2 ᠳ᠋ᠤᠭᠠᠷ ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠶ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ | ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ | ᠪᠠᠳᠠᠷᠠᠭᠤᠯᠬᠤ ᠶᠢᠨ ᠲᠣᠭᠤᠷᠢᠨ ᠳᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠪᠠ ᠪᠠᠶᠢᠩᠭᠤ ᠶᠢᠨ | ᠬᠤᠷᠢᠶᠠᠨ ᠤ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ | ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠨ ᠦᠵᠡᠵᠦ᠂ ᠨᠠᠮᠴᠢ ᠴᠢᠨᠠᠷ ᠤᠨ ᠵᠠᠳᠠᠯᠤᠯᠲᠠ ᠬᠢᠵᠦ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ | ᠯᠢᠶᠠᠨ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠸᠠᠩ ᠵᠢᠶᠠᠨ ᠰᠢᠨ ᠵᠢᠴᠢ ᠬᠢᠨᠠᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠭᠡᠰᠢᠭᠦᠳ ᠬᠤᠷᠠᠯ ᠳᠤ | ᠣᠷᠣᠯᠴᠠᠨ ᠵᠢᠭᠠᠨ | ᠵᠢᠯᠣᠭᠤᠳᠴᠤ᠂ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠠᠩ ᠵᠢᠶᠠᠨ ᠰᠢᠨ ᠦᠨᠡᠯᠡᠯᠲᠡ ᠬᠢᠪᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠠᠢ᠂ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠰᠢᠶᠠᠩ ᠬᠦᠩ ᠬᠤᠷᠠᠯ ᠳᠤ | ᠰᠤᠯᠠ ᠣᠷᠣᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ | ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ | ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠦᠨᠡᠨᠴᠢ ᠪᠠᠷ ᠥᠷᠨᠢᠭᠦᠯᠵᠦ᠂ | ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ | ᠭᠠᠢ ᠯᠢᠶᠠᠨ ᠢᠦᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠃ | ᠲᠠᠷᠠᠭ᠎ᠠ ᠨᠢ᠂ ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠲᠡᠰ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ | ᠸᠠᠩ ᠵᠢᠶᠠᠨ ᠰᠢᠨ ᠦᠨᠡᠯᠡᠯᠲᠡ ᠶᠢᠨ ᠶᠠᠷᠢᠶᠠᠨ ᠳᠠᠭᠠᠨ ᠰᠢᠭᠤᠶᠢᠲᠤ ᠲᠣᠭᠤᠷᠢᠭ ᠤᠨ ᠲᠤᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠬᠤ ᠶᠢᠨ ᠬᠠᠮᠲᠤ ᠰᠢᠭᠤᠶᠢᠲᠤ ᠲᠣᠭᠤᠷᠢᠭ ᠤᠨ | ᠨᠠᠮ ᠤᠨ ᠬᠤᠷᠢᠶ᠎ᠠ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ᠂ ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠠᠢ | ᠶᠠᠪᠤᠳᠠᠯ ᠬᠢᠬᠦ ᠪᠣᠳᠠᠲᠤ ᠦᠷ᠎ᠡ ᠪᠦᠲᠦᠮᠵᠢ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠦᠷ᠎ᠡ ᠪᠦᠲᠦᠭᠡᠯ ᠢᠶᠠᠨ | ᠰᠢᠯᠭᠠᠨ ᠪᠠᠶᠢᠴᠠᠭᠠᠵᠤ᠂ ᠪᠤᠭᠤᠲᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠦᠬᠡ ᠶᠢᠨ | ᠬᠠᠮᠤᠭ ᠤᠨ ᠥᠨᠳᠥᠷ ᠲᠦᠪᠰᠢᠨ ᠳᠤ ᠳᠠᠬᠢᠨ ᠪᠤᠴᠠᠬᠤ ᠶᠢ ᠠᠬᠢᠭᠤᠯᠬᠤ ᠳᠤ ᠨᠡᠩ ᠤᠯᠠᠨ ᠰᠢᠭᠤᠶᠢᠲᠤ | ᠲᠣᠭᠤᠷᠢᠭ ᠤᠨ ᠬᠤᠪᠢ ᠨᠡᠮᠡᠷᠢ ᠦᠵᠡᠭᠦᠯᠬᠦ ᠶᠢ ᠬᠦᠰᠡᠪᠡ᠃ | ᠭᠠᠢ ᠯᠢᠶᠠᠨ ᠢᠦᠢ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ | ᠡᠭᠦᠷᠭᠡᠯᠡᠬᠦ ᠬᠡᠷᠡᠭᠲᠡᠢ᠃ ᠨᠠᠮ ᠤᠨ ᠰᠤᠷᠲᠠᠯ ᠨᠠᠮᠴᠢ ᠴᠢᠨᠠᠷ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ | ᠤᠶᠠᠯᠳᠤᠭᠤᠯᠬᠤ ᠶᠢ | ᠪᠠᠷᠢᠮᠲᠠᠯᠠᠵᠤ᠂ ᠪᠣᠳᠠᠲᠠᠶ ᠠᠵᠢᠯᠯᠠᠬᠤ ᠶᠢ ᠠᠳᠬᠤᠬᠤ ᠤᠳᠤᠷᠢᠳᠤᠮᠵᠢ ᠶᠢ ᠬᠦᠴᠦᠯᠡᠨ ᠪᠤᠢ ᠪᠣᠯᠭᠠᠵᠤ᠂ ᠡᠯ᠎ᠡ | ᠲᠠᠯ᠎ᠠ ᠶᠢᠨ ᠡᠷᠴᠢ ᠵᠣᠷᠢᠭ ᠢ ᠭᠦᠢᠴᠡᠳ ᠳᠠᠶᠢᠴᠢᠯᠠᠨ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ︽ᠰᠡᠭᠦᠯᠴᠢ ᠶᠢᠨ ᠬᠠᠭᠠᠰ ᠵᠣᠬᠢᠶᠠᠯ︾ ᠢ ᠪᠦᠬᠦ ᠬᠦᠴᠦᠨ ᠢᠶᠠᠷ ᠢᠶᠠᠨ | ᠰᠠᠶᠢᠨ ᠪᠢᠴᠢᠬᠦ | ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠬᠤ ᠲᠥᠰᠦᠯ | ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ | ᠬᠡᠷᠡᠭᠲᠡᠢ᠃ ᠪᠣᠳᠠᠲᠠᠢ ᠠᠵᠢᠯᠯᠠᠬᠤ ᠪᠠᠷ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ | ᠬᠡᠷᠡᠭᠲᠡᠢ᠃ ᠲᠡᠦᠬᠡᠲᠦ ᠴᠢᠨᠠᠷᠲᠠᠢ ᠳᠠᠪᠠᠯᠲᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ︽ᠶᠢᠰᠦᠨ ᠵᠦᠢᠯ ᠤᠨ ᠠᠵᠢᠯᠯᠠᠭ᠎ᠠ | ︾ ᠪᠠ ᠵᠠᠰᠠᠭ ᠤᠨ ᠣᠷᠳᠣᠨ ᠤ ︽ᠲᠠᠪᠤᠨ ᠶᠡᠭᠡ ᠳᠠᠭᠠᠷᠢᠯᠲᠠ︾ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ | ᠲᠣᠭᠤᠷᠢᠨ ᠳᠤ᠂ ᠬᠤᠷᠳᠤᠨ ᠮᠣᠷᠢᠨ ᠳᠤ ᠲᠠᠰᠢᠭᠤᠷ ᠨᠡᠮᠡᠬᠦ ᠡᠷᠴᠢ ᠵᠣᠷᠢᠭ ᠭᠠᠷᠭᠠᠵᠤ᠂ ᠦᠷ᠎ᠡ ᠳ᠋ᠦᠩ ᠢᠶᠠᠷ | ᠡᠭᠦᠷᠭᠡ ᠶᠢ ᠭᠡᠳᠡᠷᠭᠦ ᠰᠢᠬᠠᠮᠳᠠᠭᠤᠯᠵᠤ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ | ᠪᠦᠲᠦᠭᠡᠯ ᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨ ᠬᠦ | ᠪᠠᠲᠤᠯᠠᠵᠤ᠂ ᠮᠠᠨ ᠤ ᠬᠤᠲᠠ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠬᠤ ᠳᠤ ᠰᠢᠭᠤᠶᠢᠲᠤ ᠲᠣᠭᠤᠷᠢᠭ ᠤᠨ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠭᠡᠪᠡ᠃ | |