ᠬᠤᠲᠠ ᠶᠢᠨ ᠦᠢᠮᠡᠭᠡᠨ ᠳᠡᠪᠵᠢᠶᠡᠨ ᠳᠤᠮᠳᠠ᠂ ᠰᠠᠭᠤᠭᠠᠯᠢ ᠠᠷᠠᠳ ᠤᠨ ᠠᠰᠠᠷ ᠨᠢ ᠬᠥᠮᠦᠰ ᠤᠨ ᠬᠡᠷ | ᠪᠦᠯᠢ ᠶᠢᠨ ᠬᠠᠯᠠᠭᠤᠨ ᠳᠤᠯᠠᠭᠠᠨ ᠢ ᠠᠴᠢᠶᠠᠯᠠᠵᠤ ᠪᠠᠶᠢᠳᠠᠭ᠃ ᠣᠶᠢᠷ᠎ᠠ ᠳᠤ᠂ ᠰᠢᠨ ᠸᠠᠩ ᠨᠡᠶᠢᠭᠡᠮ ᠲᠣᠭᠤᠷᠢᠭ ᠤᠨ | ᠨᠢᠭᠡᠨ ᠰᠠᠭᠤᠭᠠᠯᠢ ᠠᠷᠠᠳ ᠤᠨ ᠠᠰᠠᠷ ᠳᠣᠲᠣᠷ᠎ᠠ᠂ ᠤᠲᠤᠭ᠎ᠠ ᠮᠠᠨᠠᠨ ᠪᠦᠷᠬᠦᠵᠦ᠂ ᠡᠨᠡ ᠬᠦ ᠨᠠᠮ ᠵᠢᠮ ᠢ ᠡᠪᠳᠡᠪᠡ᠂ | ᠪᠠᠰᠠ ᠠᠶᠢᠯ ᠰᠠᠭᠠᠬᠠᠯᠲᠠ ᠶᠢᠨ ᠬᠢᠨ ᠢ ᠴᠤ ᠰᠠᠨᠠᠭ᠎ᠠ ᠠᠮᠤᠷ ᠦᠭᠡᠢ ᠪᠠᠶᠢᠳᠠᠯ ᠳᠤ ᠣᠷᠣᠭᠤᠯᠪᠠ᠃ | ᠨᠢᠭᠡ ᠡᠳᠦᠷ ᠤᠨ ᠥᠷᠯᠥᠭᠡ᠂ ᠯᠢ ᠠᠪᠤᠭᠠᠢ ᠥᠳᠭᠡᠨ ᠨᠡᠭᠦᠷᠡᠰᠦᠨ ᠤᠲᠤᠭᠠᠨ ᠦᠨᠦᠷ ᠲᠤ ᠬᠠᠭ᠋ᠠᠵᠤ | ᠬᠠᠨᠢᠶᠠᠭᠠᠳ ᠵᠣᠭᠰᠣᠬᠤ ᠦᠭᠡᠢ ᠪᠣᠯᠪᠠ᠂ ᠲᠡᠷᠡ ᠤᠲᠤᠭ᠎ᠠ ᠮᠠᠨᠠᠨ ᠶᠠᠭ ᠲᠣᠭᠤᠭᠠᠨ ᠭᠡᠷ ᠤᠨ ᠬᠡᠢ | ᠭᠠᠳᠠᠭᠰᠢᠯᠠᠭᠤᠯᠬᠤ ᠬᠤᠭᠤᠯᠠᠢ ᠠᠴᠠ ᠲᠠᠰᠤᠷᠠᠯᠲᠠ ᠦᠭᠡᠢ ᠭᠡᠷ ᠲᠤ ᠨᠢ ᠣᠷᠣᠵᠤ ᠢᠷᠡᠵᠦ ᠪᠠᠶᠢᠬᠤ ᠶᠢ ᠣᠯᠵᠤ | ᠮᠡᠳᠡᠭᠡᠳ᠂ ᠯᠢ ᠠᠪᠤᠭᠠᠢ ᠨᠢᠭᠡ ᠵᠡᠷᠭᠡ ᠪᠠᠶᠢᠴᠠᠭᠠᠵᠤ᠂ ᠤᠲᠤᠭ᠎ᠠ ᠬᠠᠷᠢᠨ ᠳᠣᠣᠷ᠎ᠠ ᠠᠰᠠᠷ ᠤᠨ ᠬᠤᠣ ᠠᠪᠠᠭ᠋ᠠᠢ ᠶᠢᠨ | ᠭᠡᠷ ᠠᠴᠠ ᠣᠷᠤᠵᠣ ᠢᠷᠡᠵᠦ ᠪᠠᠶᠢᠬᠤ ᠶᠢ ᠣᠯᠵᠤ ᠮᠡᠳᠡᠪᠡ᠃ ᠲᠡᠷᠡ ᠳᠣᠣᠷ᠎ᠠ ᠨᠢ ᠠᠰᠠᠷ ᠳᠣᠣᠷᠠᠬᠢ ᠬᠤᠤ | ᠠᠪᠠᠭ᠋ᠠᠢ ᠶᠢ ᠡᠷᠢᠵᠦ ᠶᠠᠷᠢᠯᠴᠠᠪᠠ᠃ ᠬᠤᠤ ᠠᠪᠠᠭ᠋ᠠᠢ ᠬᠠᠷᠢᠨ ᠯᠢ ᠠᠪᠤᠭᠠᠢ ᠶᠢᠨ ᠰᠠᠨᠠᠭᠤᠯᠭ᠎ᠠ ᠶᠢ ᠰᠡᠳᠬᠢᠯ ᠳᠤ ᠪᠠᠨ | ᠠᠪᠤᠭᠰᠠᠨ ᠦᠭᠡᠢ᠃ ᠯᠢ ᠠᠪᠤᠭᠠᠢ ᠠᠷᠭ᠎ᠠ ᠪᠤᠰᠤ ᠨᠡᠶᠢᠭᠡᠮ ᠲᠣᠭᠤᠷᠢᠭ ᠠᠴᠠ ᠲᠤᠰᠠᠯᠠᠮᠵᠢ ᠭᠤᠶᠤᠴᠢᠯᠠᠪᠠ᠃ | ᠨᠡᠶᠢᠭᠡᠮ ᠲᠣᠭᠤᠷᠢᠭ ᠤᠨ ᠠᠵᠢᠯᠲᠠᠳ ᠤᠷᠢᠳᠠᠪᠠᠷ ᠯᠢ ᠠᠪᠤᠭᠠᠢ ᠶᠢᠨ ᠤᠷᠮ᠎ᠠ ᠰᠡᠳᠬᠢᠯᠭᠡ ᠶᠢ | ᠲᠠᠶᠢᠳᠬᠤᠷᠠᠭᠤᠯᠵᠤ᠂ ᠳᠠᠷᠠᠭ᠎ᠠ ᠨᠢ ᠨᠡᠶᠢᠭᠡᠮ ᠲᠣᠭᠤᠷᠢᠭ ᠤᠨ ᠬᠤᠯᠪᠤᠭᠠᠲᠤ ᠰᠢᠭᠤᠶᠢᠲᠤ ᠵᠡᠭᠡᠯᠢ ᠭᠤᠳᠤᠮᠵᠢ ᠶᠢᠨ | ᠶᠡᠷᠦᠩᠬᠡᠶᠢᠯᠡᠨ ᠵᠠᠰᠠᠬᠤ ᠲᠥᠪ ᠲᠤ ᠣᠷᠣᠵᠣ ᠰᠠᠭᠤᠭᠰᠠᠨ ᠠᠷᠠᠳ ᠤᠨ ᠴᠠᠭᠳᠠᠭ᠎ᠠ ᠲᠠᠢ ᠬᠠᠮᠲᠤ ᠬᠤᠤ ᠠᠪᠠᠭ᠋ᠠᠢ ᠶᠢᠨ | ᠭᠡᠷ ᠲᠤ ᠢᠷᠡᠪᠡ᠃ ᠠᠷᠠᠳ ᠤᠨ ᠴᠠᠭᠳᠠᠭ᠎ᠠ ᠬᠤᠤ ᠠᠪᠠᠭ᠋ᠠᠶ ᠳᠤ᠂ ᠰᠠᠭᠤᠭᠠᠯᠢ ᠠᠷᠠᠳ ᠤᠨ ᠠᠰᠠᠷ ᠳᠣᠲᠣᠷ᠎ᠠ | ᠨᠡᠭᠦᠷᠡᠰᠦᠨ ᠵᠤᠤᠬ᠎ᠠ ᠬᠡᠷᠡᠭᠯᠡᠬᠦ ᠨᠢ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠭᠡᠮ ᠣᠷᠣᠰᠢᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠢᠶᠠᠷ ᠪᠠᠷᠠᠬᠤ ᠥᠬᠡᠶ᠂ ᠪᠠᠰᠠ | ᠪᠦᠬᠦ᠋ᠢᠯᠡ ᠠᠰᠠᠷ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠪᠡ | ᠭᠡᠵᠦ ᠬᠦᠯᠢᠴᠡᠩᠭᠦᠶ ᠪᠠᠷ ᠲᠠᠶᠢᠯᠪᠤᠷᠢᠯᠠᠨ ᠥᠭᠪᠡ᠃ ᠠᠷᠠᠳ ᠤᠨ ᠴᠠᠭᠳᠠᠭ᠎ᠠ ᠪᠣᠯᠤᠨ ᠨᠡᠶᠢᠭᠡᠮ ᠲᠣᠭᠤᠷᠢᠭ ᠤᠨ | ᠠᠵᠢᠯᠲᠠᠳ ᠤᠨ ᠢᠳᠬᠠᠯ ᠢᠶᠠᠷ ᠳᠠᠮᠵᠢᠨ᠂ ᠬᠤᠤ ᠠᠪᠠᠭ᠋ᠠᠶ ᠡᠴᠦᠰ ᠲᠡᠭᠡᠨ ᠥᠪᠡᠷ ᠤᠨ ᠠᠯᠳᠠᠭ᠎ᠠ ᠪᠤᠷᠤᠭᠤ ᠪᠠᠨ | ᠲᠠᠨᠢᠵᠤ᠂ ᠬᠤᠶᠢᠰᠢᠲᠠ ᠠᠰᠠᠷ ᠲᠤ ᠨᠡᠭᠦᠷᠡᠰᠦ ᠰᠢᠲᠠᠭᠠᠬᠤ ᠦᠭᠡᠢ ᠭᠡᠳᠡᠭ ᠢᠶᠠᠨ ᠢᠯᠡᠳᠬᠡᠪᠡ᠃ | ᠲᠣᠰ ᠤᠳᠠᠭᠠᠨ ᠤ ᠬᠡᠷᠡᠭ ᠨᠢ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠪᠣᠯᠤᠨ ᠰᠢᠨ ᠸᠠᠩ | ᠨᠡᠶᠢᠭᠡᠮ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠥᠨᠳᠥᠷ ᠪᠦᠲᠦᠮᠵᠢᠲᠡᠶ | ᠬᠠᠮᠵᠢᠯᠴᠠᠬᠤ ᠴᠢᠳᠠᠪᠤᠷᠢ ᠶᠢ ᠢᠯᠡᠷᠡᠭᠦᠯᠪᠡ᠃ ᠰᠢᠨ ᠸᠠᠩ ᠨᠡᠶᠢᠭᠡᠮ ᠲᠣᠭᠤᠷᠢᠭ ᠤᠨ ᠬᠢᠨ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ | ᠠᠷᠠᠳ ᠤᠨ ᠠᠮᠤᠷ ᠲᠦᠪᠰᠢᠨ ᠤ ᠤᠬᠠᠮᠰᠠᠷ ᠢ ᠥᠷᠭᠡᠨ ᠢᠶᠠᠷ ᠤᠬᠠᠭᠤᠯᠤᠨ ᠴᠢᠩᠭᠠᠳᠬᠠᠵᠤ᠂ ᠰᠠᠭᠤᠭᠠᠯᠢ ᠠᠷᠠᠳ ᠢ | ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠭᠤᠯᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠨᠡᠪᠲᠡᠷᠡᠯᠴᠡᠵᠦ᠂ | ᠠᠮᠤᠷ ᠲᠦᠪᠰᠢᠨ᠂ ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠮᠲᠤᠪᠠᠷ ᠪᠣᠶ | ᠪᠣᠯᠭᠠᠬᠤ ᠶᠢ ᠬᠥᠲᠥᠯᠦᠨ ᠵᠢᠯᠤᠭᠤᠳᠤᠨ᠎ᠠ᠃ | |