ᠳᠣᠷᠣᠨ᠎ᠠ ᠶᠢᠨ ᠰᠠᠯᠬᠢᠨ ᠤᠷᠤᠭᠰᠢᠯᠠᠯᠲᠠ ᠶᠢᠨ ᠲᠤᠭᠤᠯ ᠳᠠᠯᠪᠠᠭ᠎ᠠ ᠶᠢ ᠨᠠᠮᠢᠷᠠᠭᠤᠯᠤᠨ᠎ᠠ᠃ | 2 ᠳ᠋ᠤᠭᠠᠷ ᠰᠠᠷ᠎ᠠ ᠶᠢᠨ 24 ᠤ ᠡᠳᠦᠷ᠂ ᠰᠢᠭᠤᠶᠢᠲᠤ ᠲᠣᠭᠤᠷᠢᠭ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠳᠠᠢᠴᠢᠯᠠᠯᠲᠠ ᠶᠢᠨ ᠶᠡᠭᠡ ᠬᠤᠷᠠᠯ ᠵᠢᠴᠢ ᠺᠠᠳ᠋ᠷᠴᠤᠳ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ | ᠪᠦᠬᠦ ᠲᠣᠭᠤᠷᠢᠭ ᠤᠨ ᠬᠤᠳᠠᠯᠳᠤᠭᠠᠴᠢᠨ ᠤᠷᠢᠬᠤ ᠰᠢᠯᠢᠳᠡᠭ ᠴᠡᠷᠢᠭ ᠤᠳ ᠴᠤᠭᠯᠠᠷᠠᠵᠤ᠂ ᠰᠢᠨ᠎ᠡ ︽ᠳᠠᠶᠢᠨ ᠤ | ᠲᠠᠯᠠᠪᠤᠷ︾ ᠲᠤ ᠮᠣᠷᠳᠠᠬᠤ ᠪᠠᠷ ᠪᠡᠯᠡᠳᠬᠡᠨ᠎ᠡ᠃ | | ᠬᠤᠷᠠᠯ ᠳᠡᠭᠡᠷ᠎ᠡ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠄ ᠪᠥᠬᠦ ᠲᠣᠭᠤᠷᠢᠭ ᠤᠨ ᠳᠡᠭᠡᠳᠦ ᠳᠣᠤᠷᠠᠳᠤ | ᠱᠠᠲᠤᠨ ᠤ ᠬᠢᠨ ᠬᠤᠲᠠ᠂ ᠲᠣᠭᠤᠷᠢᠭ ᠤᠨ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ︾ ᠢᠶᠠᠷ ᠭᠠᠷᠳᠠᠴᠠ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ | ︽ᠬᠥᠪᠴᠢ ᠪᠠᠨ ᠴᠢᠩᠭᠠᠯᠠᠵᠤ︾᠂ ᠠᠵᠢᠯᠯᠠᠭ᠎ᠠ ᠶᠢᠨ ᠲᠠᠯ᠎ᠠ ᠪᠠᠷ ︽ᠨᠣᠮᠤ ᠪᠠᠨ ᠲᠠᠲᠠᠵᠤ︾᠂ ᠨᠠᠶᠢᠳᠠᠪᠤᠷᠢᠵᠢᠭᠤᠯᠬᠤ | ᠲᠠᠯ᠎ᠠ ᠪᠠᠷ ︽ᠡᠷᠴᠢ ᠵᠣᠷᠢᠭ ᠢᠶᠠᠨ ᠬᠥᠪᠴᠢᠯᠡᠵᠦ︾᠂ ︽ᠭᠤᠷᠪᠠ ᠠᠴᠠ ᠬᠤᠶᠠᠷ ᠢ ᠡᠷᠢᠬᠦ︾᠂ ᠲᠣᠭᠤᠷᠢᠭ ᠤᠨ | ᠨᠠᠮ ᠤᠨ ᠬᠤᠷᠢᠶ᠎ᠠ ᠶᠢᠨ ︽ᠶᠢᠰᠦᠨ ᠵᠦᠢᠯ ᠤᠨ ᠠᠵᠢᠯᠯᠠᠭ᠎ᠠ︾ ᠶᠢᠨ ᠠᠶᠠᠨ ᠤ ᠱᠣᠭᠤᠮ ᠪᠠ ᠵᠠᠰᠠᠭ ᠤᠨ ᠣᠷᠳᠣᠨ ᠤ | ︽ᠲᠠᠪᠤᠨ ᠲᠠᠯ᠎ᠠ ᠶᠢᠨ ᠰᠢᠪᠲᠤᠯᠤᠯᠲᠠ︾ ᠶᠢᠨ ᠪᠠᠶᠢᠯᠳᠤᠭᠠᠨ ᠤ ᠲᠣᠬᠢᠷᠠᠭᠤᠯᠤᠯᠲᠠ ᠶᠢ ᠨᠠᠷᠢᠨ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠩᠨᠡᠭᠡ ᠶᠢᠨ ᠪᠠᠶᠢᠭᠤᠯᠤᠯᠲᠠ᠂ ᠭᠤᠤᠯ ᠰᠢᠪᠲᠤᠯᠤᠯᠲᠠ ᠶᠢᠨ | ᠴᠢᠭᠯᠡᠯ ᠢ ᠤᠯᠠᠮ ᠨᠢᠭᠡ ᠠᠯᠬᠤᠮ | ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠮᠠᠨ ᠤ | ᠲᠤᠭᠤᠷᠢᠭ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠶ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠣᠷᠣᠨ ᠤ ᠲᠡᠦᠬᠡᠲᠦ ᠴᠢᠨᠠᠷᠲᠠᠢ ᠳᠠᠪᠠᠯᠲᠠ ᠶᠢ | ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ | ᠬᠤᠷᠠᠯ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠪᠣᠯᠬᠤ ᠠᠵᠢᠯ ᠤᠨ | ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠤᠨ ᠲᠥᠰᠦᠯ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠲᠣᠭᠲᠠᠴᠠ ᠶᠢ ᠤᠯᠠᠮᠵᠢᠯᠠᠵᠤ᠂ ᠪᠠᠶᠢᠯᠳᠤᠭᠠᠨ ᠤ ᠰᠢᠨ᠎ᠡ ᠴᠠᠬᠢᠯᠭᠠᠨ ᠤ ᠦᠨ᠎ᠡ᠂ ᠪᠣᠬᠢᠷᠲᠤᠯ | ᠦᠭᠡᠢ ᠴᠠᠬᠢᠯᠭᠠᠨ᠂ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠲᠡᠮᠡᠴᠡᠨ ᠣᠯᠤᠭᠰᠠᠨ ᠪᠠᠶᠢᠳᠠᠯ᠂ ᠭᠠᠵᠠᠷ | ᠰᠢᠷᠣᠢ ᠶᠢᠨ ᠡᠯᠧᠮᠧᠨ᠋ᠲ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠵᠡᠷᠭᠡ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠶᠢ | ᠲᠠᠶᠢᠯᠪᠤᠷᠢᠯᠠᠪᠠ᠃ | ᠬᠤᠷᠠᠯ ᠠᠴᠠ᠂ ︽ᠬᠤᠶᠠᠷ ᠪᠦᠯᠦᠭ ᠲᠠᠪᠤᠨ ᠣᠷᠣᠨ ᠨᠢᠭᠡ ᠭᠠᠵᠠᠷ︾ ᠤᠨ ᠣᠳᠣᠬᠢᠴᠢᠯᠠᠭᠰᠠᠨ ᠠᠵᠤ | ᠦᠢᠯᠡᠰ ᠤᠨ ᠲᠣᠭᠲᠠᠯᠴᠠᠭ᠎ᠠ ᠶᠢᠨ ᠲᠣᠭᠤᠷᠢᠨ ᠳᠤ᠂ ᠵᠢᠷᠭᠤᠭᠠᠨ ᠶᠡᠭᠡ ᠠᠵᠤ ᠦᠢᠯᠡᠰ ᠢᠶᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠤᠪᠴᠢᠲᠠᠢ | ᠬᠤᠳᠠᠯᠳᠤᠭᠠᠴᠢᠨ ᠤᠷᠢᠵᠤ ᠠᠵᠤ ᠦᠢᠯᠡᠰ ᠢ ᠬᠦᠴᠦᠷᠬᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠦᠴᠢᠷ | ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠵᠦ ᠪᠠᠶᠢᠭ᠎ᠠ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠲᠤᠯᠠᠭ᠎ᠠ ᠶᠢ | ᠠᠳᠬᠤᠵᠤ ᠂ ᠬᠡᠯᠡᠯᠴᠡᠵᠦ ᠪᠠᠶᠢᠭ᠎ᠠ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠢ | ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠪᠡᠯᠡ ᠮᠥᠩᠭᠦ ᠡᠷᠢᠵᠦ᠂ ︽ᠲᠠᠨ ᠳᠤ ᠲᠠᠭᠠᠰᠢᠶᠠᠭᠳᠠᠬᠤ︾᠂ | ︽ᠲᠠᠨ ᠢ ᠰᠠᠨᠠᠭ᠎ᠠ ᠠᠮᠤᠷ ᠪᠠᠶᠢᠯᠭᠠᠬᠤ︾ ᠶᠢ ᠦᠨᠡᠨ ᠬᠦ ᠰᠢᠭᠤᠶᠢᠲᠤ ᠲᠣᠭᠤᠷᠢᠭ ᠤᠨ ᠬᠤᠳᠠᠯᠳᠤᠭ᠎ᠠ ᠡᠵᠡᠩᠨᠡᠬᠦ | ᠣᠷᠴᠢᠨ ᠨᠦᠭᠦᠴᠡᠯ ᠤᠨ ᠠᠯᠳᠠᠨ ᠦᠰᠦᠭᠲᠦ ᠫᠠᠶᠢᠰᠠ ᠪᠣᠯᠭᠠᠬᠤ ᠬᠡᠷᠡᠭᠲᠡᠢ᠃ ᠪᠥᠬᠦ ᠲᠤᠭᠤᠷᠢᠭ ᠲᠠᠶᠠᠭᠠᠷ ᠢᠶᠠᠨ ︽ | ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ︽ᠨᠡᠶᠢᠲᠡᠯᠢᠭ ᠵᠢᠱᠢᠶ᠎ᠡ ᠪᠠᠷ ᠵᠠᠮᠴᠢᠯᠠᠵᠤ᠂ | ᠪᠥᠬᠦ ᠬᠥᠮᠦᠰ ᠣᠷᠣᠯᠴᠠᠬᠤ︾ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠣᠶ ᠪᠣᠯᠭᠠᠵᠤ᠂ ᠬᠤᠳᠠᠯᠳᠤᠭᠠᠴᠢᠨ | ᠤᠷᠢᠬᠤ ︽ᠲᠤᠯᠤᠭᠠᠨ ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠦᠨ᠂ ︽ᠠᠵᠤ ᠦᠢᠯᠡᠰ ᠤᠨ ᠲᠥᠷᠥᠭᠳᠡᠯ︾ ᠢ | ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠨᠢᠤ ᠪᠢᠶᠣᠣ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠪᠢᠨ᠂ ᠴᠢᠦᠶ ᠫᠢᠩ ᠬᠦᠶ᠂ ᠳᠡᠳ᠋ ᠲᠣᠭᠤᠷᠢᠭ ᠤᠨ ᠳᠠᠷᠤᠭ᠎ᠠ | ᠰᠦᠨ ᠶᠤᠸᠠᠢ᠂ ᠪᠤᠭᠤᠲᠤ ᠶᠢᠨ ᠰᠢᠭᠤᠶᠢᠲᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠴᠧᠨ ᠶᠦᠩ ᠫᠢᠩ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ᠂ | ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠭᠡᠰᠢᠭᠦᠳᠣᠷᠣᠯᠴᠠᠵᠠᠶ᠃ | |