2 ᠳ᠋ᠤᠭᠠᠷ ᠰᠠᠷ᠎ᠠ ᠶᠢᠨ 21 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠸᠠᠩ | ᠪᠢᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠢ ᠴᠢᠶᠣᠤ ᠯᠢᠨ᠂ ᠳᠡᠳ᠋ ᠡᠷᠬᠢᠯᠡᠭᠴᠢ ᠸᠠᠩ ᠷᠦᠩ᠂ | ᠴᠢᠦᠢ ᠫᠢᠩ ᠬᠦᠢ᠂ ᠳ᠋ᠦ᠋ ᠲᠢᠶᠧ ᠵᠢᠶᠦ᠋ᠨ ᠵᠢᠴᠢ ᠭᠡᠰᠢᠭᠦᠨ ᠨᠡᠶᠢᠳᠡ 23 ᠬᠥᠮᠦᠨ ᠬᠤᠷᠠᠯ ᠳᠤ ᠣᠷᠣᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ | ᠳᠠᠷᠤᠭ᠎ᠠ ᠯᠢ ᠰᠢᠶᠠᠩ ᠵᠢᠴᠢ ᠰᠤᠮᠤ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠯᠪᠣᠭᠠᠴᠢᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠤᠨ ᠵᠣᠷᠢᠭ | ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ ︵ᠬᠡᠰᠡᠭᠯᠡᠨ | ᠰᠣᠩᠭᠤᠬᠤ︶︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠳᠤ ᠵᠠᠰᠠᠪᠤᠷᠢ ᠣᠷᠣᠭᠤᠯᠬᠤ ᠲᠤᠬᠠᠢ ᠵᠡᠷᠭᠡ 2 | ᠬᠤᠪᠢ ᠲᠣᠭᠲᠠᠭᠠᠯ ᠤᠨ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠰᠢᠭᠤᠶᠢᠲᠤ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ | ᠵᠥᠪᠯᠡᠯ ᠤᠨ 2024 ᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ | ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠰᠢᠭᠤᠶᠢᠲᠤ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ | ︵ᠲᠦᠰᠦᠯ︶︾ ᠢ ᠰᠣᠨᠣᠰᠴᠤ ᠬᠢᠨᠠᠨ ᠵᠥᠪᠯᠡᠪᠡ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠨᠠᠷᠠᠨᠨᠠ ᠶᠢ ᠰᠢᠭᠤᠶᠢᠲᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ | ᠬᠤᠷᠠᠯ ᠳᠡᠭᠡᠷ᠎ᠡ᠂ ᠵᠠᠩ ᠬᠠᠢ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠳᠡᠳ᠋ ᠲᠣᠭᠤᠷᠢᠭ ᠤᠨ ᠳᠠᠷᠤᠭ᠎ᠠ | ᠨᠠᠷᠠᠨᠨᠠ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠤᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠰᠠᠨ | ᠤᠯᠤᠰ ᠤᠨ ᠠᠵᠢᠯᠳᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ | | ᠰᠢᠭᠤᠶᠢᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ | ᠬᠤᠷᠢᠶᠠᠨ ᠤ ᠲᠤᠰᠢᠶᠠᠯ ᠡᠭᠦᠷᠭᠡᠯᠡᠬᠦ ᠨᠡᠷᠡᠰ | ︵2025 ᠣᠨ ᠤ 2 ᠳ᠋ᠤᠭᠠᠷ ᠰᠠᠷ᠎ᠠ ᠶᠢᠨ 21 ᠤ ᠡᠳᠦᠷ ᠰᠢᠭᠤᠶᠢᠲᠤ ᠲᠣᠭᠤᠷᠢᠭ ᠤᠨ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ︶ | | ᠲᠤᠰᠢᠶᠠᠯ ᠳᠤ ᠲᠣᠮᠢᠯᠠᠬᠤ ᠪᠠᠷ ᠲᠣᠭᠲᠠᠭᠰᠠᠨ | ᠨᠠᠷᠠᠨᠨᠠ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠦᠷ | ᠴᠠᠭ ᠲᠤᠰᠢᠶᠠᠯ ᠡᠭᠦᠷᠭᠡᠯᠡᠨ᠎ᠡ | |