠭᠠᠷᠳᠠᠯᠭ᠎ᠠ ᠶᠢ ᠵᠥᠪᠰᠢᠶᠡᠷᠡᠨ᠎ᠡ︾ ᠶᠢ ᠰᠣᠩᠭᠤᠵᠤ᠂ ︽ᠡᠬᠢᠯᠡᠨ ᠲᠠᠭᠯᠠᠬᠤ︾ ᠶᠢ ᠳᠠᠷᠤᠵᠤ ᠳᠠᠷᠠᠭ᠎ᠠ ᠠᠯᠬᠤᠮ ᠳᠤ ᠣᠷᠣᠨ᠎ᠠ᠃        ︵ᠬᠤᠶᠠᠷ︶ ᠰᠢᠯᠭᠠᠭᠤᠯᠤᠭᠰᠠᠳ ᠤᠨ ᠬᠡᠯᠪᠡᠷᠢ ᠶᠢ ᠰᠣᠩᠭᠤᠬᠤ        ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ ᠰᠢᠯᠭᠠᠭᠤᠯᠤᠭᠰᠠᠳ ᠤᠨ ᠬᠡᠯᠪᠡᠷᠢ ᠶᠢ ᠰᠣᠩᠭᠤᠨ᠎ᠠ᠃ ᠲᠣᠰ ᠬᠤᠭᠤᠴᠠᠭᠠᠨ ᠤ ᠲᠡᠭᠦᠰᠬᠦ ᠰᠣᠷᠣᠭᠴᠢ ︵2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠡᠭᠦᠰᠬᠦ ᠦᠨᠡᠮᠯᠡᠯ ᠣᠯᠤᠭᠰᠠᠨ ᠮᠠᠨ ᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠷᠭᠡᠳᠬᠡᠨ ᠡᠯᠰᠡᠭᠰᠡᠨ ᠲᠣᠰ ᠬᠤᠭᠤᠴᠠᠭᠠᠨ ᠤ ᠰᠢᠯᠭᠠᠭᠤᠯᠤᠭᠴᠢ ︶᠂ ﹇ᠲᠣᠰ ᠬᠤᠭᠤᠴᠠᠭᠠᠨ ᠤ ᠲᠡᠭᠦᠰᠬᠦ ᠰᠣᠷᠣᠭᠴᠢ﹈ ᠶᠢᠨ ᠰᠢᠯᠭᠠᠭᠤᠯᠤᠭᠴᠢ ᠶᠢᠨ ᠲᠥᠷᠥᠯ ᠬᠡᠯᠪᠡᠷᠢ ᠶᠢ ᠰᠣᠩᠭᠤᠨ᠎ᠠ︔ ᠣᠷᠣᠨ ᠤ ᠳᠣᠲᠣᠷᠠᠬᠢ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠰᠢᠯᠭᠠᠭᠤᠯᠤᠭᠴᠢ ᠪᠣᠯ ᠲᠣᠰ ᠬᠤᠭᠤᠴᠠᠭ᠎ᠠ᠂ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠳ ᠢ ᠢᠯᠭᠠᠨ ᠰᠣᠩᠭᠤᠬᠤ ᠶᠢ ᠠᠩᠬᠠᠷᠤᠭᠠᠷᠠᠢ᠃ ᠣᠷᠣᠨ ᠤ ᠭᠠᠳᠠᠨᠠᠬᠢ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠲᠤᠰ ᠬᠤᠭᠤᠴᠠᠭᠠᠨ ᠤ ᠪᠤᠶᠤ ᠥᠩᠭᠡᠷᠡᠭᠰᠡᠨ ᠬᠤᠭᠤᠴᠠᠭᠠᠨ ᠤ ᠭᠡᠵᠦ ᠬᠤᠪᠢᠶᠠᠬᠤ ᠴᠢᠬᠤᠯᠠ ᠦᠭᠡᠶ᠂ ᠰᠢᠭᠤᠳ ﹇ᠣᠷᠣᠨ ᠤ ᠭᠠᠳᠠᠨᠠᠬᠢ ᠲᠣᠰ ᠬᠤᠭᠤᠴᠠᠭ᠎ᠠ ᠥᠩᠭᠡᠷᠡᠭᠰᠡᠨ ᠬᠤᠭᠤᠴᠠᠭᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠴᠡᠷᠢᠭ ᠢ ᠰᠣᠩᠭᠤᠪᠠᠯ ᠪᠣᠯᠴᠢᠬᠠᠨ᠎ᠠ᠃        ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠦᠶ᠎ᠡ ᠳᠤ ᠰᠢᠯᠭᠠᠯᠲᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠬᠠᠮᠢᠶ᠎ᠠ ᠪᠥᠬᠦᠶ ᠦᠷ᠎ᠡ ᠳ᠋ᠦᠩ ᠢ ᠬᠠᠷᠠᠬᠠᠨ ᠨᠡᠶᠢᠲᠡᠯᠡᠭᠡᠳᠦᠶ ᠪᠠᠶᠢᠪᠠᠯ᠂ ᠤᠷᠢᠳ ᠢᠶᠠᠷ ﹇ᠨᠢᠭᠡᠳᠦᠯᠲᠡᠶ ᠰᠢᠯᠭᠠᠯᠲᠠ ᠳᠤ ᠣᠷᠣᠯᠴᠠᠬᠤ﹈ — ﹇ᠡᠩ ᠤᠨ ᠰᠢᠯᠭᠠᠭᠤᠯᠤᠭᠴᠢ﹈ — ﹇ᠲᠣᠰ ᠬᠤᠭᠤᠴᠠᠭᠠᠨ ᠤ ᠲᠡᠭᠦᠰᠬᠦ ᠰᠤᠷᠤᠭᠴᠢᠳ﹈ ᠤᠨ ᠶᠣᠰᠣᠭᠠᠷ ᠨᠡᠷ᠎ᠡ ᠮᠡᠳᠡᠭᠦᠯᠵᠦ᠂ ᠦᠨᠳᠦᠰᠦᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠡᠭᠡᠨ ︽ᠦᠨᠡᠮᠯᠡᠯ ᠣᠯᠭᠤᠭᠰᠠᠨ ᠥᠬᠡᠶ ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠮᠦᠨ ᠡᠰᠡᠬᠦ︾ ᠶᠢᠨ ᠰᠣᠩᠭᠤᠯᠲᠠ ᠶᠢᠨ ︽ᠮᠦᠨ︾ ᠢ ᠰᠣᠩᠭᠤᠬᠤ ᠬᠡᠷᠡᠭᠲᠡᠶ᠃ ᠬᠡᠷᠪᠡ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠤᠷᠤᠯᠳᠤᠭᠠᠨ ᠤ ᠲᠥᠷᠥᠯ ᠵᠦᠢᠯ ᠤᠨ ᠦᠷ᠎ᠡ ᠳ᠋ᠦᠩ ᠢ ᠨᠡᠶᠢᠲᠡᠯᠡᠭᠰᠡᠨ ᠪᠣᠯ᠂ ᠰᠢᠯᠭᠠᠭᠤᠯᠤᠭᠴᠢ ︽ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠳᠤ ᠭᠠᠷᠴᠤ ﹇ᠭᠤᠶᠤᠴᠢᠯᠠᠨ ᠭᠦᠢᠴᠡᠳᠬᠡᠬᠦ﹈ — ﹇ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠳᠡᠪᠰᠢᠬᠦ﹈ — ﹇ᠰᠢᠯᠭᠠᠭᠤᠯᠤᠭᠴᠢ ᠶᠢᠨ ᠲᠥᠷᠥᠯ ᠬᠡᠯᠪᠡᠷᠢ ᠶᠢᠨ ᠬᠤᠪᠢᠷᠠᠭᠤᠯᠤᠯᠲᠠ﹈ ᠶᠢ ᠳᠣᠲᠣᠯᠠᠵᠤ᠂ ᠰᠢᠰᠲ᠋ᠧᠮ ᠤᠨ ᠰᠠᠨᠠᠭᠤᠯᠤᠮᠵᠢ ᠶᠢ ᠦᠨᠳᠦᠰᠦᠯᠡᠨ ᠬᠢᠷᠢ ᠬᠡᠮ ᠤᠨ ᠭᠡᠷᠡᠴᠢᠯᠡᠬᠦ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠵᠤ ᠰᠢᠯᠭᠠᠭᠤᠯᠤᠭᠴᠢ ᠶᠢᠨ ᠲᠥᠷᠥᠯ ᠵᠦᠢᠯ ᠤᠨ ᠬᠤᠪᠢᠷᠠᠭᠤᠯᠤᠯᠲᠠ ᠶᠢ ᠪᠡᠶᠡᠯᠡᠭᠦᠯᠵᠦ ᠪᠣᠯᠤᠨ᠎ᠠ᠂ ᠬᠡᠷᠪᠡ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠦᠷᠭᠡᠳᠬᠡᠭᠰᠡᠨ ᠰᠣᠷᠣᠭᠴᠢ ᠡᠯᠰᠡᠬᠦ ᠲᠥᠯᠥᠪᠯᠡᠭᠡ ᠲᠠᠢ ᠪᠣᠯ ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠶᠢᠨ ᠨᠥᠬᠦᠴᠡᠯ ᠶᠣᠰᠣᠭᠠᠷ ᠰᠣᠷᠣᠭᠴᠢ ᠡᠯᠰᠡᠨ᠎ᠡ᠂ ᠬᠡᠷᠪᠡ ᠬᠠᠮᠢᠶ᠎ᠠ ᠪᠥᠬᠦᠶ ᠤᠷᠤᠯᠳᠤᠭᠠᠨ ᠤ ᠦᠷ᠎ᠡ ᠳ᠋ᠦᠩ ᠢ ᠨᠡᠶᠢᠲᠡᠯᠡᠬᠦ ᠠᠴᠠ ᠡᠮᠦᠨ᠎ᠡ ᠡᠩ ᠤᠨ ᠰᠢᠯᠭᠠᠭᠤᠯᠤᠭᠴᠢ ᠶᠢᠨ ᠪᠡᠶ᠎ᠡ ᠭᠠᠷᠤᠯ ᠢᠶᠠᠷ ᠡᠯᠰᠡᠭᠳᠡᠭᠰᠡᠨ ᠪᠠᠶᠢᠪᠠᠯ᠂ ᠰᠢᠯᠭᠠᠯᠲᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ᠃ ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠦᠶ᠎ᠡ ᠳᠤ ᠤᠷᠤᠯᠳᠤᠭᠠᠨ ᠤ ᠦᠷ᠎ᠡ ᠳ᠋ᠦᠩ ᠢ ᠨᠢᠭᠡᠨᠲᠡ ᠨᠡᠶᠢᠲᠡᠯᠡᠭᠰᠡᠨ ᠪᠣᠯᠪᠠᠴᠤ ᠱᠠᠩᠨᠠᠯ ᠣᠯᠤᠭᠰᠠᠨ ᠦᠨᠡᠮᠯᠡᠯ ᠢ ᠨᠢ ᠬᠠᠷᠠᠬᠠᠨ ᠣᠯᠭᠤᠭᠰᠠᠨ ᠥᠬᠡᠶ ᠪᠠᠶᠢᠪᠠᠯ᠂ ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠶᠢᠨ ᠲᠥᠷᠥᠯ ᠬᠡᠯᠪᠡᠷᠢ ᠪᠠᠷ ᠨᠡᠷ᠎ᠡ ᠮᠡᠳᠡᠭᠦᠯᠵᠦ ᠪᠣᠯᠤᠨ᠎ᠠ᠂ ᠭᠡᠷᠡᠴᠢ ᠮᠠᠲ᠋ᠧᠷᠢᠶᠠᠯ ᠳᠡᠭᠡᠭᠰᠢ ᠳᠠᠮᠵᠢᠭᠤᠯᠬᠤ ᠨᠢᠭᠤᠷ ᠲᠤ ᠤᠷᠢᠳᠠᠪᠠᠷ ᠤᠷᠤᠯᠳᠤᠭᠠᠨ ᠳᠤ ᠣᠷᠣᠯᠴᠠᠭᠰᠠᠨ ᠶᠡᠭᠡ ᠳᠡᠭᠡᠳᠦ ᠰᠤᠷᠭᠠᠭᠤᠯᠢ ᠶᠢᠨ ᠣᠯᠭᠤᠭᠰᠠᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠵᠢᠴᠢ ᠤᠷᠤᠯᠳᠤᠭᠠᠨ ᠤ ᠵᠦᠢᠯ ᠤᠨ ᠱᠠᠩᠨᠠᠯ ᠣᠯᠤᠭᠰᠠᠨ ᠨᠡᠷᠡᠰ ᠤᠨ ᠨᠡᠶᠢᠲᠡᠯᠡᠯ ᠢ ᠳᠠᠮᠵᠢᠭᠤᠯᠵᠤ ᠪᠣᠯᠤᠨ᠎ᠠ᠃        ︵ᠭᠤᠷᠪᠠ︶ ᠦᠨᠳᠦᠰᠦᠨ ᠮᠡᠳᠡᠭᠡ ᠵᠠᠩᠭᠢ ᠲᠠᠭᠯᠠᠨ ᠮᠡᠳᠡᠭᠦᠯᠬᠦ        ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ᠂ ᠰᠢᠯᠭᠠᠭᠤᠯᠤᠭᠴᠢ ᠦᠨᠳᠦᠰᠦᠨ ᠮᠡᠳᠡᠭᠡ ᠵᠠᠩᠭᠢ ᠵᠢᠴᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠲᠠᠰ ᠳᠠᠷᠠᠭᠠᠯᠠᠨ ᠲᠠᠭᠯᠠᠵᠤ ᠣᠷᠣᠭᠤᠯᠤᠨ᠎ᠠ᠃        ﹇ᠣᠷᠣᠨ ᠤ ᠳᠣᠲᠤᠷᠠᠬᠢ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠪᠣᠯᠤᠨ ﹇ᠣᠷᠣᠨ ᠤ ᠭᠠᠳᠠᠨᠠᠬᠢ ᠲᠤᠰ ᠬᠤᠭᠤᠴᠠᠭ᠎ᠠ᠂ ᠥᠩᠭᠡᠷᠡᠭᠰᠡᠨ ᠬᠤᠭᠤᠴᠠᠭᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠲᠤᠰᠬᠠᠢ ᠮᠡᠷᠭᠡᠵᠢᠯ ᠢᠶᠠᠨ ᠭᠠᠷ ᠢᠶᠠᠷ ᠢᠶᠠᠨ ᠪᠢᠴᠢᠵᠦ ᠣᠷᠣᠭᠤᠯᠤᠨ᠎ᠠ᠂ ᠲᠤᠰᠬᠠᠢ ᠮᠡᠷᠭᠡᠵᠢᠯ ᠤᠨ ᠨᠡᠷᠡᠶᠢᠳᠦᠯ ᠨᠢ ᠡᠷᠬᠡᠪᠰᠢ ᠲᠡᠭᠦᠰᠬᠦ ᠦᠨᠡᠮᠯᠡᠯ ᠤᠨ ᠲᠤᠰᠬᠠᠢ ᠮᠡᠷᠭᠡᠵᠢᠯ ᠤᠨ ᠨᠡᠷᠡᠶᠢᠳᠦᠯ ᠯᠦᠭᠡ ᠨᠢᠭᠡᠳᠦᠯᠲᠡᠢ ᠪᠠᠶᠢᠬᠤ ᠬᠡᠷᠡᠭᠲᠡᠢ᠃        ︵ᠲᠦᠷᠪᠡ︶ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠰᠠᠳ ᠡᠷᠡᠮᠡᠯᠵᠡᠯ ᠲᠠᠭᠯᠠᠬᠤ        ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠶᠢᠨ ᠳᠣᠲᠣᠷᠠᠬᠢ ﹇ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ﹈ ᠵᠢᠴᠢ ﹇ᠣᠷᠣᠨ ᠤ ᠳᠣᠲᠤᠷᠠᠬᠢ ᠲᠤᠰ ᠬᠤᠭᠤᠴᠠᠭᠠᠨ ᠤ ᠲᠡᠭᠦᠰᠦᠭᠰᠡᠨ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠦᠨᠳᠦᠰᠦᠨ ᠮᠡᠳᠡᠭᠡ ᠵᠠᠩᠭᠢ ᠪᠠᠨ ᠲᠠᠭᠯᠠᠨ ᠪᠢᠴᠢᠬᠦ ᠶᠢᠨ ᠬᠠᠮᠲᠤ ᠡᠷᠡᠮᠡᠯᠵᠡᠯ ᠢᠶᠠᠨ ᠲᠠᠭᠯᠠᠵᠤ᠂ ᠡᠯᠰᠡᠬᠦ ᠳᠡᠭᠡᠨ ᠰᠢᠯᠭᠠᠭᠤᠯᠤᠭᠴᠢ ᠶᠢᠨ ᠡᠷᠡᠮᠡᠯᠵᠡᠯ ᠢ ᠳᠠᠬᠢᠨ ᠡᠯᠰᠡᠬᠦ ᠦᠭᠡᠢ᠃        ﹇ᠣᠷᠣᠨ ᠤ ᠳᠣᠲᠤᠷᠠᠬᠢ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠪᠣᠯᠤᠨ ﹇ᠣᠷᠣᠨ ᠤ ᠭᠠᠳᠠᠨᠠᠬᠢ ᠲᠤᠰ ᠬᠤᠭᠤᠴᠠᠭ᠎ᠠ᠂ ᠥᠩᠭᠡᠷᠡᠭᠰᠡᠨ ᠬᠤᠭᠤᠴᠠᠭᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ﹈ ᠦᠨᠳᠦᠰᠦᠨ ᠮᠡᠳᠡᠭᠡ ᠵᠠᠩᠭᠢ ᠪᠠᠨ ᠲᠠᠭᠯᠠᠭᠰᠠᠨ ᠤ ᠳᠠᠷᠠᠭ᠎ᠠ ᠡᠷᠡᠮᠡᠯᠵᠡᠯ ᠢᠶᠠᠨ ᠲᠠᠭᠯᠠᠨ᠎ᠠ᠂ ᠡᠯᠰᠡᠬᠦ ᠳᠡᠭᠡᠨ ᠰᠢᠯᠭᠠᠭᠤᠯᠤᠭᠴᠢ ᠶᠢᠨ ᠡᠷᠡᠮᠡᠯᠵᠡᠯ ᠢ ᠳᠠᠬᠢᠨ ᠡᠯᠰᠡᠬᠦ ᠦᠭᠡᠢ᠃ ᠲᠣᠰ ᠲᠥᠷᠥᠯ ᠤᠨ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠭᠠᠷ ᠤᠲᠠᠰᠤ ᠪᠠᠨ ᠰᠠᠭᠠᠳ ᠥᠬᠡᠶ ᠨᠡᠪᠲᠡᠷᠡᠬᠦ ᠶᠢ ᠠᠩᠬᠠᠷᠤᠭᠠᠷᠠᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠨᠢ ᠰᠤᠷᠭᠠᠨ ᠬᠥᠮᠦᠵᠢᠯ ᠤᠨ ᠲᠢᠩᠬᠢᠮ ᠤᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ  ᠶᠢᠨ ᠲᠥᠯᠥᠪᠯᠡᠭᠡ ᠶᠢ ᠪᠠᠭᠤᠯᠭᠠᠭᠰᠠᠨ ᠪᠠᠶᠢᠳᠠᠯ ᠢ ᠦᠨᠳᠦᠰᠦᠯᠡᠨ᠂ ᠰᠢᠯᠭᠠᠭᠤᠯᠤᠭᠴᠢ ᠳᠤ ᠮᠡᠳᠡᠭᠳᠡᠵᠦ ᠡᠷᠡᠮᠡᠯᠵᠡᠯ ᠢ ᠨᠢ ᠨᠤᠲᠠᠯᠠᠭᠤᠯᠤᠨ᠎ᠠ᠃        ︵ᠲᠠᠪᠤ︶ ᠨᠢᠭᠡᠳᠦᠯᠲᠡᠢ ᠰᠢᠯᠭᠠᠭᠤᠯᠤᠭᠰᠠᠳ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠣᠩᠭᠤᠨ ᠮᠡᠳᠡᠭᠦᠯᠬᠦ᠂ ᠲᠤᠰᠬᠠᠢ ᠮᠡᠷᠭᠡᠵᠢᠯ ᠤᠨ ᠰᠠᠭᠤᠷᠢ ᠬᠢᠴᠢᠶᠡᠯ ᠤᠨ ᠰᠢᠯᠭᠠᠯᠲᠠ ᠶᠢᠨ ᠬᠢᠴᠢᠶᠡᠯ ᠲᠦᠷᠦᠯ ᠲᠣᠭᠲᠠᠭᠠᠬᠤ        ᠨᠢᠭᠡᠳᠦᠯᠲᠡᠶ ᠰᠢᠯᠭᠠᠭᠤᠯᠤᠭᠴᠢ ︵ᠲᠣᠰ ᠬᠤᠭᠤᠴᠠᠭᠠᠨ ᠤ ᠲᠡᠭᠦᠰᠬᠦ ᠰᠤᠷᠤᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠷᠭᠡᠳᠬᠡᠨ ᠡᠯᠰᠡᠭᠰᠡᠨ ᠰᠢᠯᠭᠠᠭᠤᠯᠤᠭᠴᠢ ᠂ ᠲᠤᠰᠬᠠᠶ ᠲᠥᠯᠥᠪᠯᠡᠭᠡ ᠶᠢᠨ ᠰᠢᠯᠭᠠᠭᠤᠯᠤᠭᠴᠢ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ︽ᠪᠠᠷᠠᠭᠤᠨ ᠣᠷᠣᠨ ᠤ ᠲᠥᠯᠥᠪᠯᠡᠭᠡ︾ ᠶᠢᠨ ᠰᠢᠯᠭᠠᠭᠤᠯᠤᠭᠴᠢ︶ ᠲᠤᠰᠬᠠᠶ ᠮᠡᠷᠭᠡᠵᠢᠯ ᠤᠨ ᠠᠩᠭᠢ ᠶᠢᠨ ᠲᠤᠰᠬᠠᠶ ᠮᠡᠷᠭᠡᠵᠢᠯ ᠢᠶᠠᠨ ᠦᠨᠳᠦᠰᠦᠯᠡᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠰᠣᠩᠭᠤᠨ ᠮᠡᠳᠡᠭᠦᠯᠵᠦ᠂ ᠰᠢᠰᠲ᠋ᠧᠮ ᠰᠣᠷᠣᠭᠴᠢ ᠡᠯᠰᠡᠬᠦ ᠲᠥᠷᠥᠯ ᠢᠯᠭᠠᠯ ᠵᠢᠴᠢ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠶᠢᠨ ᠬᠢᠴᠢᠶᠡᠯ ᠲᠥᠷᠥᠯ ︵ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠲᠤᠷᠰᠢᠵᠤ ᠮᠡᠳᠡᠭᠦᠯᠬᠦ ᠨᠢ ᠵᠦᠪᠬᠡᠨ ᠲᠤᠰᠬᠠᠢ ᠮᠡᠷᠭᠡᠵᠢᠯ ᠤᠨ ᠰᠠᠭᠤᠷᠢ ᠬᠢᠴᠢᠶᠡᠯ ᠤᠨ ᠰᠢᠯᠭᠠᠯᠲᠠ ᠶᠢᠨ ᠬᠢᠴᠢᠶᠡᠯ ᠲᠥᠷᠥᠯ ᠢ ᠲᠣᠭᠲᠠᠭᠠᠬᠤ ᠳᠤ ᠬᠡᠷᠡᠭᠯᠡᠨ᠎ᠡ︶ ᠢ ᠥᠪᠡᠰᠦᠪᠡᠨ ᠨᠡᠶᠢᠲᠡᠯᠡᠨ᠎ᠡ᠂ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ ᠶᠢᠨ ᠲᠤᠰᠬᠠᠶ ᠮᠡᠷᠭᠡᠵᠢᠯ ᠤᠨ ᠰᠠᠭᠤᠷᠢ ᠬᠢᠴᠢᠶᠡᠯ ᠤᠨ ᠰᠢᠯᠭᠠᠯᠲᠠ ᠶᠢᠨ ᠬᠢᠴᠢᠶᠡᠯ ᠲᠥᠷᠥᠯ ᠢ ᠨᠡᠶᠢᠲᠡᠯᠡᠬᠦ ᠥᠬᠡᠶ᠃        ︵ᠵᠢᠷᠭᠤᠭ᠎ᠠ︶ ᠰᠢᠯᠭᠠᠯᠲᠠ ᠶᠢᠨ ᠴᠡᠭ ᠰᠣᠩᠭᠤᠬᠤ        ᠰᠢᠯᠭᠠᠯᠲᠠ ᠠᠴᠠ ᠬᠡᠯᠲᠦᠷᠢᠭᠦᠯᠦᠭᠰᠡᠨ ᠪᠤᠰᠤ ᠰᠢᠯᠭᠠᠭᠤᠯᠤᠭᠴᠢ ᠡᠷᠬᠡᠪᠰᠢ ᠨᠡᠷ᠎ᠡ ᠮᠡᠳᠡᠭᠦᠯᠬᠦ ᠳᠡᠭᠡᠨ ︽ᠰᠢᠯᠭᠠᠯᠲᠠ ᠶᠢᠨ ᠴᠡᠭ ᠤᠨ ᠪᠠᠶᠢᠭ᠎ᠠ ᠠᠶᠢᠮᠠᠭ ᠬᠤᠲᠠ︾ ᠶᠢ ᠰᠣᠩᠭᠤᠵᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠡᠭᠦᠨ ᠢ ᠦᠨᠳᠦᠰᠦᠯᠡᠨ ᠰᠢᠯᠭᠠᠯᠲᠠ ᠶᠢᠨ ᠭᠠᠵᠠᠷ ᠢ ᠲᠣᠬᠢᠷᠠᠭᠤᠯᠤᠨ᠎ᠠ᠂ ᠰᠣᠩᠭᠤᠭᠰᠠᠨ ᠤ ᠳᠠᠷᠠᠭ᠎ᠠ ᠦᠭᠡᠷᠡᠴᠢᠯᠡᠵᠦ ᠪᠣᠯᠬᠤ ᠥᠬᠡᠶ᠃        ︵ᠳᠤᠯᠤᠭ᠎ᠠ︶ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠬᠤ        1. ᠡᠩ ᠤᠨ ᠰᠢᠯᠭᠠᠭᠤᠯᠤᠭᠴᠢ        ︵1︶ ᠲᠣᠰ ᠬᠤᠭᠤᠴᠠᠭᠠᠨ ᠤ ᠲᠡᠭᠦᠰᠦᠭᠰᠡᠳ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠪᠠᠨ ᠳᠠᠮᠵᠢᠭᠤᠯᠤᠨ᠎ᠠ ︵ᠰᠢᠯᠭᠠᠭᠤᠯᠤᠭᠴᠢ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ︾ ︵https://www.chsi.com.cn︶ ᠳᠤ ᠣᠷᠣᠵᠤ᠂ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠭᠤᠶᠤᠴᠢᠯᠠᠵᠤ ᠪᠣᠯᠤᠨ᠎ᠠ︶᠃        ︵2︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠷᠭᠡᠳᠬᠡᠨ ᠡᠯᠰᠡᠭᠰᠡᠨ ᠰᠤᠷᠤᠭᠴᠢ ᠲᠡᠭᠦᠰᠬᠦ ᠦᠨᠡᠮᠯᠡᠯ ᠂ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ︾ ᠪᠤᠶᠤ ︽ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠪᠠᠨ ᠳᠠᠮᠵᠢᠭᠤᠯᠤᠨ᠎ᠠ ︵ᠰᠢᠯᠭᠠᠭᠤᠯᠤᠭᠴᠢ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ︾ ︵https://www.chsi.com.cn︶ ᠳᠤ ᠣᠷᠣᠵᠤ᠂ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ︾ ᠶᠢ ᠭᠤᠶᠤᠴᠢᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ ᠬᠤᠭᠤᠴᠠᠭᠠᠨ ᠳᠤ ᠬᠠᠶᠢᠨ ᠯᠠᠪᠯᠠᠬᠤ ᠬᠦᠴᠦᠨ ᠲᠠᠢ ᠪᠠᠶᠢᠬᠤ ᠶᠢ ᠪᠠᠲᠤᠯᠠᠨ᠎ᠠ᠃ ᠰᠤᠷᠤᠯᠭ᠎ᠠ ᠶᠢᠨ ᠨᠠᠮᠲᠠᠷ ᠢᠶᠠᠨ ᠳᠠᠩᠰᠠᠯᠠᠭᠤᠯᠤᠭᠰᠠᠨ ᠦᠭᠡᠢ ᠪᠠᠷ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾ ᠶᠢ ᠭᠤᠶᠤᠴᠢᠯᠠᠬᠤ ᠶᠢᠨ ᠠᠷᠭ᠎ᠠ ᠦᠭᠡᠢ ᠰᠢᠯᠭᠠᠭᠤᠯᠤᠭᠴᠢ᠂ ᠬᠠᠮᠢᠶ᠎ᠠ ᠪᠦᠬᠦᠢ ᠶᠠᠪᠤᠴᠠ ᠶᠢᠨ ᠶᠣᠰᠣᠭᠠᠷ ︽ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠶᠢ ᠭᠤᠶᠤᠴᠢᠯᠠᠨ᠎ᠠ᠂ ᠳᠣᠷᠣᠭᠰᠢ ᠠᠳᠠᠯᠢ︶᠃        ︵3︶ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ︽ᠪᠠᠷᠠᠭᠤᠨ ᠣᠷᠣᠨ ᠤ ᠲᠥᠯᠥᠪᠯᠡᠭᠡ︾ ᠶᠢᠨ ᠰᠢᠯᠭᠠᠭᠤᠯᠤᠭᠴᠢ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ︾ ᠪᠤᠶᠤ ︽ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠶᠢ ᠳᠡᠭᠡᠭᠰᠢ ᠳᠠᠮᠵᠢᠭᠤᠯᠤᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠰᠢᠯᠭᠠᠭᠤᠯᠤᠭᠴᠢᠳ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠭᠤᠷᠪᠠ ᠶᠢ ᠳᠡᠮᠵᠢᠵᠦ ᠨᠢᠭᠡ ᠶᠢ ᠲᠡᠳᠬᠦᠬᠦ ᠦᠢᠯᠡᠴᠢᠯᠡᠭᠡᠨ ᠤ ᠦᠨᠡᠮᠯᠡᠯ︾ ᠢᠶᠠᠨ ᠳᠠᠮᠵᠢᠭᠤᠯᠤᠨ᠎ᠠ ᠂ ︽ᠪᠠᠷᠠᠭᠤᠨ ᠣᠷᠣᠨ ᠤ ᠲᠥᠯᠥᠪᠯᠡᠭᠡ︾ ᠶᠢᠨ ᠰᠢᠯᠭᠠᠭᠤᠯᠤᠭᠴᠢ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ︽ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠨᠡᠮᠯᠡᠯ︾ ᠢᠶᠠᠨ ᠳᠠᠮᠵᠢᠭᠤᠯᠤᠨ᠎ᠠ᠃ ᠬᠡᠷᠪᠡ ᠰᠢᠯᠭᠠᠨ ᠬᠢᠨᠠᠬᠤ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠷᠢ ᠲᠡᠩᠴᠡᠵᠦ ᠦᠨᠡᠮᠯᠡᠯ ᠣᠯᠭᠤᠭᠰᠠᠨ ᠦᠭᠡᠢ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠷᠭᠠᠭᠰᠠᠨ ᠠᠯᠪᠠᠨ ᠲᠠᠮᠠᠭ᠎ᠠ ᠳᠠᠷᠤᠭᠰᠠᠨ ᠰᠢᠯᠭᠠᠨ ᠬᠢᠨᠠᠬᠤ ᠵᠡᠷᠭᠡ ᠳᠡᠰ ᠤᠨ ᠭᠡᠷᠡᠴᠢᠯᠡᠬᠦ ᠮᠠᠲ᠋ᠧᠷᠢᠶᠠᠯ ᠢ ᠳᠠᠮᠵᠢᠭᠤᠯᠤᠨ᠎ᠠ᠃        2. ᠲᠤᠰᠬᠠᠶ ᠵᠦᠢᠯ ᠤᠨ ᠲᠥᠯᠥᠪᠯᠡᠭᠡ ᠶᠢᠨ ᠰᠢᠯᠭᠠᠭᠤᠯᠤᠭᠴᠢ        ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠪᠠ ︽ᠲᠠᠩᠰᠠ ᠡᠪᠬᠡᠮᠡᠯ ᠪᠠᠶᠢᠭᠤᠯᠤᠨ ᠺᠠᠷᠳ᠋ᠯᠠᠬᠤ︾ ᠪᠠᠶᠢᠭ᠎ᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠤᠤᠯ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ︶ ᠶᠢᠨ ᠲᠠᠮᠠᠭ᠎ᠠ ᠳᠠᠷᠤᠭᠰᠠᠨ ᠲᠠᠩᠰᠠ ᠡᠪᠬᠡᠮᠡᠯ ᠪᠠᠶᠢᠭᠤᠯᠤᠨ ᠺᠠᠷᠳ᠋ᠯᠠᠬᠤ ᠪᠤᠶᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠤᠨ᠎ᠠ᠃        3.ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ        ︵1︶ ᠱᠠᠩᠨᠠᠯ ᠣᠯᠤᠭᠰᠠᠨ ᠰᠢᠯᠭᠠᠯᠲᠠ ᠠᠴᠠ ᠬᠡᠯᠲᠦᠷᠢᠭᠦᠯᠦᠭᠰᠡᠨ ᠰᠢᠯᠭᠠᠭᠤᠯᠤᠭᠴᠢ        ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠪᠠ ᠡᠯᠧᠺᠲᠷᠣᠨ ᠬᠡᠪᠯᠡᠯ ᠤᠨ ᠱᠠᠩᠨᠠᠯ ᠣᠯᠤᠭᠰᠠᠨ ᠦᠨᠡᠮᠯᠡᠯ ᠢᠶᠠᠨ ᠳᠠᠮᠵᠢᠭᠤᠯᠤᠨ᠎ᠠ ︵ᠬᠡᠷᠪᠡ ᠱᠠᠩᠨᠠᠯ ᠣᠯᠤᠭᠰᠠᠨ ᠦᠨᠡᠮᠯᠡᠯ ᠢ ᠣᠯᠭᠤᠭᠰᠠᠨ ᠥᠬᠡᠶ ᠪᠣᠯ᠂ ᠤᠷᠤᠯᠳᠤᠭᠠᠨ ᠳᠤ ᠣᠷᠣᠯᠴᠠᠭᠰᠠᠨ ᠰᠤᠷᠭᠠᠭᠤᠯᠢ ᠶᠢᠨ ᠭᠠᠷᠭᠠᠭᠰᠠᠨ ᠤᠷᠤᠯᠳᠤᠭᠠᠨ ᠳᠤ ᠣᠷᠣᠯᠴᠠᠭᠰᠠᠨ ᠭᠡᠷᠡᠴᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ᠱᠠᠩᠨᠠᠯ ᠣᠯᠤᠭᠰᠠᠨ ᠨᠡᠷᠡᠰ  ᠤᠨ ᠨᠡᠶᠢᠲᠡᠯᠡᠯ ᠢ ᠳᠠᠭᠠᠯᠳᠤᠭᠤᠯᠤᠨ᠎ᠠ︶ ᠃        ︵2︶ ᠴᠡᠷᠢᠭ  ᠤᠨ ᠠᠯᠪᠠᠨ ᠠᠴᠠ ᠬᠠᠯᠠᠭᠳᠠᠭᠰᠠᠨ ᠣᠶᠤᠲᠠᠨ ᠴᠡᠷᠢᠭ        ᠮᠠᠨ ᠤ ᠣᠷᠣᠨ ᠤ ᠴᠡᠷᠢᠭ ᠲᠤ ᠡᠯᠰᠡᠭᠳᠡᠭᠰᠡᠨ ᠣᠷᠣᠨ ᠤ ᠳᠣᠲᠣᠷ᠎ᠠ᠂ ᠭᠠᠳᠠᠨᠠᠬᠢ ᠲᠤᠰ ᠬᠤᠭᠤᠴᠠᠭᠠᠨ ᠤ ᠲᠡᠭᠦᠰᠦᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠰᠢᠯᠭᠠᠭᠤᠯᠤᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠳ ᠤᠨ ᠰᠢᠯᠭᠠᠯᠲᠠ ᠠᠴᠠ ᠬᠡᠯᠲᠦᠷᠢᠭᠦᠯᠦᠭᠰᠡᠨ ᠲᠤᠰᠬᠠᠢ ᠮᠡᠷᠭᠡᠵᠢᠯ ᠤᠨ ᠠᠩᠭᠢ ᠠᠴᠠ ᠵᠢᠩᠭᠢᠨᠢ ᠠᠩᠭᠢ ᠳᠤ ᠳᠡᠪᠰᠢᠬᠦ ᠭᠤᠶᠤᠴᠢᠯᠠᠯ ᠤᠨ ᠬᠦᠰᠦᠨᠦᠭᠲᠦ︾ ᠶᠢ ᠤᠷᠢᠳᠴᠢᠯᠠᠨ ᠪᠠᠭᠤᠯᠭᠠᠵᠤ ᠳᠠᠷᠤᠮᠠᠯᠯᠠᠨ᠎ᠠ᠂ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ︵︿ᠰᠤᠷᠤᠭᠴᠢ ᠶᠢᠨ ᠢᠷᠡᠯᠲᠡ ᠶᠢᠨ ᠳᠡᠭᠡᠳᠦ ᠰᠤᠷᠭᠠᠭᠤᠯᠢ ᠶᠢᠨ ᠬᠢᠨᠠᠨ ᠬᠠᠷᠭᠤᠭᠤᠯᠤᠭᠰᠠᠨ ᠰᠠᠨᠠᠯ﹀ ᠤᠨ ᠨᠢᠭᠡ ᠪᠦᠯᠦᠭ ᠤᠨ ᠰᠤᠷᠤᠭᠴᠢ ᠶᠢᠨ ᠢᠷᠡᠯᠲᠡ ᠶᠢᠨ ᠳᠡᠭᠡᠳᠦ ᠰᠤᠷᠭᠠᠭᠤᠯᠢ ᠳᠤ ᠲᠠᠮᠠᠭ᠎ᠠ ᠳᠠᠷᠤᠨ᠎ᠠ︶ ᠶᠢ ᠲᠠᠭᠯᠠᠬᠤ ᠶᠢᠨ ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠣᠭᠤᠯᠤᠭᠰᠠᠨ ᠤ ᠳᠠᠷᠠᠭ᠎ᠠ ᠳᠡᠭᠡᠭᠰᠢ ᠳᠠᠮᠵᠢᠭᠤᠯᠬᠤ ᠶᠢᠨ ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠯᠡᠯ ᠪᠠ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠶᠢ ᠳᠡᠭᠡᠭᠰᠢ ᠳᠠᠮᠵᠢᠭᠤᠯᠬᠤ ᠬᠡᠷᠡᠭᠲᠡᠢ᠃        ᠮᠠᠨ ᠤ ᠣᠷᠣᠨ ᠤ ᠴᠡᠷᠢᠭ ᠲᠤ ᠡᠯᠰᠡᠭᠳᠡᠭᠰᠡᠨ ᠣᠷᠣᠨ ᠤ ᠳᠣᠲᠣᠷ᠎ᠠ᠂ ᠭᠠᠳᠠᠨᠠᠬᠢ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠨ ᠰᠢᠯᠭᠠᠭᠤᠯᠤᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠣᠶᠤᠲᠠᠳ ᠤᠨ ᠰᠢᠯᠭᠠᠯᠲᠠ ᠠᠴᠠ ᠬᠡᠯᠲᠦᠷᠢᠭᠦᠯᠦᠭᠰᠡᠨ ᠲᠤᠰᠬᠠᠢ ᠮᠡᠷᠭᠡᠵᠢᠯ ᠤᠨ ᠠᠩᠭᠢ ᠠᠴᠠ ᠵᠢᠩᠭᠢᠨᠢ ᠠᠩᠭᠢ ᠳᠤ ᠳᠡᠪᠰᠢᠬᠦ ᠭᠤᠶᠤᠴᠢᠯᠠᠯ ᠤᠨ ᠬᠦᠰᠦᠨᠦᠭᠲᠦ︾ ᠶᠢ ᠤᠷᠢᠳᠴᠢᠯᠠᠨ ᠪᠠᠭᠤᠯᠭᠠᠵᠤ ᠳᠠᠷᠤᠮᠠᠯᠯᠠᠨ᠎ᠠ᠂ ︽ᠰᠤᠷᠤᠭᠴᠢ ᠶᠢᠨ ᠢᠷᠡᠯᠲᠡ ᠶᠢᠨ ᠳᠡᠭᠡᠳᠦ ᠰᠤᠷᠭᠠᠭᠤᠯᠢ ᠶᠢᠨ ᠬᠢᠨᠠᠨ ᠬᠠᠷᠭᠤᠭᠤᠯᠤᠭᠰᠠᠨ ᠰᠠᠨᠠᠯ︾ ᠢ ᠲᠠᠭᠯᠠᠬᠤ ᠦᠭᠡᠢ᠂ ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠯᠡᠯ ᠢ ᠨᠢᠭᠡᠨᠲᠡ ᠣᠯᠭᠤᠭᠰᠠᠨ ᠪᠠᠶᠢᠪᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠯᠡᠯ ᠲᠠᠢ ᠬᠠᠮᠲᠤ ᠳᠤᠨᠢ ᠳᠡᠭᠡᠭᠰᠢ ᠳᠠᠮᠵᠢᠭᠤᠯᠤᠨ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠯᠡᠯ  ᠣᠯᠭᠤᠭᠠᠳᠤᠢ ᠰᠢᠯᠭᠠᠭᠤᠯᠤᠭᠰᠠᠳ ᠲᠤᠬᠠᠢ ᠶᠢᠨ ᠬᠥᠮᠥᠨ ᠤ ᠴᠡᠷᠢᠭ ᠤᠨ ᠠᠯᠪᠠ ᠬᠠᠭᠠᠭᠰᠠᠨ ᠴᠡᠷᠢᠭ ᠠᠩᠭᠢ ᠠᠴᠠ ᠭᠠᠷᠭᠠᠭᠰᠠᠨ ᠭᠡᠷᠡᠴᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠂ ᠴᠡᠷᠢᠭ ᠲᠤ ᠡᠯᠰᠡᠭᠳᠡᠭᠰᠡᠨ ᠴᠠᠭ᠂ ᠴᠡᠷᠢᠭ ᠲᠤ ᠡᠯᠰᠡᠭᠳᠡᠭᠰᠡᠨ ᠭᠠᠵᠠᠷ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠨ ᠴᠠᠭ ᠢᠶᠠᠨ ᠲᠣᠳᠣᠷᠬᠠᠶᠢᠯᠠᠨ᠎ᠠ᠃ ᠡᠭᠦᠨ ᠤ ᠬᠠᠮᠲᠤ ᠲᠡᠭᠦᠰᠦᠭᠰᠡᠨ ᠦᠨᠡᠮᠯᠡᠯ᠂ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾ ᠪᠤᠶᠤ ︽ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠪᠠᠨ ᠳᠠᠮᠵᠢᠭᠤᠯᠤᠨ᠎ᠠ᠃        ︵ᠨᠠᠢᠮᠠ︶ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠴᠤᠭᠯᠠᠭᠤᠯᠬᠤ        ᠰᠢᠯᠭᠠᠭᠤᠯᠤᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ ᠢᠶᠠᠨ ᠪᠡᠯᠡᠳᠭᠡᠬᠦ ᠴᠢᠬᠤᠯᠠᠲᠠᠶ᠂ ᠨᠢᠭᠤᠷ ᠤᠨ ᠪᠠᠷᠠᠭᠤᠨ ᠳᠣᠣᠷ᠎ᠠ ᠥᠨᠴᠥᠭ ᠤᠨ ︽ᠰᠦᠯᠵᠢᠶᠡᠨ ᠳᠡᠭᠡᠷ᠎ᠡ ᠴᠤᠭᠯᠠᠭᠤᠯᠬᠤ︾ ᠳᠠᠷᠤᠭᠤᠯ ᠢ ᠳᠠᠷᠤᠵᠤ᠂ ᠠᠨ ᠵᠦᠸᠧ ᠭᠠᠷ ᠤᠲᠠᠰᠤ ᠪᠠᠷ ᠰᠢᠰᠲ᠋ᠧᠮ ᠤᠨ ᠭᠠᠷᠭᠠᠭᠰᠠᠨ ᠬᠤᠶᠠᠷ ᠬᠡᠮᠵᠢᠯᠳᠦ ᠺᠣᠳ᠋ ᠢ ᠰᠢᠷᠪᠢᠵᠦ ︵ᠠᠯᠮᠤᠷᠠᠳ ᠭᠠᠷ ᠤᠲᠠᠰᠤ ᠪᠠᠷ ᠰᠢᠷᠪᠢᠬᠦ ᠶᠢ ᠳᠡᠮᠵᠢᠬᠦ ᠥᠬᠡᠶ︶ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢᠨ ᠭᠡᠷᠡᠴᠢᠯᠡᠯ ᠤᠨ APP ᠶᠢ ᠪᠠᠭᠤᠯᠭᠠᠵᠤ᠂ ᠭᠠᠷ ᠤᠲᠠᠰᠤᠨ ᠤ ᠦᠵᠦᠭᠦᠷ ᠲᠤ ᠪᠠᠭᠤᠯᠭᠠᠭᠰᠠᠨ APP ᠶᠢ ᠬᠡᠷᠡᠭᠯᠡᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠴᠤᠭᠯᠠᠭᠤᠯᠤᠨ᠎ᠠ᠂ ᠨᠡᠷ᠎ᠡ ᠮᠡᠳᠡᠭᠦᠯᠦᠨ ᠬᠢᠨᠠᠨ ᠬᠠᠷᠭᠤᠭᠤᠯᠵᠤ ᠳᠠᠭᠤᠰᠬᠤ ᠠᠴᠠ ᠡᠮᠦᠨ᠎ᠡ APP ᠶᠢ ᠪᠢᠲᠡᠭᠡᠢ ᠬᠠᠰᠤᠭᠠᠷᠠᠢ᠃ᠴᠤᠭᠯᠠᠭᠤᠯᠵᠤ ᠳᠠᠭᠤᠰᠤᠭᠰᠠᠨ ᠤ ᠳᠠᠷᠠᠭ᠎ᠠ ᠺᠣᠮᠫᠢᠦ᠋ᠲ᠋ᠧᠷ ᠤᠨ ᠦᠵᠦᠬᠦᠷ ᠤᠨ ᠨᠡᠷ᠎ᠡ ᠮᠡᠳᠡᠭᠦᠯᠬᠦ ᠰᠢᠰᠲ᠋ᠧᠮ ᠤᠨ ᠣᠳᠣᠬᠠᠨ ᠤ ᠬᠠᠭᠤᠳᠠᠰᠤ ᠶᠢ ᠰᠢᠨᠡᠳᠬᠡᠵᠦ᠂ ᠳᠣᠤᠷᠠᠬᠢ ᠮᠡᠲᠦ ᠵᠠᠭᠠᠭ ᠭᠠᠳᠠᠷᠭᠤ ᠭᠠᠷᠬᠤ ᠦᠶ᠎ᠡ ᠳᠤ᠂ ᠲᠠᠷᠠᠭᠠᠴᠢ ᠶᠢᠨ ᠠᠯᠬᠤᠮ ᠤᠨ ᠳᠠᠷᠤᠪᠴᠢ ᠶᠢ ᠳᠠᠷᠤᠨ᠎ᠠ᠃        ︵ᠶᠢᠰᠦ︶ ᠰᠦᠢᠳᠬᠡᠯ ᠲᠤᠰᠢᠶᠠᠬᠤ        ᠰᠦᠢᠳᠬᠡᠯ ᠲᠤᠰᠢᠶᠠᠬᠤ ᠮᠡᠳᠡᠭᠡ ᠵᠠᠩᠭᠢ ᠶᠢ ᠬᠠᠷᠭᠤᠭᠤᠯᠬᠤ ᠶᠢᠨ ᠬᠠᠮᠲᠤ ᠨᠢᠭᠤᠷ ᠤᠨ ᠪᠠᠷᠠᠭᠤᠨ ᠳᠣᠣᠷ᠎ᠠ ᠦᠨᠴᠦᠭ ᠤᠨ ︽ᠰᠦᠢᠳᠬᠡᠯ ᠲᠤᠰᠢᠶᠠᠬᠤ︾ ᠳᠠᠷᠤᠪᠴᠢ ᠶᠢ ᠳᠠᠷᠤᠵᠤ᠂ ︽ᠸᠢᠴᠠᠲ︾ ᠪᠤᠶᠤ ︽ᡁᠢ ᠹᠦ᠋ ᠪᠦᠦ︾ ᠢᠶᠠᠷ ᠨᠢᠭᠤᠷ ᠲᠤ ᠭᠠᠷᠤᠭᠰᠠᠨ ︽ᠰᠦᠢᠳᠬᠡᠯ ᠲᠤᠰᠢᠶᠠᠬᠤ ᠺᠣᠳ᠋︾ ᠢ ᠰᠢᠷᠪᠢᠵᠦ ᠬᠠᠷᠭᠤᠭᠤᠯᠤᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠨ᠎ᠠ᠃        ᠰᠦᠢᠳᠬᠡᠯ ᠲᠤᠰᠢᠶᠠᠬᠤ ᠶᠢ ᠪᠡᠶᠡᠯᠡᠭᠦᠯᠦᠭᠰᠡᠨ ᠤ ᠳᠠᠷᠠᠭ᠎ᠠ ᠨᠢᠭᠤᠷ ᠤᠨ ᠪᠠᠷᠠᠭᠤᠨ ᠳᠣᠣᠷ᠎ᠠ ᠦᠨᠴᠦᠭ ᠲᠤ ︽ᠨᠢᠭᠡᠨᠲᠡ ᠲᠤᠰᠢᠶᠠᠭᠰᠠᠨ︾ ᠳᠠᠷᠤᠪᠴᠢ ᠶᠢ ᠳᠠᠷᠤᠵᠤ ᠰᠦᠢᠳᠬᠡᠯ ᠲᠤᠰᠢᠶᠠᠬᠤ ᠶᠢ ᠪᠡᠶᠡᠯᠡᠭᠦᠯᠦᠨ᠎ᠡ᠃        ᠰᠦᠢᠳᠭᠡᠯ ᠲᠤᠰᠢᠶᠠᠵᠤ ᠪᠠᠷᠠᠭᠰᠠᠨ ᠤ ᠳᠠᠷᠠᠭ᠎ᠠ ᠨᠢᠭᠤᠷ ᠤᠨ ᠪᠠᠷᠠᠭᠤᠨ ᠳᠣᠣᠷ᠎ᠠ ᠥᠨᠴᠥᠭ ᠤᠨ ︽ᠳᠠᠷᠠᠭ᠎ᠠ ᠠᠯᠬᠤᠮ︾ ᠤᠨ ᠳᠠᠷᠤᠪᠴᠢ ᠶᠢ ᠳᠠᠷᠤᠨ᠎ᠠ᠃        ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ ᠪᠠᠭᠤᠯᠭᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠠᠩᠭᠢ ᠠᠴᠠ ᠵᠢᠩᠭᠢᠨᠢ ᠠᠩᠭᠢ ᠳᠤ ᠳᠡᠪᠰᠢᠬᠦ ᠦᠨᠡᠨᠴᠢ ᠢᠲᠡᠭᠡᠮᠵᠢ ᠶᠢᠨ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠤᠨ ᠠᠭᠤᠯᠭ᠎ᠠ ᠶᠢ ᠬᠠᠷᠭᠤᠭᠤᠯᠵᠤ᠂ ᠠᠯᠳᠠᠭ᠎ᠠ ᠥᠬᠡᠶ ᠭᠡᠵᠦ ᠨᠤᠲᠠᠯᠠᠭᠰᠠᠨ ᠤ ᠳᠠᠷᠠᠭ᠎ᠠ ᠨᠢᠭᠤᠷ ᠤᠨ ᠪᠠᠷᠠᠭᠤᠨ ᠳᠣᠤᠷ᠎ᠠ ᠥᠨᠴᠥᠭ ᠤᠨ ︽ᠪᠢ ᠨᠢᠭᠡᠨᠲᠡ ᠤᠩᠰᠢᠭᠰᠠᠨ ᠪᠥᠭᠡᠳ ᠬᠠᠮᠢᠶ᠎ᠠ ᠪᠥᠬᠦᠶ ᠠᠭᠤᠯᠭ᠎ᠠ ᠶᠢ ᠨᠣᠲᠠᠯᠠᠨ᠎ᠠ︾ ᠭᠡᠬᠦ ᠲᠠᠷᠤᠪᠴᠢ ᠶᠢ ᠳᠠᠷᠤᠨ᠎ᠠ᠃        ︵ᠠᠷᠪᠠ︶ ᠬᠢᠷᠢ ᠬᠡᠮ ᠤᠨ ᠬᠢᠨᠠᠯᠲᠠ        ᠰᠢᠯᠭᠠᠭᠤᠯᠤᠭᠴᠢ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠴᠠᠭ ᠲᠤᠬᠠᠶ ᠳᠤᠨᠢ ᠠᠩᠬᠠᠷᠬᠤ ᠬᠡᠷᠡᠭᠲᠡᠶ᠂ ᠬᠢᠨᠠᠨ ᠬᠠᠷᠭᠤᠭᠤᠯᠤᠯᠲᠠ ᠥᠩᠭᠡᠷᠡᠭᠰᠡᠨ ᠥᠬᠡᠶ ᠪᠣᠯ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠳᠤ ᠨᠥᠬᠦᠪᠥᠷᠢ ᠪᠤᠶᠤ ᠵᠠᠰᠠᠪᠤᠷᠢ ᠣᠷᠣᠭᠤᠯᠵᠤ ᠪᠣᠯᠤᠨ᠎ᠠ᠂ ᠵᠠᠰᠠᠪᠤᠷᠢ ᠣᠷᠣᠭᠤᠯᠬᠤ ᠠᠭᠤᠯᠭ᠎ᠠ ᠳᠤ ᠦᠨᠳᠦᠰᠦᠨ ᠮᠡᠳᠡᠭᠡ ᠵᠠᠩᠭᠢ᠂ ᠭᠡᠷᠡᠴᠢᠯᠡᠬᠦ ᠮᠠᠲ᠋ᠧᠷᠢᠶᠠᠯ ᠵᠢᠴᠢ ᠬᠡᠷᠡᠯ ᠵᠢᠷᠤᠭ ᠤᠨ ᠮᠡᠳᠡᠭᠡ ᠵᠠᠩᠭᠢ ᠴᠤᠭᠯᠠᠭᠤᠯᠬᠤ ᠵᠡᠷᠭᠡ ᠪᠠᠭᠲᠠᠨ᠎ᠠ᠃        ︵ᠠᠷᠪᠠᠨ ᠨᠢᠭᠡ︶ ᠨᠡᠷ᠎ᠡ ᠮᠡᠳᠡᠭᠦᠯᠵᠦ ᠳᠠᠭᠤᠰᠬᠤ        ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠪᠠᠲᠤᠯᠠᠭᠰᠠᠨ ᠤ ᠳᠠᠷᠠᠭ᠎ᠠ᠂ ᠳᠠᠷᠤᠢ ᠨᠡᠷ᠎ᠡ ᠮᠡᠳᠡᠭᠦᠯᠬᠦ ᠶᠢ ᠪᠡᠶᠡᠯᠡᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号