2 ᠳ᠋ᠤᠭᠠᠷ ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠦᠷᠢᠶᠡᠯᠡᠩ ᠳᠤ ᠬᠦᠷᠴᠦ᠂ ᠬᠦᠷᠢᠶᠡᠯᠡᠩ ᠲᠣᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠶᠤᠯ ᠦᠭᠡᠢ | ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠵᠠᠩ ᠰᠢᠶᠤᠤ ᠹᠧᠢ ᠨᠠᠷ ᠤᠷᠢᠳ ᠬᠤᠵᠢᠳ ᠥᠪᠥᠷ ᠮᠣᠩᠭᠤᠯ ᠤᠨ ᠺᠠᠢ ᠱᠢ ᠳ᠋ᠠ ᠮᠠᠰᠢᠨ ᠴᠠᠬᠢᠯᠭᠠᠨ ᠤ | ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠤᠮᠠᠷᠠᠲᠤ ᠬᠢᠯᠢ ᠶᠢᠨ ᠳᠣᠣᠷ᠎ᠠ ᠨᠢᠰᠦᠯᠲᠡ ᠶᠢᠨ ︵ᠥᠪᠥᠷ ᠮᠣᠩᠭᠤᠯ︶ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠬᠦᠷᠢᠶᠡᠯᠡᠩ ᠲᠣᠭᠤᠷᠢᠭ ᠤᠨ | ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠣᠯᠠᠨ ᠨᠡᠶᠢᠲᠡ ᠶᠢᠨ ᠦᠢᠯᠡᠴᠢᠯᠡᠭᠡᠨ ᠤ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠬᠦᠷᠢᠶᠡᠯᠡᠩ | ᠲᠣᠭᠤᠷᠢᠭ ᠤᠨ ᠳᠠᠭᠠᠭᠠᠴᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠩ ᠣᠯᠠᠨ ᠳᠡᠭᠡᠳᠦ ᠨᠠᠷᠢᠯᠢᠭ | ᠣᠷᠦ᠋ᠢᠯᠠᠭᠰᠠᠨ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠲᠡᠳᠡᠨ ᠠᠪᠴᠢᠷᠠᠵᠤ ᠰᠢᠭᠤᠶᠢᠲᠤ ᠲᠣᠭᠤᠷᠢᠭ ᠲᠤ | ᠰᠠᠭᠤᠷᠢᠰᠢᠭᠤᠯᠬᠤ ᠬᠡᠷᠡᠭᠲᠡᠶ ᠃ ᠡᠭᠦᠨ ᠤ ᠬᠠᠮᠲᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠢᠨ ᠠᠶᠤᠯ | ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢᠶᠠᠨ ᠪᠠᠲᠤ ᠰᠠᠬᠢᠵᠤ᠂ ᠠᠶᠤᠯ ᠦᠭᠡᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠲᠠᠳ ᠤᠨ ᠠᠮᠤᠷ | ᠲᠦᠪᠰᠢᠨ ᠤ ᠤᠬᠠᠮᠰᠠᠷ ᠢ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ | ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠵᠠᠩ ᠰᠢᠶᠤᠤ ᠹᠸᠢ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠪᠣᠯᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠲᠡᠷᠡ᠂ ᠳᠣᠣᠷ᠎ᠠ ᠠᠭᠠᠷ ᠤᠨ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠢᠷᠡᠭᠡᠳᠦᠢ ᠶᠢᠨ ᠠᠵᠤ | ᠦᠢᠯᠡᠰ ᠪᠣᠯ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ︽ᠵᠠᠩᠭᠢᠯᠠᠭ᠎ᠠ ᠶᠢᠨ ᠨᠡᠮᠡᠭᠳᠡᠯ︾ ᠪᠣᠯᠤᠨ᠎ᠠ᠂ | ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠨᠢ ᠪᠦᠬᠦ ᠲᠣᠭᠤᠷᠢᠭ ᠤᠨ ᠢᠷᠡᠭᠡᠳᠦᠢ ᠶᠢᠨ ᠠᠵᠤ | ᠦᠢᠯᠡᠰ ᠤᠨ ᠬᠦᠷᠢᠶᠡᠨ ᠤ ᠴᠢᠬᠤᠯᠠ ᠳᠠᠭᠠᠭᠠᠴᠠ ᠪᠣᠯᠤᠭᠰᠠᠨ ᠤ ᠬᠤᠪᠢ ᠳᠤ᠂ ᠭᠤᠣᠯᠯᠠᠬᠤ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠬᠵᠢᠭᠰᠠᠨ᠂ ᠲᠤᠰᠬᠠᠶᠢᠵᠢᠭᠰᠠᠨ ᠬᠥᠭᠵᠢᠯᠲᠡ ᠶᠢᠨ ᠴᠢᠭᠯᠡᠯ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠨᠡᠭᠡᠭᠡᠬᠦ ᠬᠡᠷᠡᠭᠲᠡᠢ ᠃ 8 ᠲᠥᠷᠥᠯ ᠤᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠠ ᠳᠣᠣᠷ᠎ᠠ ᠠᠭᠠᠷ ᠤᠨ ᠠᠵᠤ ᠠᠬᠤᠶ᠂ | ᠲᠣᠭᠠᠴᠢᠯᠠᠭᠰᠠᠨ ᠠᠵᠤ ᠠᠬᠤᠶ ᠵᠡᠷᠭᠡ ᠢᠷᠡᠭᠡᠳᠦᠶ ᠶᠢᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ | ᠤᠷᠢᠵᠤ᠂ ᠭᠠᠶᠢᠯᠢ ᠲᠠᠲᠠᠪᠤᠷᠢ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ᠂ | ᠨᠠᠷᠠᠲᠤ ᠲᠡᠮᠳᠡᠭᠲᠦ ᠶᠢᠨ ᠦᠢᠯᠡᠳᠦᠯ᠂ ᠬᠥᠭᠵᠢᠯᠲᠡ ᠶᠢᠨ ᠬᠡᠲᠦ ᠶᠢᠨ ᠲᠥᠯᠥᠪ ᠵᠡᠷᠭᠡ ᠬᠦᠴᠦᠨ ᠵᠦᠢᠯ ᠠᠴᠠ | ᠭᠠᠷᠳᠠᠵᠤ᠂ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠬᠥᠭᠵᠢᠯᠲᠡ ᠶᠢᠨ ᠢᠷᠡᠭᠡᠳᠦᠶ ᠪᠠᠷ ᠰᠠᠶᠢᠨ ᠴᠢᠨᠠᠷ | ᠰᠠᠶᠢᠲᠠᠶ ᠠᠵᠤ ᠠᠬᠤᠶᠢᠯᠠᠯ ᠢ ᠰᠢᠯᠢᠳᠡᠭ ᠢ ᠨᠢ ᠰᠣᠩᠭᠤᠨ | ᠣᠷᠣᠭᠤᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠪᠯᠡᠷᠡᠯ ᠤᠨ ᠦᠢᠯᠡᠳᠦᠯ ᠪᠠ ᠨᠠᠷᠠᠲᠤ | ᠲᠡᠮᠳᠡᠭᠲᠦ ᠶᠢᠨ ᠦᠢᠯᠡᠳᠦᠯ ᠢ ᠪᠣᠶ ᠪᠣᠯᠭᠠᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠪᠠᠭ᠎ᠠ ᠠᠵᠤ ᠠᠬᠤᠶᠢᠯᠠᠯ ᠳᠤ ᠠᠪᠬᠤ ᠪᠠᠭᠲᠠᠭᠠᠮᠵᠢ ᠪᠠᠨ ᠳᠡᠭᠡᠭᠰᠢᠯᠡᠭᠦᠯᠵᠦ᠂ ᠠᠰᠢᠭ ᠣᠯᠬᠤ ᠶᠢ ᠶᠠᠭᠠᠷᠠᠵᠤ | ᠪᠣᠯᠬᠤ | ᠦᠭᠡᠢ᠂ ᠠᠵᠤ ᠠᠬᠤᠶᠢᠯᠠᠯ ᠤᠨ ᠦᠰᠦᠨ ᠪᠤᠶᠢᠵᠢᠬᠤ ᠣᠷᠣᠨ ᠵᠠᠢ ᠶᠢ ᠭᠦᠢᠴᠡᠳ ᠥᠭᠬᠦ ᠬᠡᠷᠡᠭᠲᠡᠢ᠃ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠷᠬᠡ ᠲᠡᠭᠰᠢ ᠲᠥᠪ ᠭᠤᠤᠯᠴᠢ ᠪᠠᠶᠢᠵᠤ᠂ ᠨᠢᠭᠡ ᠯᠡ ᠠᠳᠠᠯᠢ ᠪᠠᠷ | ᠬᠠᠨᠳᠤᠵᠤ᠂ ᠳᠤᠤᠷ᠎ᠠ ᠠᠰᠢᠭᠯᠠᠮᠵᠢ ᠲᠠᠢ ᠠᠵᠤ ᠠᠬᠤᠶᠢᠯᠠᠯ ᠢ ᠰᠤᠯᠠᠯᠠᠵᠤ ᠭᠠᠷᠭᠠᠬᠤ ᠠᠵᠢᠯ ᠢ ᠬᠠᠤᠯᠢ ᠶᠣᠰᠣᠭᠠᠷ | ᠬᠦᠴᠦᠲᠡᠶ ᠠᠬᠢᠭᠤᠯᠬᠤ ᠬᠡᠷᠡᠭᠲᠡᠶ᠃ ︽ᠭᠤᠷᠪᠠ ᠠᠴᠠ ᠬᠤᠶᠠᠷ ᠢ ᠡᠷᠢᠬᠦ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠩᠬᠠᠷᠴᠤ᠂ ᠵᠢᠯᠣᠭᠤᠳᠴᠤ᠂ ᠬᠠᠪᠰᠤᠷᠴᠤ᠂ ᠠᠵᠤ | ᠠᠬᠤᠶᠢᠯᠠᠯ ᠤᠨ ᠵᠢᠯᠣᠭᠤᠳᠣᠯᠭ᠎ᠠ ᠬᠠᠷᠢᠯᠴᠠᠭ᠎ᠠ ᠶᠢ ᠴᠢᠩᠭᠠᠳᠬᠠᠵᠤ᠂ ᠪᠥᠬᠦ ᠲᠣᠭᠤᠷᠢᠭ ᠤᠨ ᠬᠦᠴᠦᠨ ᠢ ᠳᠠᠶᠢᠴᠢᠯᠠᠨ | ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ | ᠰᠡᠳᠬᠢᠯ ᠠᠴᠠ ᠪᠠᠨ ᠬᠠᠮᠠᠭᠠᠯᠠᠬᠤ ᠶᠢᠨ ᠬᠠᠮᠲᠤ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ | ᠳᠠᠷᠤᠭ᠎ᠠ ᠯᠢ ᠰᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |