2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠡᠷᠬᠢᠯᠡᠭᠴᠢ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | | ᠬᠤᠷᠠᠯ ᠠᠴᠠ᠂ 2024 ᠣᠨ ᠳᠤ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠨᠤᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ ᠪᠠᠬᠢᠵᠢᠭᠦᠯᠵᠦ᠂ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠤᠯᠪᠣᠭᠠᠯᠠᠨ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ | ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ | ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠶ | ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤ ᠰᠢᠨ᠎ᠡ ᠳᠦᠷᠰᠦ | ᠪᠠᠶᠢᠳᠠᠯ ᠢᠯᠡᠷᠡᠪᠡ᠃ ᠬᠢᠯᠢ ᠬᠢᠵᠠᠭᠠᠷ ᠣᠷᠣᠨ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ | ᠣᠷᠣᠭᠰᠢᠯᠠᠬᠤ ᠶᠢ ᠠᠬᠢᠭᠤᠯᠬᠤ ᠰᠢᠨ᠎ᠡ ᠠᠬᠢᠴᠠ ᠲᠠᠢ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠬᠡᠷᠡᠭ | ᠶᠠᠪᠤᠳᠠᠯ ᠤᠨ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ | ᠲᠦᠪᠰᠢᠨ ᠤ ᠰᠢᠨ᠎ᠡ ᠠᠬᠤᠢ ᠪᠠᠶᠢᠳᠠᠯ ᠢ ᠡᠭᠦᠳᠪᠡ᠃ ᠤᠯᠠᠮᠵᠢᠯᠠᠬᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠯᠢᠭᠡᠷ ᠢ ᠰᠠᠶᠢᠲᠤᠷ ᠶᠠᠷᠢᠬᠤ ᠰᠢᠨ᠎ᠡ ᠪᠠᠶᠢᠳᠠᠯ ᠢ ᠨᠡᠭᠡᠭᠡᠪᠡ᠃ ᠮᠡᠳᠡᠭᠡ ᠵᠠᠩᠭᠢ ᠶᠢᠨ ᠠᠵᠢᠯ ᠢ ᠦᠷᠭᠦᠯᠵᠢᠯᠡᠨ | ᠴᠢᠩᠭᠠᠳᠬᠠᠨ ᠰᠠᠶᠢᠵᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠤᠯ ᠵᠢᠭᠰᠠᠭᠠᠯ ᠤᠨ ᠭᠠᠵᠠᠷ ᠢ ᠰᠠᠶᠢᠲᠤᠷ | ᠰᠠᠬᠢᠵᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ | ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠪᠠ ᠭᠡᠵᠦ ᠵᠢᠭᠠᠵᠤ ᠭᠠᠷᠭᠠᠪᠠ᠃ | | ᠬᠤᠷᠠᠯ ᠤᠨ ᠠᠬᠤᠢ ᠲᠠᠯᠠᠪᠠᠢ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠶᠠᠷᠢᠶ᠎ᠠ ᠲᠠᠯᠪᠢᠨ᠎ᠠ | ᠬᠤᠷᠠᠯ ᠠᠴᠠ᠂ 2025 ᠣᠨ ᠳᠤ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭ᠎ᠠ᠂ ᠶᠢᠰᠦᠳᠦᠭᠡᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠤᠨᠤᠯ ᠤᠨ ᠰᠤᠳᠤᠯᠭᠠᠨ ᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ | ᠪᠠ ᠤᠬᠠᠭᠤᠯᠭ᠎ᠠ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠣᠷᠣᠭᠰᠢᠯᠠᠬᠤ︾ ᠤᠯᠠᠨ ᠲᠦᠮᠡᠨ ᠤ ᠬᠥᠮᠦᠵᠢᠯ ᠪᠣᠯᠤᠨ ︽ | ᠠᠨᠠᠷ ᠤᠨ ᠦᠷ᠎ᠡ ᠪᠤᠯᠭᠠᠬᠤ︾ ᠦᠨᠳᠦᠰᠦᠨ ᠱᠠᠲᠤᠨ ᠤ ᠠᠶᠠᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ | ᠦᠷᠭᠦᠯᠵᠢᠯᠡᠨ ᠰᠢᠨ᠎ᠡ ᠶᠢ ᠡᠭᠦᠳᠦᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠢᠯᠡ ᠲᠣᠳᠣ ᠪᠦᠲᠦᠮᠵᠢᠲᠡᠢ ᠥᠷᠨᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠬᠢᠯᠢ ᠶᠢᠨ ︽ᠲᠠᠪᠤᠨ ᠬᠠᠮᠲᠤ︾ ᠶᠢᠨ ᠣᠷᠳᠣ | ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠶ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ | ᠲᠣᠭᠲᠠᠯᠴᠠᠭ᠎ᠠ ᠪᠣᠯᠤᠨ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ ᠲᠡᠰ ᠳᠡᠪᠰᠢᠭᠦᠯᠬᠦ ᠬᠡᠪ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠨᠳᠦᠰᠦᠲᠡᠨ ᠨᠦᠭᠦᠳ ᠤᠨ | ᠥᠷᠭᠡᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠤᠨ ᠬᠠᠮᠲᠤ ᠶᠢᠨ ᠣᠳᠣᠬᠢᠴᠢᠯᠠᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ | ᠭᠤᠷᠪᠠᠨ ᠠᠴᠢ ᠬᠤᠯᠪᠣᠭᠳᠠᠯ︾ ᠣᠯᠭᠤᠬᠤ ᠶᠢ ᠠᠬᠢᠭᠤᠯᠬᠤ ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ | ᠬᠡᠷᠡᠭᠲᠡᠶ᠃ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢ ᠬᠦᠴᠦᠯᠡᠨ ᠰᠢᠯᠢᠳᠡᠭᠵᠢᠭᠦᠯᠵᠦ᠂ ᠨᠠᠮ ᠤᠨ | ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ | ᠬᠡᠷᠡᠭᠲᠡᠢ ᠭᠡᠵᠦ ᠱᠠᠭᠠᠷᠳᠠᠪᠠ᠃ | | 2024 ᠣᠨ ᠤ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ | ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠳᠤ ᠱᠠᠩᠨᠠᠯ ᠣᠯᠭᠤᠪᠠ | ᠬᠤᠷᠠᠯ ᠠᠴᠠ ︽ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 2024 ᠣᠨ ᠤ | ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠢ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠣᠭᠲᠠᠭᠠᠯ︾ ᠢ ᠤᠩᠰᠢᠨ ᠨᠡᠶᠢᠲᠡᠯᠡᠭᠰᠡᠨ | ᠪᠥᠭᠡᠳ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠤ ᠫᠠᠶᠢᠰᠠ ᠣᠯᠭᠤᠪᠠ᠃ ᠬᠥᠬᠡᠬᠤᠲᠠ ᠶᠢᠨ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠤᠯᠠᠭᠠᠨᠴᠠᠪ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠷᠳᠣᠰ | ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠬᠢᠭᠤᠯᠬᠤ ᠬᠤᠷᠠᠯ ᠵᠡᠷᠭᠡ 6 ᠭᠠᠵᠠᠷ ᠣᠷᠣᠨ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ | ᠰᠣᠯᠢᠯᠴᠠᠬᠤ ᠦᠭᠡ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ | ᠳᠠᠷᠤᠭ᠎ᠠ ᠰᠦᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ | ᠸᠧᠨ ᠱᠧᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠬᠤ | ᠪᠠᠭ ᠤᠨ ᠭᠡᠰᠢᠭᠦᠨ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠤᠷᠠᠯ ᠳᠤ | ᠣᠷᠣᠯᠴᠠᠪᠠ᠃ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠮᠠᠨᠵᠤᠤᠷ ᠬᠤᠲᠠ᠂ | ᠡᠷᠢᠶᠡᠨ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠵᠢᠴᠢ ᠠᠯᠪᠠᠨ ᠬᠡᠷ ᠤᠨ | ᠡᠷᠬᠢᠯᠡᠭᠴᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠬᠤᠶᠠᠳᠤᠭᠠᠷ ᠭᠠᠵᠠᠷ᠂ ᠭᠤᠷᠪᠠᠳᠤᠭᠠᠷ ᠭᠠᠵᠠᠷ ᠤᠨ ᠬᠠᠷᠢᠭᠤᠴᠠᠯᠭᠠᠲᠠᠨ ᠨᠥᠬᠦᠳ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭᠡᠴᠢ ᠶᠢᠨ | ᠶᠢᠰᠦᠳᠦᠭᠡᠷ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠡᠰᠡᠭ ᠭᠡᠰᠢᠭᠦᠨ ᠨᠢᠭᠡᠴᠢ ᠶᠢᠨ ᠬᠤᠯᠪᠣᠭᠠᠴᠢᠨ᠂ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠣᠨᠣᠯ ᠤᠨ ᠰᠤᠳᠤᠯᠭᠠᠨ ᠤ ᠰᠠᠭᠤᠷᠢᠨ ᠭᠠᠵᠠᠷ ᠪᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠴᠡᠭ ᠤᠨ ᠬᠤᠯᠪᠣᠭᠳᠠᠯ | ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠪᠠᠶᠢᠭᠤᠯᠭ᠎ᠠ ᠶᠢᠨ ᠪᠥᠬᠦ ᠺᠠᠳ᠋ᠷ ᠪᠠ ᠨᠠᠮ ᠤᠨ ᠬᠤᠷᠢᠶ᠎ᠠ ᠶᠢᠨ ᠬᠠᠷᠢᠶ᠎ᠠ ᠨᠢᠭᠡᠴᠢ ᠶᠢᠨ ᠤᠳᠤᠷᠢᠳᠬᠤ | ᠪᠠᠭ ᠤᠨ ᠬᠡᠰᠡᠭ ᠭᠡᠰᠢᠭᠦᠳ ᠬᠤᠷᠠᠯ ᠳᠤ ᠣᠷᠣᠯᠴᠠᠵᠠᠶ᠃ | |