ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠪᠣᠯᠤᠨ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠦᠯᠵᠢᠶᠡᠨ ᠠᠴᠠ ᠬᠤᠳᠠᠯᠳᠤᠨ ᠠᠪᠬᠤ ᠨᠣᠷᠮ᠎ᠠ ᠶᠢ ᠦᠨᠡᠨ ᠬᠦ | ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠲᠣᠰ ᠲᠣᠰ | ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠢᠭᠤᠶᠢᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠮᠠ ᠴᠠᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠲᠤᠰᠬᠠᠶ | ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃ | ᠣᠳᠣᠬᠠᠨ ᠳᠤ᠂ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ | ᠠᠪᠬᠤ ᠶᠢ ᠬᠢᠨᠠᠨ ᠬᠠᠮᠢᠶᠠᠷᠬᠤ ᠬᠠᠨᠳᠤᠰᠢ ᠴᠢᠩᠭ᠎ᠠ ᠪᠠᠶᠢᠨ᠎ᠠ᠃ ᠲᠣᠰ ᠤᠳᠠᠭᠠᠨ ᠤ ᠪᠠᠶᠢᠴᠠᠭᠠᠯᠲᠠ ᠨᠢ᠂ ᠡᠮ ᠤᠨ | ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ | ᠬᠠᠮᠢᠶᠠᠷᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠯᠠᠮ ᠨᠢᠭᠡ ᠠᠯᠬᠤᠮ ᠴᠢᠬᠤᠯᠠᠴᠢᠯᠠᠪᠠ᠃ ᠡᠯ᠎ᠡ | ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠢᠯᠡ ᠪᠠᠷ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠳᠤ ᠨᠡᠶᠢᠴᠡᠬᠦ ᠪᠠᠴᠢᠮ ᠪᠠᠶᠢᠳᠠᠯ ᠢ ᠠᠷᠭᠠᠴᠠᠭᠠᠨ ᠬᠤᠳᠠᠯᠳᠤᠨ | ᠠᠪᠬᠤ ᠠᠴᠠ ᠭᠠᠳᠠᠨ᠎ᠠ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠷᠡᠭᠯᠡᠬᠦ ᠳᠡᠭᠡᠨ | ᠴᠥᠮ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠠᠴᠠ ᠬᠤᠳᠠᠯᠳᠤᠨ ᠠᠪᠴᠤ᠂ ᠰᠦᠯᠵᠢᠶᠡᠨ ᠳᠡᠭᠡᠷ᠎ᠡ ᠬᠤᠳᠠᠯᠳᠤᠨ ᠠᠪᠬᠤ ᠱᠠᠭᠠᠷᠳᠠᠯᠭ᠎ᠠ ᠶᠢ ᠡᠮ ᠤᠨ | ᠵᠦᠢᠯ ᠨᠢᠭᠡᠪᠦᠷᠢ᠂ ᠲᠥᠷᠥᠯ ᠪᠦᠷᠢ ᠶᠢᠨ ᠬᠤᠷᠣᠭᠳᠠᠯ ᠮᠠᠲ᠋ᠧᠷᠢᠶᠠᠯ ᠬᠦᠷᠲᠡᠯ᠎ᠡ ᠨᠠᠷᠢᠯᠢᠬᠵᠢᠭᠤᠯᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠳ ᠲᠤ ᠨᠠᠩ ᠴᠢᠨᠠᠷ ᠰᠠᠶᠢᠲᠠᠶ᠂ ᠥᠨᠳᠥᠷ | ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠬᠢᠨᠠᠯᠲᠠ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | |