ᠵᠠᠩ ᠰᠢᠶᠤᠤ ᠹᠸᠢ ᠪᠦᠯᠬᠦᠮ ᠳᠠᠭᠠᠭᠤᠯᠤᠨ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/18
        2 ᠳ᠋ᠤᠭᠠᠷ ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠪᠠ᠃            ᠵᠠᠩ ᠰᠢᠶᠤᠤ ᠹᠸᠢ ᠨᠠᠷ ᠤᠷᠢᠳ ᠬᠤᠵᠢᠳ ᠶᠣᠰᠣ ᠰᠤᠷᠲᠠᠬᠤᠨ ᠤ ᠠᠭᠤᠳᠠᠮ ᠲᠠᠯᠠᠪᠠᠢ᠂ ᠶᠢᠩ ᠪᠢᠨ ᠪᠢᠴᠢᠯ ᠴᠡᠴᠡᠷᠯᠢᠭ᠂ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠷᠠᠭᠤᠨ ᠡᠭᠦᠳᠡ᠂ ᠯᠠᠮᠠ ᠶᠢᠨ ᠭᠤᠣᠯ ᠴᠡᠴᠡᠷᠯᠢᠭ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ ᠶᠢᠨ ᠲᠥᠰᠦᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠳᠦᠭᠡᠨ ᠪᠠᠶᠢᠭᠤᠯᠬᠤ ᠪᠠᠷᠢᠮᠵᠢᠶ᠎ᠠ᠂ ᠴᠢᠳᠠᠮᠵᠢ ᠶᠢ ᠠᠭᠤᠰᠤᠯᠴᠠᠭᠤᠯᠬᠤ᠂ ᠪᠡᠯᠡ ᠮᠥᠩᠭᠦ ᠶᠢ ᠠᠷᠪᠢᠯᠠᠬᠤ ᠵᠡᠷᠭᠡ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃        ᠵᠠᠩ ᠰᠢᠶᠤᠤ ᠹᠸᠢ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠᠥᠭᠬᠦ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠤᠳᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠬᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ︾ ᠣᠶᠢᠯᠠᠭᠠᠭᠳᠠᠬᠤᠨ ᠢ ᠪᠠᠲᠤ ᠪᠠᠬᠢ ᠪᠣᠶᠪᠣᠯᠭᠠᠵᠤ᠂ ︽ᠬᠤᠸᠠᠷ ᠬᠠᠳᠬᠤᠬᠤ︾ ᠬᠦᠴᠦ ᠣᠷᠣᠭᠤᠯᠵᠤ᠂ ᠴᠢᠩᠭ᠎ᠠ ᠨᠢᠮᠪᠠᠶ ᠣᠪᠣᠷ ᠢ ᠪᠠᠷᠢᠮᠲᠠᠯᠠᠨ᠂ ᠭᠤᠶᠣ ᠰᠠᠶᠢᠬᠠᠨ ᠪᠠ ᠪᠣᠳᠠᠲᠤ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠶᠣᠰᠣ ᠰᠤᠷᠲᠠᠬᠤᠨ ᠤ ᠠᠭᠤᠳᠠᠮ ᠲᠠᠯᠠᠪᠠᠶ ᠶᠢᠨ ᠣᠷᠳᠣ ᠬᠤᠩᠭᠢᠯ ᠪᠠ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠡᠪᠳᠡᠷᠬᠡᠶ ᠲᠣᠭᠤᠰᠬ᠎ᠠ ᠶᠢ ᠵᠠᠰᠠᠨ ᠰᠡᠷᠭᠦᠭᠡᠬᠦ ᠠᠵᠢᠯ ᠢ ᠰᠠᠶᠢᠲᠤᠷ ᠬᠢᠵᠦ᠂ ᠰᠡᠯᠡᠭᠦᠴᠡᠯ ᠤᠨ ᠰᠠᠨᠳᠠᠯᠢ᠂ ᠨᠠᠷᠠᠪᠴᠢ ᠶᠢᠨ ᠫᠧᠩ ᠨᠡᠮᠡᠨ ᠪᠠᠶᠢᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠶ᠃ ᠰᠢᠰᠲ᠋ᠧᠮᠲᠦ ᠰᠡᠳᠬᠢᠬᠦᠶ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠣᠷᠣᠨ ᠪᠦᠰᠡ ᠶᠢᠨ ᠲᠣᠮᠣ ᠰᠣᠶᠣᠯ ᠵᠢᠭᠤᠯᠴᠢᠯᠠᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠬᠤᠲᠠ ᠶᠢᠨ ᠴᠢᠨᠠᠷ + ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ + ᠰᠣᠶᠣᠯ ᠤᠨ ᠴᠢᠳᠠᠪᠤᠷᠢ ᠣᠯᠭᠤᠬᠤ︾ ᠭᠤᠷᠪᠠ ᠶᠢ ᠨᠢᠭᠡ ᠴᠤᠭᠴᠠᠵᠢᠭᠤᠯᠤᠭᠰᠠᠨ ᠲᠣᠭᠲᠠᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ᠂ ᠠᠭᠤᠯᠤᠭᠳᠠᠬᠤᠨ᠂ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠪᠠᠭ᠎ᠠ ᠵᠣᠭᠤᠰ ᠢᠶᠠᠷ ᠶᠡᠭᠡ ᠶᠠᠪᠤᠳᠠᠯ ᠪᠦᠲᠦᠭᠡᠵᠦ︾ ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠡᠳᠦᠷ ᠲᠤᠳᠤᠮ ᠤᠨ ᠬᠤᠳᠠ ᠶᠢ ᠴᠡᠪᠡᠷᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠣᠭᠤᠭᠠᠷᠠᠭᠤᠯᠵᠤ ᠭᠤᠶᠤᠵᠢᠭᠤᠯᠬᠤ᠂ ᠬᠠᠮᠠᠭᠠᠯᠠᠬᠤ ᠳᠡᠭᠡᠷ᠎ᠡ ᠬᠦᠴᠦ ᠲᠠᠯᠪᠢᠵᠤ᠂ ᠠᠷᠠᠳ ᠤᠯᠠᠨ ᠤ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠲᠣᠭᠤᠷᠢᠭ ᠤᠨ ᠤᠳᠤᠷᠢᠳᠤᠯᠭ᠎ᠠ ᠮᠠ ᠪᠢᠨ᠂ ᠱᠤᠤ ᠽᠦᠩ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号