ᠰᠠᠶᠢᠨ ᠳᠤᠷ᠎ᠠ ᠶᠢᠨ ᠦᠢᠯᠡᠴᠢᠯᠡᠭᠡ ᠶᠢᠨ ᠷᠢᠳᠢ ᠰᠢᠳᠢ ᠨᠢ ᠰᠢᠭᠤᠶᠢᠲᠤ ᠳᠤ ᠪᠠᠳᠠᠷᠠᠨ᠎ᠠ
ᠨᠡᠶᠢᠲᠡᠯᠡᠭᠰᠡᠨ ᠴᠠᠭ᠄
2025/3/19
        ᠨᠢᠭᠡ ᠵᠦᠢᠯ ᠤᠨ ᠤᠯᠠᠭᠠᠨ ᠨᠡᠷᠡᠶᠢᠳᠤᠯ ᠢ ︽ᠰᠠᠶᠢᠨ ᠳᠤᠷ᠎ᠠ ᠶᠢᠨᠦᠢᠯᠡᠴᠢᠯᠡᠭᠡ︾ ᠭᠡᠳᠡᠭ᠂ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠪᠤᠷ ᠤᠨ ᠰᠠᠶᠢᠬᠠᠨ ᠰᠠᠯᠬᠢ ᠮᠡᠲᠦ ᠨᠢᠭᠲᠠᠷᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ 3 ᠳ᠋ᠤᠭᠠᠷ ᠰᠠᠷ᠎ᠠ ᠶᠢᠨ 5 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠵᠡᠷᠭᠡ ᠣᠯᠠᠨ ᠨᠢᠭᠡᠴᠢ  ᠲᠠᠢ ᠬᠠᠮᠲᠤᠷᠠᠨ᠂ ᠮᠢᠩ ᠶᠠᠩ ᠤᠮᠠᠷᠠᠲᠤ ᠶᠢᠨ ᠣᠶᠤᠨᠴᠢ ᠡᠨᠧᠷᠭᠢ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠳᠤ ᠬᠦᠷᠴᠦ ︽ᠯᠧᠢ ᠹᠧᠩ ᠠᠴᠠ ᠲᠠᠭᠠᠨ ᠰᠤᠷᠤᠯᠴᠠᠵᠤ  ᠰᠠᠶᠢᠨ ᠳᠤᠷ᠎ᠠ ᠶᠢᠨ ᠦᠢᠯᠡᠴᠢᠯᠡᠭᠡ ᠬᠢᠵᠦ  ᠥᠭᠡᠷᠡᠴᠢᠯᠡᠯᠲᠡ ᠬᠢᠵᠦ ᠰᠢᠨ᠎ᠡ ᠭᠠᠪᠢᠶ᠎ᠠ ᠪᠠᠶᠢᠭᠤᠯᠬᠤ ᠳᠤ ᠦᠢᠯᠡᠴᠢᠯᠡᠬᠦ︾ ᠪᠠᠷ ᠭᠤᠤᠯ ᠰᠡᠳᠦᠪ ᠪᠣᠯᠭᠠᠭᠰᠠᠨ ︽3.5 ᠯᠧᠢ ᠹᠧᠩ ᠠᠴᠠ ᠲᠠᠭᠠᠨ ᠰᠤᠷᠤᠯᠴᠠᠬᠤ ᠳᠤᠷᠠᠰᠬᠠᠯ ᠤᠨ ᠡᠳᠦᠷ︾ ᠤᠨ ᠲᠥᠪᠯᠡᠷᠡᠩᠭᠦᠶ ᠴᠢᠨᠠᠷᠲᠠᠶ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
图片1.png
        ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠴᠢᠰᠤᠨ ᠰᠢᠬᠢᠷ᠂ ᠴᠢᠰᠤᠨ ᠳᠠᠷᠤᠯᠲᠠ ᠶᠢ ᠬᠡᠮᠵᠢᠬᠦ ᠁ ᠡᠳᠡᠭᠡᠷ ᠰᠠᠭᠤᠷᠢ ᠪᠠᠶᠢᠴᠠᠭᠠᠯᠲᠠ ᠶᠢᠨ ᠲᠥᠷᠥᠯ ᠵᠦᠢᠯ ᠨᠢ ᠠᠵᠤ ᠠᠬᠤᠶᠢᠯᠠᠯ ᠤᠨ ᠠᠵᠢᠯᠲᠠᠳ ᠲᠤ ᠡᠷᠡᠭᠦᠯ ᠮᠡᠨᠳᠦ ᠶᠢᠨ ᠲᠣᠳᠣᠷᠬᠠᠶ ᠵᠢᠷᠤᠭ ᠳᠦᠷᠰᠦ ᠶᠢ ᠨᠢ ᠲᠦᠷᠭᠡᠨ ᠪᠥᠭᠡᠳ ᠣᠨᠣᠪᠴᠢᠲᠠᠶ ᠵᠢᠷᠤᠭᠯᠠᠨ᠎ᠠ᠃ ᠡᠷᠡᠭᠦᠯ ᠮᠡᠨᠳᠦ ᠶᠢᠨ ᠭᠠᠷ ᠠᠪᠤᠯᠭ᠎ᠠ ᠬᠥᠮᠦᠨ ᠪᠣᠯᠭᠠᠨ ᠳᠤ ᠨᠢᠭᠡ ᠬᠤᠪᠢ᠂ ᠬᠤᠭᠤᠯᠠ ᠤᠮᠳᠠ ᠲᠣᠬᠢᠷᠠᠭᠤᠯᠬᠤ ᠤᠷᠠᠨ ᠨᠢᠭᠤᠴᠠ ᠵᠣᠷ ᠠᠴᠠ ᠡᠳᠦᠷ ᠳᠣᠳᠣᠮ ᠤᠨ ᠬᠥᠳᠡᠯᠭᠡᠭᠡᠨ ᠤ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠦᠷᠲᠡᠯ᠎ᠡ᠂ ᠣᠯᠠᠨ ᠤ ᠡᠷᠡᠭᠦᠯ ᠮᠡᠨᠳᠦ ᠶᠢᠨ ᠲᠠᠷᠢᠬᠢ ᠲᠣᠯᠣᠭᠠᠢ ᠶᠢ ᠪᠦᠬᠦ ᠲᠠᠯ᠎ᠠ ᠪᠠᠷ ᠵᠡᠪᠰᠡᠭᠯᠡᠨ᠎ᠡ ᠃ ᠰᠠᠶᠢᠨ ᠳᠤᠷ᠎ᠠ ᠶᠢᠨ ᠦᠢᠯᠡᠴᠢᠯᠡᠭᠴᠢᠳ ᠣᠯᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠢᠲᠡᠭᠡᠮᠵᠢ ᠶᠢ ᠣᠶᠢᠯᠠᠭᠠᠭᠤᠯᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠬᠠᠮᠠᠭᠠᠯᠠᠨ᠂ ᠪᠥᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠤᠬᠠᠮᠰᠠᠷᠲᠤ ᠤᠬᠠᠮᠰᠠᠷ ᠢ ᠤᠯᠠᠮ ᠨᠢᠭᠡ ᠠᠯᠬᠤᠮ ᠪᠣᠶ ᠪᠣᠯᠭᠠᠪᠠ᠃        ᠣᠶᠢᠷ᠎ᠠ ᠶᠢᠨ ᠵᠢᠯ ᠳᠤ᠂ ᠰᠢᠭᠤᠶᠢᠲᠤ ᠲᠣᠭᠤᠷᠢᠭ ᠨᠢ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠭᠤᠷᠪᠠᠨ ᠨᠢᠭᠡ ᠪᠦᠯᠦᠭ︾ ᠬᠠᠷᠠᠯᠲᠠ ᠶᠣᠰᠣᠭᠠᠷ᠂ ᠨᠢᠭᠡ ᠪᠦᠯᠦᠭ ᠲᠤᠰᠬᠠᠢ ᠮᠡᠷᠭᠡᠵᠢᠯ ᠤᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠨᠢᠭᠡ ᠪᠦᠯᠦᠭ ᠪᠦᠷᠢᠨ ᠴᠢᠳᠠᠪᠤᠷᠢᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ᠂ ᠨᠢᠭᠡ ᠪᠦᠯᠦᠭ ᠰᠣᠳᠣᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠰᠣᠩᠭᠤᠨ ᠪᠣᠢ ᠪᠣᠯᠭᠠᠵᠠᠢ᠃
    ︽ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢᠳᠤᠨᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠣᠯᠠᠨ ᠲᠦᠮᠡᠨ ᠳᠤ ᠦᠢᠯᠡᠴᠢᠯᠡᠬᠦ᠂ ᠰᠢᠨ᠎ᠡ ᠪᠠᠷ ᠬᠥᠭᠵᠢᠭᠰᠡᠨ ᠬᠦᠷᠢᠶᠡᠨ ᠳᠤ ᠦᠢᠯᠡᠴᠢᠯᠡᠬᠦ᠂ ᠨᠡᠶᠢᠭᠡᠮ ᠤᠨ ᠵᠠᠰᠠᠯᠲᠠ ᠳᠤ ᠰᠢᠨ᠎ᠡ ᠭᠠᠪᠢᠶ᠎ᠠ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠢ ᠢᠳᠡᠪᠬᠢᠲᠡᠶ ᠵᠣᠬᠢᠶᠠᠨ ᠪᠠᠶᠢᠭᠤᠯᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠳᠤ ᠣᠷᠣᠪᠠ ᠁ ᠡᠶᠢᠮᠦᠷᠬᠦᠦ ᠠᠵᠢᠯᠯᠠᠭ᠎ᠠ ᠪᠠᠷ ᠳᠠᠮᠵᠢᠭᠤᠯᠤᠨ᠂ ᠬᠤᠪᠢ ᠨᠡᠮᠡᠷᠢ ᠦᠵᠡᠭᠦᠯᠬᠦ᠂ ᠡᠶ᠎ᠡ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠲᠤᠭᠤᠷᠢᠭ ᠤᠨ ᠡᠯ᠎ᠡ ᠡᠲᠡᠭᠡᠳ ᠤᠨ ᠬᠥᠮᠦᠰ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠬᠤ ᠶᠢ ᠤᠷᠢᠶᠠᠯᠠᠪᠠ︾ ᠭᠡᠵᠦ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠶᠠᠪᠤᠳᠠᠯ ᠤᠨ ᠭᠡᠰᠢᠭᠦᠨ ᠭᠦᠸᠧ ᠰᠢᠶᠤᠤ ᠷᠦᠩ ᠢᠯᠡᠷᠬᠡᠶᠢᠯᠡᠪᠡ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠠᠵᠢᠯᠳᠠᠨ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠡᠶ᠎ᠡ ᠵᠣᠬᠢᠴᠠᠩᠭᠤᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠰᠢᠭᠤᠶᠢᠲᠤ ᠲᠣᠭᠤᠷᠢᠭ ᠲᠤ ᠦᠨᠳᠦᠰᠦᠯᠡᠨ ᠰᠣᠶᠣᠭᠠᠯᠠᠵᠤ᠂ ᠴᠡᠴᠡᠭᠯᠡᠨ ᠵᠢᠮᠢᠰᠯᠡᠬᠦ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠤᠳᠤ ᠦᠶ᠎ᠡ ᠶᠢᠨ ᠰᠢᠭᠤᠶᠢᠲᠤ ᠶᠢᠨ ᠦᠢᠯᠡᠳᠦᠯᠭᠡ ᠶᠢᠨ ᠬᠠᠭᠤᠳᠠᠰᠤ ᠶᠢ ᠵᠢᠷᠤᠭᠯᠠᠬᠤ ᠳᠤ ᠨᠡᠶᠢᠭᠡᠮ ᠤᠨ ᠠᠵᠢᠯ ᠤᠨ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号