2 ᠳ᠋ᠤᠭᠠᠷ ᠰᠠᠷ᠎ᠠ ᠶᠢᠨ 25 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠪᠤᠭᠤᠲᠤ ᠬᠤᠲᠠ ᠶᠢᠨ ᠾᠦᠢ ᠢᠦᠶ ᠬᠡᠮᠵᠢᠨ | ᠵᠢᠷᠤᠬᠤ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ︽ᠤᠶᠤᠨᠲᠤ ᠰᠢᠭᠤᠶᠢᠲᠤ ︾ ᠶᠢᠨ ᠠᠵᠢᠯ ᠢ ᠪᠠᠶᠢᠴᠠᠭᠠᠨ ᠰᠤᠳᠤᠯᠪᠠ᠃ | ᠵᠠᠩ ᠰᠢᠶᠤᠤ ᠹᠸᠢ ᠨᠠᠷ ᠤᠷᠢᠳ ᠬᠤᠵᠢᠳ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠰᠤᠳᠤᠯᠤᠨ | ᠨᠡᠭᠡᠭᠡᠬᠦ ᠲᠥᠪ᠂ ᠲᠤᠭ᠎ᠠ ᠪᠠᠷᠢᠮᠲᠠ ᠶᠢᠨ ᠲᠥᠪ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ | ᠵᠡᠷᠭᠡ ᠰᠠᠯᠠᠭ᠎ᠠ ᠮᠥᠴᠢᠷ ᠲᠤ ᠬᠦᠷᠴᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ | ᠢᠨᠵᠧᠨᠧᠷᠢᠩ ᠤᠨ ᠬᠡᠮᠵᠢᠯᠲᠡ ᠶᠢᠨ ᠮᠠᠰᠢᠨ ᠪᠣᠯᠤᠨ ᠬᠤᠭᠤᠯᠠᠢ ᠱᠤᠭᠤᠮ ᠤᠨ ᠬᠠᠶᠢᠨ ᠬᠡᠮᠵᠢᠯᠲᠡ ᠶᠢᠨ ᠮᠠᠰᠢᠨ᠂ | ᠲᠡᠮᠦᠷ ᠵᠠᠮ ᠤᠨ ᠢᠨᠵᠧᠨᠧᠷᠢᠩ ᠤᠨ ᠬᠡᠮᠵᠢᠯᠲᠡ ᠶᠢᠨ ᠬᠡᠮᠵᠢᠭᠦᠷᠯᠢᠭ᠂ ᠲᠡᠮᠦᠷ ᠵᠠᠮ ᠤᠨ ᠪᠠᠷᠢᠯᠭ᠎ᠠ ᠶᠢᠨ | ᠪᠠᠷᠢᠮᠵᠢᠶᠠᠵᠢᠭᠤᠯᠤᠭᠰᠠᠨ ᠠᠵᠢᠯ ᠤᠨ ᠭᠤᠷᠪᠠᠨ ᠬᠡᠮᠵᠢᠯᠳᠦ ᠳᠠᠭᠤᠷᠢᠶᠠᠨ ᠪᠣᠯᠪᠠᠰᠤᠷᠠᠬᠤ ᠰᠢᠰᠲ᠋ᠧᠮ ᠵᠡᠷᠭᠡ ᠲᠤᠰᠬᠠᠢ | ᠮᠡᠷᠭᠡᠵᠢᠯ ᠤᠨ ᠲᠥᠬᠦᠭᠡᠷᠦᠮᠵᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠰᠢᠨ᠎ᠡ ᠮᠡᠷᠭᠡᠵᠢᠯ | ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠭᠰᠡᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠠᠵᠤ ᠠᠬᠤᠶᠢᠯᠠᠯ ᠤᠨ ᠬᠥᠭᠵᠢᠯᠲᠡ ᠶᠢᠨ | ᠡᠬᠢ ᠰᠤᠷᠪᠤᠯᠵᠢ ᠮᠥᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠠ ᠭᠤᠣᠯᠯᠠᠬᠤ | ᠮᠡᠷᠭᠡᠵᠢᠯ ᠲᠠᠢ ᠪᠠᠶᠢᠪᠠᠯ ᠰᠠᠶ᠋ᠢ ᠭᠤᠣᠯᠯᠠᠬᠤ ᠦᠷᠢᠰᠦᠯᠳᠦᠬᠦ ᠬᠦᠴᠦᠨ ᠲᠠᠢ ᠦᠢᠯᠡᠴᠢᠯᠡᠭᠡ ᠪᠠ ᠦᠢᠯᠡᠳᠬᠦᠨ ᠢ | ᠬᠠᠩᠭᠠᠵᠤ ᠴᠢᠳᠠᠨ᠎ᠠ᠂ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠢᠯᠠᠭᠳᠠᠰᠢ ᠦᠭᠡᠢ ᠪᠠᠶᠢᠷᠢᠨ ᠳᠤ ᠪᠠᠶᠢᠵᠤ | ᠴᠢᠳᠠᠨ᠎ᠠ ᠭᠡᠵᠦ ᠵᠢᠭᠠᠵᠤ ᠭᠠᠷᠭᠠᠪᠠ᠃ ᠲᠡᠷᠡ ᠠᠵᠤ ᠠᠬᠤᠶᠢᠯᠠᠯ ᠤᠨ ᠬᠢᠨ ᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠢᠶᠠᠨ ᠴᠢᠨᠠᠭᠰᠢᠳᠠ ᠴᠢᠩᠭᠠᠳᠬᠠᠵᠤ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠴᠢᠳᠠᠪᠤᠷᠢᠲᠠᠨ ᠢ ᠬᠥᠮᠦᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠲᠦᠷᠦᠯ ᠤᠨ ᠬᠥᠭᠵᠢᠯᠲᠡ ᠶᠢᠨ ᠠᠰᠢᠭᠲᠠᠢ ᠪᠠᠶᠢᠷᠢ ᠶᠢ ᠠᠮᠵᠢᠵᠤ᠂ | ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠵᠣᠷᠢᠭᠵᠢᠭᠤᠯᠪᠠ᠃ | ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠵᠠᠩ ᠰᠢᠶᠤᠤ ᠹᠸᠢ ᠠᠭᠠᠷ ᠤᠨ | ᠣᠷᠣᠨ ᠵᠠᠢ ᠶᠢᠨ ᠰᠢᠰᠲ᠋ᠧᠮ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠾᠦᠢ ᠢᠦᠢ ᠬᠡᠮᠵᠢᠨ ᠵᠢᠷᠤᠬᠤ ᠺᠣᠮᠫᠠᠨᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠪᠣᠯᠤᠨ ᠬᠥᠭᠵᠢᠯᠲᠡ ᠶᠢᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ ᠂ ᠾᠦᠢ ᠢᠦᠢ ᠬᠡᠮᠵᠢᠨ | ᠵᠢᠷᠤᠬᠤ ᠺᠣᠮᠫᠠᠨᠢ ᠲᠣᠭᠠᠴᠢᠯᠠᠭᠰᠠᠨ ᠪᠠ ᠬᠡᠮᠵᠢᠨ ᠵᠢᠷᠤᠬᠤ ᠰᠢᠨ᠎ᠡ ᠶᠢ ᠡᠭᠦᠳᠬᠦ ᠬᠦᠷᠢᠶᠡᠨ ᠤ ᠳᠠᠪᠠᠭᠤᠯᠢᠭ ᠢᠶᠠᠨ | ᠪᠠᠳᠠᠷᠠᠭᠤᠯᠵᠤ᠂ ᠲᠣᠭᠠᠴᠢᠯᠠᠭᠰᠠᠨ ᠠᠵᠤ ᠠᠬᠤᠢ ᠪᠣᠯᠤᠨ ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢ ᠣᠯᠭᠤᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠭᠤᠶᠢᠲᠤ ᠲᠣᠭᠤᠷᠢᠭ ᠤᠨ ᠬᠤᠳᠠ ᠶᠢᠨ ᠰᠢᠨᠡᠴᠢᠯᠡᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠳᠤ ᠨᠡᠩ ᠰᠢᠯᠢᠳᠡᠭ | ᠬᠡᠮᠵᠢᠨ ᠵᠢᠷᠤᠬᠤ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠪᠦᠬᠦ | ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠣᠪᠣᠷ ᠢᠶᠠᠨ ᠲᠥᠪ ᠪᠣᠯᠭᠠᠵᠤ᠂ ᠰᠤᠷᠤᠯᠴᠠᠯᠭ᠎ᠠ ᠪᠠᠨ | ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠬᠠᠷᠠᠭ᠎ᠠ ᠪᠠᠨ ᠥᠷᠭᠡᠳᠬᠡᠵᠦ᠂ ᠬᠡᠷᠬᠢᠨ ᠲᠤᠰ ᠰᠠᠯᠠᠭ᠎ᠠ | ᠮᠥᠴᠢᠷ ᠨᠢᠭᠡᠴᠢ ᠶᠢᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠲᠠᠢ ᠤᠶᠠᠯᠳᠤᠭᠤᠯᠬᠤ ᠶᠢ | ᠭᠦᠨᠵᠡᠭᠡᠢ ᠪᠣᠳᠣᠯᠬᠢᠯᠠᠵᠤ᠂ ᠰᠢᠭᠤᠶᠢᠲᠤ ᠶᠢᠨ ᠠᠭᠠᠷ ᠤᠨ ᠣᠷᠣᠨ ᠵᠠᠢ ᠶᠢᠨ ᠰᠢᠰᠲ᠋ᠧᠮ ᠢ ᠭᠦᠢᠴᠡᠳ ᠠᠭᠤᠳᠠᠯᠤᠨ | ᠬᠡᠷᠡᠭᠯᠡᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠᠷ ᠳᠠᠮᠵᠢᠭᠤᠯᠵᠤ᠂ ᠬᠦᠴᠦᠷᠬᠡᠭ ᠶᠡᠭᠡ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠤᠶᠤᠨᠲᠤ ᠰᠢᠭᠤᠶᠢᠲᠤ ︾ ᠶᠢ ᠦᠨᠡᠨ ᠬᠦ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠦᠪᠰᠢᠨ ᠢ ᠪᠦᠬᠦ ᠬᠤᠳᠠ᠂ ᠪᠦᠬᠦ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠮᠠᠷᠠᠲᠤ ᠣᠷᠣᠨ ᠤ | ᠡᠮᠦᠨ᠎ᠡ ᠡᠩᠨᠡᠭᠡᠨ ᠳᠤ ᠣᠷᠣᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠯᠢ ᠴᠢᠩ ᠵᠦᠩ᠂ ᠨᠠᠷᠠᠨᠨᠠ᠂ ᠮᠠ ᠪᠢᠨ᠂ ᠰᠦᠨ ᠶᠤᠸᠠᠢ᠂ | ᠴᠧᠨ ᠶᠦᠩ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |