ᠡᠷᠡᠮᠡᠭᠡᠶᠢᠯᠡᠨ ᠲᠠᠪᠰᠢᠬᠤ ᠬᠠᠪᠤᠷ — ᠰᠢᠨ᠎ᠡ ᠵᠢᠯ ᠳᠠᠬᠢᠨ ᠬᠦᠴᠦᠯᠡᠪᠡ︕ ᠰᠢᠭᠤᠶᠢᠲᠤ ᠲᠣᠭᠤᠷᠢᠭ ᠤᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠬᠤᠪᠢᠷᠠᠯᠲᠠ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2025/3/18
        ᠬᠥᠮᠦᠨ ᠰᠢᠷᠭᠠᠭᠤ ᠪᠣᠯ ᠬᠠᠪᠤᠷ ᠡᠷᠲᠡ ᠢᠷᠡᠵᠦ᠂ ᠡᠷᠡᠯᠬᠡᠭᠯᠡᠨ ᠤᠷᠤᠭᠰᠢᠯᠠᠬᠤ ᠨᠢ ᠶᠠᠭ ᠴᠠᠭ ᠲᠠᠭᠠᠨ ᠪᠠᠶᠢᠨ᠎ᠠ᠃ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠠᠭᠠᠵᠢᠮ ᠰᠠᠷᠨᠢᠬᠤ ᠶᠢ ᠳᠠᠭᠠᠯᠳᠤᠨ᠂ ᠰᠢᠭᠤᠶᠢᠲᠤ ᠲᠣᠭᠤᠷᠢᠭ ᠨᠢᠭᠡᠨᠲᠡ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠬᠦ ︽ᠡᠷᠡᠯᠬᠡᠭᠯᠡᠨ ᠤᠷᠤᠭᠰᠢᠯᠠᠬᠤ ᠠᠶ᠎ᠠ︾ ᠶᠢ ᠬᠥᠭᠵᠢᠮᠳᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ ᠡᠯ᠎ᠡ ᠠᠵᠢᠯ ᠲᠦᠷᠦᠯ ᠤᠨ ᠬᠢᠨ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠠᠵᠢᠯᠯᠠᠬᠤ ᠡᠷᠴᠢ ᠵᠣᠷᠢᠭ ᠢᠶᠠᠷ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠠᠳᠬᠤᠵᠤ᠂ ᠬᠥᠭᠵᠢᠯᠲᠡ ᠶᠢ ᠡᠷᠢᠯᠬᠢᠯᠡᠵᠦ᠂ ᠰᠢᠨ᠎ᠡ ᠵᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃        ᠥᠪᠥᠷ ᠮᠣᠩᠭᠤᠯ ᠤᠨ ᠹᠧᠩ ᠳ᠋ᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠣᠷᠣᠬᠤ ᠳᠤ᠂ ᠲᠡᠷᠢ ᠲᠡᠭᠰᠢ ᠵᠢᠭᠰᠠᠭᠠᠭᠰᠠᠨ ᠦᠢᠯᠡᠳᠪᠦᠷᠢᠯᠡᠯ ᠤᠨ ᠱᠣᠭᠤᠮ ᠬᠠᠷᠠᠭᠠᠨ ᠳᠤ ᠲᠣᠳᠤᠷᠠᠪᠠ᠃ ᠦᠢᠯᠡᠳᠪᠦᠷᠢᠯᠡᠯ ᠤᠨ ᠲᠣᠭᠤᠷᠢᠭ᠂ ᠪᠦᠲᠦᠭᠡᠭᠳᠡᠬᠦᠨ ᠤ ᠲᠣᠭᠤᠷᠢᠭ᠂ ᠪᠣᠭᠤᠳᠠᠯᠯᠠᠬᠤ ᠲᠣᠭᠤᠷᠢᠭ ᠁ ᠭᠤᠣᠯ ᠬᠡᠷᠡᠭᠯᠡᠬᠦ ᠭᠠᠵᠠᠷ ᠨᠢ 22500 ᠲᠡᠭᠰᠢ ᠳᠥᠷᠪᠡᠯᠵᠢᠨ ᠮᠧᠲᠷ ᠦᠢᠯᠡᠳᠪᠦᠷᠢ ᠶᠢᠨ ᠲᠠᠰᠤᠭ ᠲᠤ᠂ ᠡᠯ᠎ᠡ ᠵᠦᠢᠯ ᠤᠨ ᠮᠠᠰᠢᠨ ᠡᠮᠬᠢ ᠵᠠᠮᠪᠠᠷᠠᠭ᠎ᠠ ᠲᠠᠢ ᠪᠠᠷ ᠠᠵᠢᠯᠯᠠᠵᠤ ᠪᠠᠶᠢᠨ᠎ᠠ᠂ ᠪᠠᠶᠠᠷ ᠤᠨ ᠳᠠᠷᠠᠭ᠎ᠠ ᠠᠵᠢᠯ ᠢᠶᠠᠨ ᠰᠡᠷᠭᠦᠭᠡᠭᠰᠡᠨ ᠠᠵᠢᠯᠴᠢᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠲᠠᠷᠬᠠᠵᠤ᠂ ᠡᠯ᠎ᠡ ᠵᠦᠢᠯ ᠤᠨ ᠲᠥᠬᠦᠭᠡᠷᠦᠮᠵᠢ ᠶᠢ ᠶᠠᠭᠠᠷᠠᠯᠲᠠᠢ ᠪᠥᠭᠡᠳ ᠡᠮᠬᠢ ᠵᠢᠷᠤᠮ ᠲᠠᠢ ᠪᠠᠷ ᠠᠵᠢᠯᠯᠠᠭᠤᠯᠵᠤ᠂ ᠰᠡᠳᠬᠢᠯ ᠲᠠᠯᠪᠢᠨ ᠠᠩᠬᠠᠷᠴᠤ᠂ ᠠᠷᠭ᠎ᠠ ᠬᠢᠳᠡᠯ ᠨᠢ ᠪᠣᠯᠪᠠᠰᠤᠷᠠᠩᠭᠤᠢ᠂ ᠬᠥᠷ ᠬᠥᠭᠵᠢᠶᠡᠨ ᠲᠠᠢ ᠠᠵᠢᠯᠯᠠᠵᠤ ᠪᠠᠶᠢᠯ᠎ᠠ᠃
图片1.png
图片2.png
        ᠡᠨᠡ ᠪᠣᠯ ᠹᠧᠩ ᠳ᠋ᠦ᠋ ᠵᠢᠯ ᠳᠤ 2 ᠲᠦᠮᠡᠨ ᠲᠣᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠠᠪᠲᠠᠰᠤ ᠦᠢᠯᠡᠳᠬᠦ ᠲᠥᠷᠥᠯ ᠵᠦᠢᠯ ᠪᠣᠯᠤᠨ᠎ᠠ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠭᠤᠣᠯ ᠢᠵᠢ ᠪᠦᠷᠢᠳᠦᠭᠰᠡᠨ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠪᠣᠯᠤᠭᠰᠠᠨ ᠤ ᠬᠤᠪᠢ ᠳᠤ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠥᠭᠡᠳ ᠥᠷᠭᠡᠨ ᠳᠡᠯᠭᠡᠷ ᠬᠡᠷᠡᠭᠯᠡᠭᠡᠨ ᠤ ᠠᠯᠤᠰ ᠢᠷᠡᠭᠡᠳᠦᠶ ᠲᠠᠢ ᠶᠤᠮ᠃ ᠣᠶᠢᠯᠠᠭᠠᠭᠰᠠᠨ ᠢᠶᠠᠷ᠂ ᠡᠶᠢᠮᠦᠷᠬᠦᠦ ᠰᠢᠬᠠᠵᠤ ᠲᠠᠲᠠᠬᠤ ᠮᠠᠲ᠋ᠧᠷᠢᠶᠠᠯ ᠨᠢ ᠡᠫᠣᠺᠰᠢ ᠲᠪᠠᠷᠬᠠᠢ ᠪᠠᠷ ᠰᠠᠭᠤᠷᠢ ᠮᠠᠲ᠋ᠧᠷᠢᠶᠠᠯ ᠪᠣᠯᠭᠠᠵᠤ᠂ ᠥᠨᠳᠥᠷ ᠬᠡᠮᠵᠢᠶᠡᠰᠦᠲᠦ ᠰᠢᠷᠬᠡᠭᠯᠢᠭ ᠢᠶᠠᠷ ᠴᠢᠩᠭᠠᠳᠬᠠᠬᠤ ᠮᠠᠲ᠋ᠧᠷᠢᠶᠠᠯ ᠪᠣᠯᠭᠠᠵᠤ᠂ ᠰᠢᠬᠠᠵᠤ ᠲᠠᠲᠠᠬᠤ ᠤᠷ᠎ᠠ ᠮᠡᠷᠭᠡᠵᠢᠯ ᠢᠶᠠᠷ ᠥᠩᠭᠡᠨ ᠲᠠᠯ᠎ᠠ ᠶᠢᠨ ᠬᠡᠪ ᠥᠬᠡᠶᠢᠳᠡᠭᠦᠯᠬᠦ ᠪᠥᠰ ᠲᠠᠢ ᠬᠠᠪᠲᠠᠭᠠᠶ ᠬᠡᠯᠪᠡᠷᠢ ᠶᠢᠨ ᠮᠠᠲ᠋ᠧᠷᠢᠶᠠᠯ ᠢ ᠪᠤᠢ ᠪᠣᠯᠭᠠᠨ᠎ᠠ᠂ ᠰᠠᠯᠬᠢᠨ ᠬᠦᠴᠦᠨ ᠤ ᠴᠠᠬᠢᠯᠭᠠᠨ ᠤ ᠨᠠᠪᠴᠢᠨ ᠤ ᠭᠤᠤᠯ ᠨᠢᠷᠤᠭᠤ ᠶᠢᠨ ᠭᠤᠤᠯ ᠮᠠᠲ᠋ᠧᠷᠢᠶᠠᠯ ᠪᠣᠯᠤᠨ᠎ᠠ᠃        ᠬᠠᠯᠠᠭᠠᠬᠤ᠂ ᠭᠤᠮ ᠳᠡᠪᠲᠡᠭᠡᠬᠦ᠂ ᠰᠢᠬᠠᠵᠤ ᠬᠡᠪᠰᠢᠭᠦᠯᠬᠦ᠂ ᠪᠠᠬᠢᠯᠡᠬᠦ᠂ ᠬᠦᠲᠦᠯᠬᠦ ᠁ ᠹᠧᠩ ᠳ᠋ᠦ᠋ ᠶᠢᠨ ᠡᠶᠢᠮᠦᠷᠬᠦᠦ ᠤᠷ᠎ᠠ ᠮᠡᠷᠭᠡᠵᠢᠯ ᠨᠢ ᠦᠷ᠎ᠡ ᠪᠦᠲᠦᠮᠵᠢ ᠪᠠᠷ ᠥᠨᠳᠥᠷ᠂ ᠨᠠᠪᠴᠢᠨ ᠬᠠᠪᠲᠠᠰᠤ ᠦᠢᠯᠡᠳᠬᠦ ᠴᠠᠭ ᠨᠢ ᠣᠬᠤᠷ ᠪᠠᠶᠢᠬᠤ ᠪᠠᠷ ᠪᠠᠷᠠᠬᠤ ᠥᠬᠡᠶ᠂ ᠪᠠᠰᠠ ᠲᠣᠮᠣ ᠨᠢᠷᠤᠭᠤ ᠶᠢᠨ ᠬᠡᠪ ᠤᠨ ᠵᠠᠷᠤᠳᠠᠯ ᠢ ᠪᠦᠲᠦᠮᠵᠢᠲᠡᠶ ᠠᠷᠪᠢᠯᠠᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ ᠴᠢᠳᠠᠨ᠎ᠠ᠃ ᠡᠭᠦᠨ ᠤ ᠬᠠᠮᠲᠤ᠂ ᠦᠢᠯᠡᠳᠪᠦᠷᠢᠯᠡᠵᠦ ᠭᠠᠷᠭᠠᠭᠰᠠᠨ ᠲᠣᠮᠣ ᠨᠢᠷᠤᠭᠤ ᠨᠢ ᠰᠢᠷᠬᠡᠭ ᠤᠨ ᠠᠭᠤᠯᠤᠭᠳᠠᠴᠠ ᠥᠨᠳᠥᠷ᠂ ᠶᠠᠰᠤ ᠴᠢᠨᠠᠷ ᠲᠣᠭᠲᠠᠭᠤᠨ᠂ ᠦᠷᠭᠦᠯᠵᠢᠯᠡᠨ ᠬᠡᠪᠰᠢᠭᠦᠯᠬᠦ᠂ ᠠᠦ᠋ᠲ᠋ᠣᠴᠢᠯᠠᠬᠤ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠶᠡᠭᠡ ᠬᠡᠮᠵᠢᠶ᠎ᠡ ᠪᠠᠷ ᠦᠢᠯᠡᠳᠪᠦᠷᠢᠯᠡᠬᠦ ᠳᠤ ᠲᠣᠬᠢᠷᠠᠮᠵᠢᠲᠠᠢ᠂ ᠣᠳᠣᠬᠠᠨ ᠤ ᠰᠠᠯᠬᠢᠨ ᠬᠦᠴᠦᠨ ᠤ ᠴᠠᠬᠢᠯᠭᠠᠨ ᠤ ᠨᠠᠪᠴᠢᠨ ᠤ ᠨᠢᠷᠤᠭᠤ ᠶᠢᠨ ︽ᠬᠠᠮᠤᠭ ᠤᠨ ᠰᠢᠯᠢᠳᠡᠭ ᠬᠠᠷᠢᠭᠤ︾ ᠮᠥᠨ᠂ ᠪᠠᠰᠠ ᠴᠤ ᠬᠤᠶᠢᠰᠢᠳᠠ ᠶᠢᠨ ᠨᠠᠪᠴᠢᠨ ᠤ ᠭᠤᠣᠯ ᠨᠢᠷᠤᠭᠤ ᠶᠢᠨ ᠬᠥᠭᠵᠢᠯᠲᠡ ᠶᠢᠨ ᠬᠠᠨᠳᠤᠰᠢ ᠮᠥᠨ᠃
图片3.png
        ᠰᠢᠨ᠎ᠡ ᠶᠢ ᠡᠭᠦᠳᠬᠦ ᠨᠡᠶᠢᠯᠡᠮᠡᠯ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ ᠂ ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ ᠲᠠᠯ᠎ᠠ ᠪᠠᠷ᠂ ᠹᠧᠩ ᠳ᠋ᠦ᠋ ᠨᠢ ᠮᠦᠨ ᠴᠤ ︽ᠰᠠᠯᠬᠢᠨ ᠤ ᠬᠤᠷᠳᠤᠴᠠ︾ ᠲᠠᠢ ᠪᠠᠶᠢᠳᠠᠭ᠃ 2024 ᠣᠨ ᠤ 4 ᠳ᠋ᠦ᠋ᠭᠡᠷ ᠰᠠᠷ᠎ᠠ ᠳᠤ ᠭᠡᠷ᠎ᠡ ᠲᠣᠭᠲᠠᠵᠤ᠂ 7 ᠳ᠋ᠤᠭᠠᠷ ᠰᠠᠷ᠎ᠠ ᠳᠤ ᠲᠣᠬᠢᠷᠠᠭᠤᠯᠤᠨ ᠲᠤᠷᠰᠢᠵᠤ᠂ 10 ᠳ᠋ᠤᠭᠠᠷ ᠰᠠᠷ᠎ᠠ ᠠᠴᠠ ᠡᠬᠢᠯᠡᠨ ᠵᠢᠩᠬᠢᠨᠢ ᠪᠠᠷ ᠲᠤᠷᠰᠢᠨ ᠦᠢᠯᠡᠳᠪᠦᠷᠢᠯᠡᠪᠡ᠃ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠡᠨᠡ ᠬᠦ ᠭᠤᠣᠯᠳᠠᠭᠤ ᠰᠠᠯᠬᠢᠨ ᠬᠦᠴᠦᠨ ᠤ ᠴᠠᠬᠢᠯᠭᠠᠨ ᠤ ᠨᠠᠪᠴᠢᠨ ᠤ ᠭᠤᠣᠯ ᠨᠢᠷᠤᠭᠤᠪᠴᠢ ᠰᠢᠯ ᠰᠢᠷᠭᠡᠭᠯᠢᠭ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠰᠢᠬᠠᠬᠤ ᠮᠠᠶ᠋ᠢᠭ ᠤᠨ ᠮᠠᠲ᠋ᠧᠷᠢᠶᠠᠯ ᠦᠢᠯᠡᠳᠪᠦᠷᠢᠯᠡᠬᠦ ᠵᠢᠴᠢ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠬᠢᠵᠦ ᠪᠠᠶᠢᠭ᠎ᠠ ᠠᠵᠤ ᠠᠬᠤᠶᠢᠯᠠᠯ ᠨᠢᠭᠡ ᠵᠢᠯ ᠪᠣᠯᠤᠭ᠎ᠠ ᠦᠭᠡᠢ ᠪᠠᠷ ᠪᠠᠷᠤᠭ 86 ᠦᠢᠯᠡᠳᠪᠦᠷᠢᠯᠡᠯ ᠤᠨ ᠱᠤᠭᠤᠮ᠂ ᠦᠢᠯᠡᠳᠪᠦᠷᠢ ᠶᠢᠨ ᠭᠡᠷ ᠪᠠᠶᠢᠰᠢᠩ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠵᠡᠷᠭᠡ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠲᠤᠰ ᠵᠢᠯ ᠳᠡᠭᠡᠨ ᠪᠦᠳᠦᠭᠡᠨ ᠪᠠᠶᠢᠭᠤᠯᠵᠤ᠂ ᠲᠤᠰ ᠵᠢᠯ ᠳᠡᠭᠡᠨ ᠠᠰᠢᠭᠯᠠᠯᠲᠠ ᠳᠤ ᠣᠷᠣᠭᠤᠯᠵᠤ᠂ ᠲᠤᠰ ᠵᠢᠯ ᠳᠡᠭᠡᠨ ᠪᠠᠷᠢᠮᠵᠢᠶ᠎ᠠ ᠳᠤ ᠬᠦᠷᠬᠦ︾ ᠶᠢ ᠪᠡᠶᠡᠯᠡᠭᠦᠯᠪᠡ᠃
图片4.png
        ᠰᠢᠨ᠎ᠡ ᠨᠢᠭᠡᠨ ᠵᠢᠯ ᠳᠤ᠂ ᠰᠢᠨ᠎ᠡ ᠡᠬᠢᠯᠡᠯᠲᠡ᠃ ᠣᠳᠣᠬᠠᠨ ᠳᠤ᠂ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ︽ᠬᠤᠷᠳᠤᠴᠠ ᠪᠠᠨ ᠲᠦᠷᠭᠡᠳᠬᠡᠬᠦ ᠳᠠᠷᠤᠪᠴᠢ︾ ᠳᠠᠷᠤᠭᠰᠠᠨ ᠪᠧᠩ ᠳ᠋ᠦ᠋ ᠶᠠᠭ ᠠᠦ᠋ᠲ᠋ᠣᠴᠢᠯᠠᠭᠰᠠᠨ AGV᠂ ᠨᠡᠭᠦᠷᠡᠰᠦᠲᠥ᠋ᠷᠥᠭᠴᠢ ᠶᠢᠨ ᠬᠠᠪᠲᠠᠰᠤ ᠰᠢᠷᠪᠢᠬᠦ ᠲᠥᠬᠦᠭᠡᠷᠦᠮᠵᠢ ᠵᠡᠷᠭᠡ ᠰᠢᠨ᠎ᠡ ᠰᠡᠳᠦᠪ ᠢ ᠰᠤᠳᠤᠯᠤᠨ ᠨᠡᠭᠡᠭᠡᠬᠦ ᠲᠤᠷᠰᠢᠯᠲᠠ ᠬᠢᠵᠦ ᠪᠠᠶᠢᠨ᠎ᠠ᠃ ᠲᠡᠳᠡᠨ ᠤ ᠦᠢᠯᠡᠳᠪᠦᠷᠢᠯᠡᠵᠦ ᠭᠠᠷᠭᠠᠭᠰᠠᠨ ᠮᠠᠲ᠋ᠧᠷᠢᠶᠠᠯ ᠨᠢ ᠬᠡᠷᠡᠯ ᠴᠡᠨᠡᠭ ᠤᠨ ᠡᠨᠧᠷᠭᠢ᠂ ᠪᠣᠬᠢᠷᠲᠤᠯ ᠥᠬᠡᠶ ᠪᠠᠷᠢᠯᠭ᠎ᠠ᠂ ᠲᠡᠮᠦᠷ ᠵᠠᠮᠲᠤ ᠵᠠᠮ ᠬᠠᠷᠢᠯᠴᠠᠭ᠎ᠠ ᠵᠡᠷᠭᠡ ᠣᠯᠠᠨ ᠬᠦᠷᠢᠶᠡᠨ ᠳᠤ ᠬᠡᠷᠡᠭᠯᠡᠵᠦ᠂ ᠭᠤᠤᠯᠳᠠᠭᠤ ᠮᠢᠩ ᠶᠠᠩ᠂ ᠰᠠᠨ ᠢ᠂ ᠳᠤᠮᠳᠠ ᠮᠠᠲ᠋ᠧᠷᠢᠶᠠᠯ᠂ ᠴᠠᠭ ᠦᠶ᠎ᠡ᠂ ᠲᠢᠶᠠᠨ ᠱᠦᠨ ᠵᠡᠷᠭᠡ ᠨᠠᠪᠴᠢᠲᠤ ᠪᠦᠬᠦ᠋ᠢᠯᠡ ᠮᠠᠰᠢᠨ ᠤ ᠬᠡᠷᠡᠭᠯᠡᠭᠴᠢᠳ ᠤᠨ ᠦᠢᠯᠡᠳᠪᠦᠷᠢ ᠠᠵᠤ ᠦᠢᠯᠡᠰ ᠤᠨ ᠢᠵᠢ ᠪᠦᠷᠢᠳᠦᠯ ᠬᠢᠵᠦ ᠂ ᠲᠤᠬᠠᠶ ᠶᠢᠨ ᠭᠠᠵᠠᠷ ᠤᠨ ᠰᠢᠬᠠᠵᠤ ᠲᠠᠲᠠᠬᠤ ᠬᠡᠯᠪᠡᠷᠢ ᠶᠢᠨ ᠮᠠᠲ᠋ᠧᠷᠢᠶᠠᠯ ᠤᠨ ᠬᠤᠭᠤᠰᠣᠨ ᠢ ᠨᠦᠬᠦᠪᠦᠷᠢᠯᠡᠪᠡ᠃        ︽ᠪᠤᠭᠤᠲᠤ ᠶᠢᠨ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠪᠠ ᠭᠦᠨ ᠵᠤᠵᠠᠭᠠᠨ ᠠᠵᠤ ᠦᠢᠯᠡᠳᠪᠦᠷᠢ ᠶᠢᠨ ᠰᠠᠭᠤᠷᠢ ᠨᠢ᠂ ᠮᠠᠨ ᠤ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠳᠤ ᠰᠠᠭᠤᠷᠢ ᠲᠠᠯᠪᠢᠵᠤ ᠥᠭᠴᠡᠶ︾᠃ ᠥᠪᠥᠷ ᠮᠣᠩᠭᠤᠯ ᠤᠨ ᠹᠧᠩ ᠳ᠋ᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠠᠷᠤᠭ᠎ᠠ ᠮᠢᠶᠣᠣ ᠬᠠᠶ ᠯᠢᠨ᠂ ᠲᠠᠷᠠᠭᠠᠴᠢ ᠶᠢᠨ ᠠᠯᠬᠤᠮ ᠳᠤ᠂ ᠹᠧᠩ ᠳ᠋ᠦ᠋ ︽ᠰᠢᠨ᠎ᠡ ᠶᠢ ᠡᠭᠦᠳᠬᠦ ᠨᠡᠶᠢᠯᠡᠮᠡᠯ ᠮᠠᠲ᠋ᠧᠷᠢᠶᠠᠯ ᠂ ᠪᠣᠬᠢᠷᠲᠤᠯ ᠥᠬᠡᠶ ᠢᠷᠡᠭᠡᠳᠦᠶ ᠶᠢ ᠬᠥᠲᠥᠯᠥᠨ ᠳᠠᠭᠠᠭᠤᠯᠬᠤ︾ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠ ︽ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠰᠢᠨ᠎ᠡ ᠶᠢ ᠡᠭᠦᠳᠬᠦ︾ ᠦᠢᠯᠡᠳᠬᠦᠨ  ᠤ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠠᠶᠠᠨ ᠰᠢᠨ᠎ᠡ ᠭᠠᠷᠤᠭ᠎ᠠ ᠳᠡᠭᠡᠷ᠎ᠡ᠂ ︽ᠠᠮᠢ ᠴᠦᠯᠡᠬᠦ︾ ᠵᠣᠷᠢᠭ ᠰᠠᠨᠠᠭ᠎ᠠ᠂ ︽ᠰᠢᠪᠲᠤᠯᠬᠤ︾ ᠡᠷᠴᠢ ᠵᠣᠷᠢᠭ᠂ ︽ᠪᠣᠳᠠᠲᠠᠶ︾ ᠰᠤᠷᠲᠠᠯ ᠢᠶᠠᠷ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠠᠳᠬᠤᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠶᠢ ᠡᠭᠦᠳᠬᠦ ᠶᠠᠪᠤᠳᠠᠯ ᠢ ᠪᠥᠬᠦ ᠬᠦᠴᠦᠨ ᠢᠶᠠᠷ ᠢᠶᠠᠨ ᠠᠳᠬᠤᠵᠤ᠂ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠴᠢᠩᠭᠠᠳᠬᠠᠵᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠰᠢᠯᠢᠳᠡᠭᠵᠢᠭᠦᠯᠵᠦ᠂ ᠨᠠᠩ ᠴᠢᠨᠠᠷ ᠰᠠᠶᠢᠲᠠᠶ ᠰᠢᠯ ᠰᠢᠷᠬᠡᠭ᠂ ᠨᠡᠭᠦᠷᠡᠰᠦᠲᠥ᠋ᠷᠥᠭᠴᠢ ᠶᠢᠨ ᠰᠢᠷᠬᠡᠭ ᠵᠢᠴᠢ ᠨᠡᠭᠦᠷᠡᠰᠦᠲᠥ᠋ᠷᠥᠭᠴᠢ ᠶᠢᠨ ᠰᠢᠯ ᠤᠨ ᠬᠤᠯᠢᠯᠳᠤᠭᠤᠯᠤᠭᠰᠠᠨ ᠵᠡᠷᠭᠡ ᠥᠨᠳᠥᠷ ᠴᠢᠳᠠᠪᠬᠢᠲᠤ ᠨᠡᠶᠢᠯᠡᠮᠡᠯ ᠮᠠᠲ᠋ᠧᠷᠢᠶᠠᠯ ᠢ ᠦᠷᠭᠦᠯᠵᠢᠯᠡᠨ ᠨᠡᠭᠡᠭᠡᠨ ᠬᠥᠭᠵᠢᠭᠦᠯᠵᠦ᠂ ᠲᠤᠬᠠᠶ ᠶᠢᠨ ᠭᠠᠵᠠᠷ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号