︽ᠬᠤᠪᠢᠰᠬᠠᠯ ᠤᠨ ᠦᠯᠢᠭᠡᠷ ᠢ ᠪᠦᠭᠦᠳᠡᠭᠡᠷ ᠰᠤᠷᠤᠯᠴᠠᠵᠤ᠂ ᠬᠤᠪᠢᠰᠬᠠᠯ ᠤᠨ ᠦᠯᠢᠭᠡᠷ ᠢ | ᠤᠯᠠᠨ ᠢᠶᠠᠷ ᠢᠶᠠᠨ ᠶᠠᠷᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠬᠠᠮᠲᠤᠪᠠᠷ ᠬᠤᠪᠢᠶᠠᠯᠴᠠᠶ᠎ᠠ︾᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠬᠠᠷᠢᠶᠠᠲᠤ ᠲᠣᠭᠤᠷᠢᠭ ᠤᠨ ᠰᠠᠭᠤᠭᠠᠯᠢ | ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ | ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠰᠢᠨ ᠸᠠᠩ ᠨᠡᠶᠢᠭᠡᠮ ᠲᠣᠭᠤᠷᠢᠭ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠲᠠᠭᠠᠨ ᠣᠷᠣᠭᠰᠢᠯᠠᠬᠤ — | ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ︾ ᠨᠣᠮ | ᠤᠩᠰᠢᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠠᠭ ᠤᠨ ᠭᠡᠰᠢᠭᠦᠨ᠂ | ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠵᠢᠴᠢ ᠨᠡᠶᠢᠭᠡᠮ ᠲᠣᠭᠤᠷᠢᠭ ᠤᠨ ᠠᠵᠢᠯᠲᠠᠳ ᠨᠡᠶᠢᠲᠡ 30 ᠭᠠᠷᠤᠶ | ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃ | | | ᠬᠤᠪᠢᠰᠬᠠᠯ ᠤᠨ ᠦᠯᠢᠭᠡᠷ ᠬᠤᠪᠢᠶᠠᠯᠴᠠᠭᠰᠠᠳ ︽ᠨᠠᠮ ᠤᠨ ᠲᠤᠭ ᠳᠡᠭᠡᠷ᠎ᠡ ᠪᠠᠶᠢᠬᠤ︾᠂ ︽ᠳᠤᠮᠳᠠᠳᠤ | ᠤᠯᠤᠰ ᠤᠨ ᠤᠯᠠᠭᠠᠨ︾᠂ ︽ᠤᠯᠠᠭᠠᠨ ᠤᠳᠤ ᠳᠤᠮᠳᠠᠳᠤ ᠤᠯᠤᠰ ᠢ ᠭᠡᠶᠢᠭᠦᠯᠬᠦ︾᠂ ︽ᠳᠣᠯᠣᠳᠤᠭᠠᠷ ᠰᠠᠷ᠎ᠠ ᠶᠢᠨ | ᠣᠭᠲᠠᠷᠭᠤᠢ︾᠂ ︽ᠨᠢᠭᠡᠨ ᠳᠠᠭᠤᠤ︾ ᠵᠡᠷᠭᠡ 5 ᠤᠷᠠᠨ ᠤᠩᠰᠢᠯᠭ᠎ᠠ ᠶᠢᠨ ᠲᠣᠭᠯᠠᠯᠲᠠ ᠶᠢ ᠨᠠᠷᠢᠨ ᠨᠢᠮᠪᠠᠢ | ᠪᠡᠯᠡᠳᠬᠡᠪᠡ᠃ ᠰᠦᠷ ᠳᠠᠯᠠᠶᠢᠴᠠᠲᠠᠶ ᠬᠥᠭᠵᠢᠮ᠂ ᠳᠠᠭᠤ ᠰᠡᠳᠬᠢᠯᠭᠡ ᠬᠤᠣᠰᠯᠠᠭᠰᠠᠨ ᠤᠶᠠᠩᠭᠠᠯᠠᠨ ᠣᠩᠰᠢᠯᠭ᠎ᠠ᠂ | ᠤᠶᠠᠩᠭᠠᠯᠠᠭᠴᠢᠳ ᠴᠢᠩ ᠦᠨᠡᠨᠴᠢ ᠬᠠᠶᠢᠷ᠎ᠠ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠦᠵᠡᠭᠴᠢᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠭᠰᠠᠨ ᠢᠶᠠᠷ ᠪᠠᠷᠠᠬᠤ | ᠥᠬᠡᠶ᠂ ᠨᠠᠩ ᠴᠤ ᠨᠢᠭᠡ ᠤᠳᠠᠭᠠᠨ ᠤ ᠰᠣᠶᠣᠯ ᠤᠨ ᠵᠣᠷᠢᠭ ᠰᠠᠨᠠᠭᠠᠨ ᠤ ᠤᠬᠢᠶᠠᠯ ᠬᠢᠭᠰᠡᠨ ᠪᠠᠶᠢᠨ᠎ᠠ᠃ ᠨᠡᠶᠢᠭᠡᠮ | ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠳᠣᠤᠷ᠎ᠠ᠂ ᠣᠯᠠᠨ ᠢᠶᠠᠷ ᠢᠶᠠᠨ ︽ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠥᠭᠦᠯᠡᠯᠲᠡ ᠶᠢᠨ ᠲᠡᠭᠦᠪᠦᠷᠢ︾ ᠶᠢ ᠲᠥᠪᠯᠡᠷᠡᠭᠦᠯᠦᠨ ᠣᠩᠰᠢᠬᠤ ᠶᠢᠨ ᠬᠠᠮᠲᠤ | ᠭᠤᠶᠢᠳᠠ ᠰᠠᠶᠢᠬᠠᠨ ᠨᠣᠮ ᠣᠩᠰᠢᠬᠤ ᠬᠤᠪᠢᠶᠠᠯᠴᠠᠭ᠎ᠠ ᠬᠢᠵᠦ᠂ ᠰᠠᠭᠤᠭᠠᠯᠢ ᠠᠷᠠᠳ ᠲᠤ ᠨᠠᠮ ᠤᠨ ᠲᠥᠪ | ᠬᠤᠷᠢᠶᠠᠨ ᠤ ᠥᠪᠥᠷ ᠮᠣᠩᠭᠤᠯ ᠳᠠᠬᠢ ᠬᠠᠯᠠᠮᠵᠢᠯᠠᠯ ᠪᠠ ᠭᠦᠨ ᠵᠤᠵᠠᠭᠠᠨ ᠬᠠᠶᠢᠷ᠎ᠠ ᠬᠠᠯᠠᠮᠵᠢ ᠶᠢ ᠭᠦᠨᠵᠡᠭᠡᠶ | ᠣᠶᠢᠯᠠᠭᠠᠭᠤᠯᠵᠤ᠂ ᠰᠠᠭᠤᠭᠠᠯᠢ ᠠᠷᠠᠳ ᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠨ ᠣᠷᠣᠭᠰᠢᠯᠠᠬᠤ︾ ᠢᠲᠡᠭᠡᠯ ᠵᠣᠷᠢᠭ ᠢ ᠪᠠᠲᠤᠳᠬᠠᠪᠠ᠃ | ᠲᠣᠰ ᠤᠳᠠᠭᠠᠨ ᠤ ᠬᠤᠪᠢᠰᠬᠠᠯ ᠤᠨ ᠰᠣᠩᠭᠤᠳᠠᠭ ᠪᠦᠲᠦᠭᠡᠯ ᠢ ᠤᠶᠠᠩᠭᠠᠯᠠᠨ ᠤᠩᠰᠢᠬᠤ ᠠᠵᠢᠯᠯᠠᠭ᠎ᠠ ᠨᠢ | ᠰᠠᠭᠤᠭᠠᠯᠢ ᠠᠷᠠᠳ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠭᠦᠨᠵᠡᠭᠡᠶ ᠬᠥᠭᠵᠢᠭᠡᠭᠰᠡᠨ ᠪᠥᠭᠡᠳ ᠪᠠᠰᠠ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ | ᠨᠣᠮ ᠤᠩᠰᠢᠬᠤ ᠳᠠᠭᠠᠨ ᠴᠢᠳᠠᠮᠠᠭᠠᠶ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠨᠠᠮ ᠤᠨ | ᠭᠡᠰᠢᠭᠦᠨ ᠵᠢᠴᠢ ᠤᠯᠠᠨ ᠲᠦᠮᠡᠨ ᠤ ᠤᠩᠰᠢᠯᠭ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠵᠦ᠂ ᠨᠣᠮ ᠤᠩᠰᠢᠬᠤ ᠶᠢ | ᠳᠠᠳᠬᠠᠯ ᠪᠣᠯᠭᠠᠵᠤ᠂ ᠨᠣᠮ ᠤᠨ ᠦᠨᠦᠷ ᠠᠮᠲᠠ ᠶᠢ ᠨᠡᠶᠢᠭᠡᠮ ᠲᠣᠭᠤᠷᠢᠭ ᠢᠶᠠᠷ ᠳᠦᠭᠦᠷᠭᠡᠬᠦ ᠪᠣᠯᠤᠨ᠎ᠠ᠃ | |