ᠪᠣᠳᠠᠰ ᠤᠨ ᠪᠤᠰᠤ ᠰᠣᠶᠣᠯ ᠤᠨ ᠤᠯᠠᠮᠵᠢᠯᠠᠯ + ᠣᠳᠣ ᠦᠶ᠎ᠡ ᠶᠢᠨ ᠰᠢᠨ᠎ᠡ ᠡᠭᠦᠳᠦᠯᠲᠡ  ᠶᠠᠩᠭᠠᠷ ᠨᠢ ᠰᠢᠨ᠎ᠡ ᠴᠤᠭ ᠵᠢᠪᠬᠤᠭ᠎ᠠ ᠶᠢ ᠪᠠᠳᠠᠷᠠᠭᠤᠯᠪᠠ
ᠨᠡᠶᠢᠲᠡᠯᠡᠭᠰᠡᠨ ᠴᠠᠭ᠄
2025/3/20
        ᠡᠨᠡ ᠵᠢᠯ ᠤᠨ ︽ᠦᠯᠵᠡᠶᠢᠲᠦ ᠮᠣᠭᠠᠢ ᠶᠢᠨ ᠪᠥᠵᠢᠭ  ᠦᠯᠵᠡᠶᠢᠲᠦ ᠡᠳᠦᠷ ᠤᠨ ᠪᠠᠶᠠᠷ ᠢ ᠦᠢᠮᠡᠭᠦᠯᠬᠦ︾ ᠰᠢᠭᠤᠶᠢᠲᠤ ᠲᠣᠭᠤᠷᠢᠭ ᠤᠨ 2025 ᠣᠨ ᠤ ︽ᠬᠦᠭᠵᠢᠯᠲᠦ ᠰᠢᠭᠤᠶᠢᠲᠤ︾ ᠦᠯᠵᠡᠶᠢᠲᠦ ᠡᠳᠦᠷ ᠤᠨ ᠪᠠᠶᠠᠷ ᠤᠨ ᠵᠡᠭᠡᠯᠢ ᠶᠢᠨ ᠤᠷᠠᠨ ᠰᠠᠢᠬᠠᠨ ᠤ ᠲᠣᠭᠯᠠᠯᠲᠠ ᠵᠢᠴᠢ ᠶᠠᠩᠭᠠᠷ ᠤᠨ ᠲᠣᠭᠯᠠᠯᠲᠠ ᠶᠢᠨ ᠤᠷᠤᠯᠳᠤᠭᠠᠨ  ᠳᠤ᠂ ᠳᠠ ᠹᠠ ᠵᠡᠭᠡᠯᠢ ᠭᠤᠳᠤᠮᠵᠢ ᠶᠢᠨ ︽ᠬᠠᠶᠢᠷᠠᠯᠠᠯᠲᠤ ᠰᠢᠭᠤᠶᠢᠲᠤ︾  ᠶᠠᠩᠭᠠᠷ ᠤᠨ ᠠᠩᠭᠢ ᠶᠢᠨ ᠲᠣᠭᠯᠠᠯᠲᠠ ︽ᠲᠦᠭ ᠲᠦᠮᠡᠨ ᠠᠶᠢᠯ ᠡᠷᠦᠬᠡ ᠳᠤ ᠠᠵᠠ ᠵᠢᠷᠭᠠᠯ ᠬᠦᠷᠭᠡᠶ᠎ᠡ —APT ︾ ᠨᠢ ᠤᠯᠠᠮᠵᠢᠯᠠᠯᠲᠤ ᠶᠠᠩᠭᠠᠷ ᠤᠨ ᠬᠥᠭ ᠠᠶᠠᠰ ᠲᠠᠢ ᠮᠦᠷᠲᠡᠭᠡᠨ ᠪᠠᠰᠠ ᠣᠳᠣ ᠦᠶ᠎ᠡ ᠶᠢᠨ ᠪᠦᠵᠢᠭ ᠤᠨ ᠰᠢᠨ᠎ᠡ ᠶᠢ ᠡᠭᠦᠳᠬᠦ ᠡᠯᠧᠮᠧᠨ᠋ᠲ ᠢ ᠠᠭᠤᠰᠬᠠᠵᠤ᠂ ᠣᠯᠠᠨ ᠡᠩᠨᠡᠭᠡᠨ ᠤ ᠳᠤᠮᠳᠠ ᠠᠴᠠ ᠴᠣᠯᠭᠤᠷᠠᠨ ᠭᠠᠷᠴᠤ᠂ ᠨᠢᠭᠡ ᠯᠠ ᠳᠡᠭᠡᠷ᠎ᠡ ᠲᠡᠷᠢᠭᠦᠯᠡᠪᠡ᠃
图片4.png
图片5.png
        ᠳ᠋ᠠ ᠹᠠ ᠵᠡᠭᠡᠯᠢ ᠭᠤᠳᠤᠮᠵᠢ ᠪᠣᠯᠤᠨ ᠰᠢᠭᠤᠶᠢᠲᠤ ᠨᠡᠶᠢᠭᠡᠮ ᠲᠣᠭᠤᠷᠢᠭ ᠢᠮᠠᠭᠲᠠ ᠠᠷᠠᠳ ᠤᠨ ᠵᠠᠩ ᠦᠢᠯᠡ ᠶᠢᠨ ᠰᠣᠶᠣᠯ ᠢ ᠬᠠᠯᠠᠭᠤᠨ ᠢᠶᠠᠷ ᠤᠯᠠᠮᠵᠢᠯᠠᠵᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠨᠡᠶᠢᠭᠡᠮ ᠤᠨ ᠭᠠᠯ ᠤᠨ ᠰᠣᠶᠣᠯ ᠤᠨ ᠠᠵᠢᠯᠯᠠᠭ᠎ᠠ ᠶᠢ ᠮᠠᠰᠢ ᠴᠢᠬᠤᠯᠠᠴᠢᠯᠠᠳᠠᠭ᠃ ᠡᠪᠦᠯ ᠤᠨ ᠬᠥᠬᠡᠭᠡ ᠰᠠᠷ᠎ᠠ ᠠᠴᠠ ᠡᠬᠢᠯᠡᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠣᠯᠤᠨ ︽ᠱᠠᠩ ᠶᠤᠸᠠᠢ · ᠳᠠᠭᠤᠤ ᠪᠥᠵᠢᠭ ᠬᠥᠮᠦᠨ ᠤ ᠠᠮᠢᠳᠤᠷᠠᠯ︾ ᠲᠠᠷᠬᠠᠨ ᠬᠥᠮᠦᠨ ᠤ ᠪᠦᠯᠬᠦᠮ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠶᠠᠭᠠᠷᠠᠯᠲᠠᠢ ᠪᠡᠯᠡᠳᠬᠡᠵᠦ ᠡᠬᠢᠯᠡᠪᠡ᠃        ︽︿ᠱᠠᠩ ᠶᠤᠸᠠᠢ · ᠳᠠᠭᠤᠤ ᠪᠥᠵᠢᠭ ᠬᠥᠮᠦᠨ ᠤ ᠠᠮᠢᠳᠤᠷᠠᠯ﹀ ᠲᠠᠷᠬᠠᠨ ᠬᠥᠮᠦᠨ ᠤ ᠪᠦᠯᠬᠦᠮ ᠪᠣᠯ ᠰᠢᠭᠤᠶᠢᠲᠤ ᠨᠡᠶᠢᠭᠡᠮ ᠲᠣᠭᠤᠷᠢᠭ ᠤᠨ 2024 ᠣᠨ ᠳᠤ ᠪᠠᠶᠢᠭᠤᠯᠤᠭᠳᠠᠭᠰᠠᠨ ︿ᠪᠠᠶᠠᠷ ᠵᠢᠷᠭᠠᠯᠲᠤ ᠣᠷᠣᠰᠢᠨ ᠲᠣᠭᠲᠠᠨᠢᠬᠤ · ᠬᠠᠶᠢᠷᠠᠯᠠᠯᠲᠤ ᠰᠢᠭᠤᠶᠢᠲᠤ﹀ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠲᠥᠷᠥᠯ ᠵᠦᠢᠯ ᠳᠤᠮᠳᠠ ᠪᠠᠶᠢᠭᠤᠯᠤᠭᠰᠠᠨ ᠲᠤᠯᠤᠭᠠᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠷᠬᠠᠨ ᠬᠥᠮᠦᠨ ᠤ ᠪᠦᠯᠬᠦᠮ ᠤᠨ ᠨᠢᠭᠡ ᠪᠠᠶᠢᠵᠤ᠂ ᠬᠠᠷᠢᠶᠠᠲᠤ ᠲᠣᠭᠤᠷᠢᠭ ᠤᠨ ᠳᠣᠲᠣᠷᠠᠬᠢ ᠪᠥᠵᠢᠭ ᠂ ᠲᠣᠭᠯᠠᠯᠲᠠ ᠭᠠᠷᠭᠠᠬᠤ᠂ ᠬᠤᠶᠠᠷ ᠬᠥᠮᠦᠨ ᠤ ᠡᠯᠭᠦᠯᠴᠡᠭᠡ᠂ ᠪᠡᠶ᠎ᠡ ᠴᠢᠭᠢᠷᠠᠭᠵᠢᠭᠤᠯᠬᠤ ᠳᠤ ᠪᠠᠭ᠋ᠠᠲᠠᠢ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠰᠠᠳ ᠢᠶᠠᠷ ᠪᠦᠷᠢᠯᠳᠦᠪᠡ︾ ᠭᠡᠵᠦ ᠰᠢᠭᠤᠶᠢᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤᠸᠠᠩ ᠽᠧ ᠾᠦᠢ ᠬᠡᠯᠡᠵᠦ᠂ ᠲᠠᠷᠬᠠᠨ ᠬᠥᠮᠦᠨ ᠤ ᠪᠦᠯᠬᠦᠮ ᠤᠨ ᠠᠨᠢᠶ᠎ᠠ ᠨᠠᠷ ᠪᠣᠯ ᠡᠨᠡ ᠵᠢᠯ ᠤᠨ ᠶᠠᠩᠭᠠᠷ ᠪᠥᠵᠢᠭ ᠤᠨ ᠡᠩᠨᠡᠭᠡ ᠶᠢᠨ ᠭᠤᠣᠯ ᠬᠦᠴᠦᠨ ᠪᠣᠯᠤᠨ᠎ᠠ ᠭᠡᠪᠡ᠃
图片6.png
        ᠶᠠᠩᠭᠠᠷ ᠤᠨ ᠠᠩᠬᠢ ᠶᠢᠨ ᠳᠠᠷᠤᠭ᠎ᠠ ᠶᠢᠨ ᠲᠤᠰᠢᠶᠠᠯ ᠢ ᠳᠥᠷᠪᠡᠨ ᠵᠢᠯ ᠳᠠᠷᠠᠭᠠᠯᠠᠨ ᠬᠠᠷᠢᠭᠤᠴᠠᠭᠰᠠᠨ ᠰᠢᠶᠤᠤ ᠰᠢᠤ ᠯᠢ ᠮᠦᠨ ᠴᠤ ︽ᠱᠠᠩ ᠶᠤᠸᠠᠢ᠂ ᠳᠠᠭᠤᠤ ᠪᠥᠵᠢᠭ ᠬᠥᠮᠦᠨ ᠤ ᠠᠮᠢᠳᠤᠷᠠᠯ︾ ᠲᠠᠷᠬᠠᠨ ᠬᠥᠮᠦᠨ ᠤ ᠪᠦᠯᠬᠦᠮ ᠤᠨ ᠭᠡᠰᠢᠭᠦᠨ ᠪᠣᠯᠤᠨ᠎ᠠ᠃ ᠲᠡᠷᠡ᠂ ᠦᠨᠡᠨ ᠳᠡᠭᠡᠨ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤᠨ ᠤ ᠬᠠᠮᠤᠭ ᠤᠨ ᠴᠢᠬᠤᠯᠠ ᠶᠠᠪᠤᠳᠠᠯ ᠪᠣᠯ ᠲᠣᠭᠯᠠᠯᠲᠠ ᠶᠢ ᠬᠡᠷᠬᠢᠨ ᠬᠡᠪ ᠤᠨ ᠵᠤᠷᠰᠢᠯ ᠢ ᠡᠪᠳᠡᠬᠦ᠂ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ᠃ ᠲᠡᠷᠡ ᠬᠡᠰᠡᠭ ᠬᠤᠭᠤᠴᠠᠭᠠᠨ ᠳᠤ᠂ ᠲᠡᠭᠦᠨ ᠤ ᠳᠠᠷᠤᠯᠲᠠ ᠮᠠᠰᠢ ᠲᠣᠩ ᠶᠡᠭᠡ ᠭᠡᠪᠡ᠃        ᠨᠢᠭᠡ ᠲᠠᠯ᠎ᠠ ᠪᠠᠷ ᠶᠡᠭᠡ ᠲᠠᠷᠢᠬᠢ ᠲᠠᠰᠤᠷᠠᠯᠲᠠ ᠦᠭᠡᠢ ᠰᠡᠳᠬᠢᠵᠦᠪᠣᠳᠤᠯᠬᠢᠯᠠᠵᠤ᠂ ᠨᠦᠭᠦᠭᠡ ᠲᠠᠯ᠎ᠠ ᠪᠠᠷ ᠢᠶᠠᠨ ᠰᠦᠯᠵᠢᠶᠡᠨ ᠠᠴᠠ ᠮᠡᠳᠡᠭᠡ ᠵᠠᠩᠭᠢ ᠡᠷᠢᠨ᠎ᠡ᠃ ᠭᠡᠨᠡᠳᠲᠡ ᠨᠢᠭᠡ ᠡᠳᠦᠷ᠂ ᠰᠢᠶᠤᠤ ᠠᠩᠭᠢ ᠶᠢᠨ ᠳᠠᠷᠤᠭ᠎ᠠ ᠨᠢᠭᠡ ᠰᠠᠶᠢᠨ ᠠᠷᠭ᠎ᠠ ᠣᠯᠪᠠ᠂ ᠳᠠᠷᠤᠢ ᠤᠯᠠᠮᠵᠢᠯᠠᠯᠲᠤ ᠶᠠᠩᠭᠠᠷ ᠤᠨ ᠳᠡᠪᠢᠭᠦᠷ ᠪᠥᠵᠢᠭ ᠢ ᠶᠠᠩᠭᠠᠷ ᠤᠨ ᠳ᠋ᠧᠩᠯᠦ ᠶᠢᠨ ᠪᠥᠵᠢᠭ ᠪᠣᠯᠭᠠᠨ ᠦᠭᠡᠷᠡᠴᠢᠯᠡᠨ᠎ᠡ᠂ ᠡᠨᠡ ᠨᠢ ᠦᠵᠡᠬᠦ ᠳᠤ ᠲᠦᠭᠦᠮᠬᠡᠨ ᠬᠤᠪᠢᠷᠠᠯᠲᠠ ᠪᠣᠯᠪᠠᠴᠤ᠂ ᠦᠨᠡᠨ ᠳᠤ ᠪᠠᠨ ᠯᠤᠲᠤ ᠶᠡᠭᠡ ᠰᠢᠨ᠎ᠡ ᠶᠢ ᠡᠭᠦᠳᠬᠦ ᠳᠠᠯᠳᠠ ᠬᠦᠴᠦᠨ ᠠᠭᠤᠯᠤᠭᠳᠠᠵᠤ ᠪᠠᠶᠢᠳᠠᠭ᠃ ᠰᠢᠶᠤᠤ ᠠᠩᠭᠢ ᠶᠢᠨ ᠳᠠᠷᠤᠭ᠎ᠠ ᠪᠠᠶᠠᠷ ᠬᠥᠷ ᠲᠠᠢ ᠪᠠᠷ ᠣᠯᠠᠨ ᠳᠤ ᠳ᠋ᠧᠩᠯᠦ ᠨᠢ ᠳᠤᠮᠳᠠᠳᠤ ᠤᠯᠤᠰ ᠤᠨ ᠰᠣᠶᠣᠯ ᠳᠤ ᠶᠡᠷᠦᠨᠢ ᠴᠤᠭᠯᠠᠷᠠᠯ᠂ ᠦᠯᠵᠡᠢ ᠳᠡᠮᠪᠡᠷᠢᠯ ᠲᠠᠢ ᠪᠠᠶᠢᠬᠤ ᠶᠢ ᠪᠡᠯᠭᠡᠳᠡᠵᠦ ᠪᠠᠶᠢᠳᠠᠭ᠂ ᠬᠡᠷᠪᠡ ᠶᠠᠩᠭᠠᠷ ᠪᠦᠵᠢᠭ ᠤᠨ ᠳᠤᠮᠲᠠ ᠡᠨᠡ ᠬᠦ ᠡᠯᠧᠮᠧᠨ᠋ᠲ ᠢ ᠠᠭᠤᠰᠬᠠᠪᠠᠯ ᠨᠡᠩ ᠰᠠᠶᠢᠨ ᠰᠠᠶᠢᠬᠠᠨ ᠤᠳᠬ᠎ᠠ ᠠᠭᠤᠯᠭ᠎ᠠ ᠲᠠᠢ ᠪᠣᠯᠤᠨ᠎ᠠ ᠭᠡᠵᠦ ᠲᠠᠶᠢᠯᠪᠤᠷᠢᠯᠠᠪᠠ ᠃        ᠳᠠᠭᠤᠤ᠂ ᠶᠠᠩᠭᠠᠷ ᠳ᠋ᠧᠩᠯᠦ ᠪᠥᠵᠢᠭ ᠤᠨ ᠢᠯᠡᠷᠡᠭᠦᠯᠬᠦ ᠬᠡᠯᠪᠡᠷᠢ ᠶᠢ ᠰᠠᠶᠢᠲᠤᠷ ᠲᠣᠭᠲᠠᠭᠠᠭᠠᠳ᠂ ᠰᠢᠶᠤᠤ ᠠᠩᠭᠢ ᠶᠢᠨ ᠳᠠᠷᠤᠭ᠎ᠠ ᠣᠯᠠᠨ ᠢ ᠳᠠᠭᠠᠭᠤᠯᠤᠨ ᠪᠥᠬᠦ ᠫᠷᠤᠭ᠍ᠷᠠᠮ ᠤᠨ ᠨᠠᠶᠢᠷᠠᠭᠤᠯᠤᠯᠲᠠ ᠶᠢ ᠡᠬᠢᠯᠡᠭᠦᠯᠪᠡ᠃ ᠲᠣᠰ ᠤᠳᠠᠭᠠᠨ ᠤ ᠶᠠᠩᠭᠠᠷ ᠤᠨ ᠲᠣᠭᠯᠠᠯᠲᠠ ᠳᠤ ᠣᠷᠣᠯᠴᠠᠭᠰᠠᠨ 50 ᠭᠠᠷᠤᠶ ᠭᠡᠰᠢᠭᠦᠳ ᠤᠨ ᠳᠤᠮᠳᠠᠴᠢ ᠨᠠᠰᠤ ᠴᠥᠮ ᠨᠢᠭᠡᠨᠲᠡ ᠵᠢᠷᠠᠨ ᠨᠠᠰᠤ ᠶᠢ ᠳᠠᠪᠠᠭᠰᠠᠨ ᠪᠠᠶᠢᠨ᠎ᠠ᠂ ᠬᠡᠳᠦ᠋ᠢᠪᠡᠷ ᠣᠯᠠᠨ ᠢᠶᠠᠷ ᠢᠶᠠᠨ ᠴᠥᠮ ᠤᠳᠬ᠎ᠠ ᠤᠷᠠᠯᠢᠭ ᠤᠨ ᠳᠤᠷ᠎ᠠ ᠪᠠᠭ᠋ᠠᠲᠠᠨ ᠪᠣᠯᠪᠠᠴᠤ ᠴᠤ᠋ ᠰᠢᠨ᠎ᠡ ᠪᠥᠵᠢᠭ ᠤᠨ ᠨᠠᠶᠢᠷᠠᠭᠤᠯᠭ᠎ᠠ ᠶᠢᠨ ᠡᠮᠦᠨ᠎ᠡ ᠥᠷᠢᠰᠥᠯᠳᠦᠭᠡᠨ ᠮᠥᠨ ᠴᠦ ᠪᠠᠭ᠎ᠠ ᠪᠤᠰᠤ ᠪᠠᠶᠢᠪᠠ᠂ ᠳ᠋ᠧᠩᠯᠦ ᠪᠠᠨ ᠳᠡᠩᠳᠡᠭᠦᠦ ᠰᠠᠵᠢᠯᠠᠭᠤᠯᠤᠭᠰᠠᠨ ᠪᠢᠰᠢ ᠪᠣᠯ ᠠᠯᠬᠤᠭ᠎ᠠ ᠨᠢ ᠠᠯᠬᠤᠭ᠎ᠠ ᠨᠢ ᠳᠠᠭᠠᠵᠤ ᠠᠮᠵᠢᠬᠤ ᠦᠭᠡᠢ ᠁ ᠰᠢᠶᠤᠤ ᠠᠩᠭᠢ ᠶᠢᠨ ᠳᠠᠷᠤᠭ᠎ᠠ ᠨᠢᠭᠡ ᠲᠠᠯ᠎ᠠ ᠪᠠᠷ ᠣᠯᠠᠨ ᠢ ᠵᠣᠷᠢᠭᠵᠢᠭᠤᠯᠵᠤ᠂ ᠨᠥᠭᠦᠭᠡ ᠲᠠᠯ᠎ᠠ ᠪᠠᠷ ᠣᠯᠠᠨ ᠳᠤ ᠭᠡᠷ ᠪᠦᠯᠢ ᠶᠢᠨ ᠳᠠᠰᠬᠠᠯ ᠦᠯᠡᠳᠡᠭᠡᠨ᠎ᠡ᠄ ᠭᠡᠷ ᠲᠡᠭᠡᠨ ᠬᠠᠷᠢᠭᠰᠠᠨ ᠤ ᠳᠠᠷᠠᠭ᠎ᠠ ᠬᠥᠭᠵᠢᠮ ᠤᠨ ᠠᠶ᠎ᠠ ᠶᠢ ᠪᠠᠶᠢᠨ ᠳᠠᠬᠢᠨ ᠰᠣᠨᠣᠰᠤᠭᠠᠷᠠᠢ᠂ ᠬᠥᠭᠵᠢᠮ ᠤᠨ ᠲᠥᠷᠥᠭᠳᠡᠯ ᠲᠠᠢ ᠪᠣᠯᠪᠠᠯ ᠠᠮᠠᠷᠬᠠᠨ ᠴᠣᠬᠢᠯᠭ᠎ᠠ ᠪᠠᠨ ᠣᠯᠵᠤ᠂ ᠠᠶᠢᠵᠠᠮ ᠢ ᠳᠠᠭᠠᠵᠤ ᠴᠢᠳᠠᠨ᠎ᠠ᠃
图片7.png
        ᠴᠠᠭ ᠪᠠᠴᠢᠮ ᠡᠭᠦᠷᠭᠡ ᠬᠦᠨᠳᠦ᠂ 50 ᠭᠠᠷᠤᠶ ᠭᠡᠰᠢᠭᠦᠳ ᠬᠠᠮᠲᠤ ᠴᠤᠭᠯᠠᠷᠠᠨ ᠪᠣᠯᠪᠠᠰᠤᠷᠠᠵᠤ᠂ ᠣᠯᠠᠨ ᠢᠶᠠᠷ ᠢᠶᠠᠨ ᠪᠦᠷ ᠣᠨᠴᠠᠭᠠᠶ ᠨᠠᠨᠳᠢᠩᠨᠠᠨ᠎ᠠ᠂ ᠨᠢᠭᠡ ᠬᠦᠮᠦᠨ ᠴᠦ ᠶᠠᠳᠠᠷᠠᠵᠤ ᠵᠦᠳᠡᠷᠡᠭᠰᠡᠨ ᠭᠡᠬᠦ ᠦᠭᠡᠢ᠂ ᠨᠢᠭᠡ ᠬᠦᠮᠦᠨ ᠴᠤ ᠬᠤᠶᠢᠰᠢ ᠤᠬᠤᠷᠢᠬᠤ ᠦᠭᠡᠢ ᠪᠠᠶᠢᠯ᠎ᠠ᠃ ᠦᠨᠳᠦᠰᠦᠨ ᠠᠯᠬᠤᠴᠠ ᠠᠴᠠ ᠪᠣᠳᠤᠯᠢᠶᠠᠨᠲᠠᠢ ᠡᠩᠨᠡᠭᠡ ᠶᠢᠨ ᠬᠡᠯᠪᠡᠷᠢ ᠶᠢᠨ ᠬᠤᠪᠢᠷᠠᠯᠲᠠ ᠬᠦᠷᠲᠡᠯ᠎ᠡ᠂ ᠬᠦᠳᠡᠯᠪᠦᠷᠢ ᠶᠢᠨ ᠵᠣᠬᠢᠴᠠᠩᠭᠤᠢ ᠴᠢᠨᠠᠷ ᠠᠴᠠ ᠰᠡᠳᠭᠢᠯ ᠤᠨ ᠢᠯᠡᠷᠡᠯ ᠬᠦᠷᠲᠡᠯ᠎ᠡ ᠨᠠᠷᠢᠨ ᠵᠦᠢᠯᠡᠰ ᠪᠣᠯᠭᠠᠨ ᠢ ᠠᠯᠳᠠᠬᠤ ᠦᠭᠡᠢ ᠃ ᠬᠡᠳᠦ᠋ᠢᠪᠡᠷ ᠴᠠᠭᠠᠨ ᠰᠠᠷ᠎ᠠ ᠶᠢᠨ ᠠᠭᠤᠷ ᠠᠮᠢᠰᠬᠤᠯ ᠥᠳᠬᠡᠨ ᠵᠤᠵᠠᠭᠠᠨ᠂ ᠭᠠᠳᠠᠨ᠎ᠠ ᠪᠠᠶᠠᠷ ᠬᠦᠷ ᠢᠶᠠᠷ ᠪᠢᠯᠬᠠᠵᠤ ᠬᠦᠷ ᠨᠠᠷᠭᠢᠶᠠᠨ ᠢᠶᠠᠷ ᠳᠦᠭᠦᠷᠴᠦ ᠪᠠᠶᠢᠪᠠᠴᠤ ᠠᠩᠭᠢ ᠶᠢᠨ ᠭᠡᠰᠢᠭᠦᠳ ᠨᠢᠭᠡ ᠴᠤ ᠰᠠᠨᠠᠭ᠎ᠠ ᠠᠯᠭᠠᠰᠠᠯ ᠦᠭᠡᠢ᠂ ᠪᠣᠯᠪᠠᠰᠤᠷᠠᠪᠠᠯ ᠳᠠᠷᠤᠢ ᠨᠢᠭᠡ ᠡᠳᠦᠷ ᠪᠠᠶᠢᠵᠤ᠂ ᠵᠥᠪᠬᠡᠨ ᠲᠠᠶᠢᠰᠠᠨ ᠳᠡᠭᠡᠷ᠎ᠡ ᠬᠠᠮᠤᠭ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠲᠤ ᠣᠨᠳᠣᠣ ᠵᠦᠢᠯ ᠤᠨ ᠪᠠᠶᠠᠷ ᠪᠠᠶᠠᠰᠤᠯ ᠨᠡᠮᠡᠷᠢᠯᠡᠬᠦ ᠶᠢᠨ ᠲᠥᠯᠥᠭᠡ ᠶᠤᠮ᠃        ᠶᠡᠷᠦ ᠶᠢᠨ ᠦᠭᠡᠨ ᠳᠤ ᠰᠠᠶᠢᠨ ᠪᠦᠲᠦᠭᠡᠯ ᠳᠤ ᠣᠯᠠᠨ ᠵᠦᠢᠯ ᠤᠨ ᠳᠠᠪᠲᠠᠯᠲᠠ ᠬᠡᠷᠡᠭᠰᠡᠨ᠎ᠡ ᠭᠡᠳᠡᠭ᠂ ᠡᠨᠡ ᠵᠢᠯ ᠤᠨ ᠶᠠᠩᠭᠠᠷ ᠪᠥᠵᠢᠭ ᠤᠨ ᠲᠣᠭᠯᠠᠯᠲᠠ ᠶᠢᠨ ᠥᠩᠭᠡ ᠭᠢᠯᠪᠠᠭ᠎ᠠ ᠶᠢ ᠰᠠᠴᠤᠷᠠᠭᠤᠯᠬᠤ ᠶᠢᠨ ᠲᠥᠯᠥᠭᠡ᠂ ᠬᠤᠶᠠᠷ ᠡᠳᠦᠷ ᠠᠯᠤᠰᠯᠠᠬᠤ ᠪᠦᠷᠢ᠂ ᠵᠡᠭᠡᠯᠢ ᠭᠤᠳᠤᠮᠵᠢ ᠶᠢᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠳ ᠭᠡᠰᠢᠭᠦᠳ ᠲᠠᠢ ᠬᠠᠮᠲᠤ ᠨᠢᠭᠡ ᠭᠠᠵᠠᠷ ᠲᠤ ᠲᠣᠭᠤᠷᠢᠨ ᠰᠠᠭᠤᠵᠤ᠂ ᠨᠢᠭᠡ ᠲᠠᠯᠠᠪᠤᠷ ᠶᠡᠷᠦ ᠪᠤᠰᠤ ᠶᠢᠨ ᠰᠤᠳᠤᠯᠤᠨ ᠶᠠᠷᠢᠯᠴᠠᠯᠭ᠎ᠠ ᠦᠷᠨᠢᠭᠦᠯᠵᠦ᠂ ᠲᠣᠭᠯᠠᠯᠲᠠ ᠶᠢᠨ ᠨᠠᠷᠢᠨ ᠵᠦᠢᠯᠡᠰ ᠨᠢᠭᠡᠪᠦᠷᠢ ᠶᠢ ᠰᠡᠶᠢᠯᠦᠨ᠎ᠡ᠃ ᠤᠷᠤᠯᠳᠤᠭᠠᠨ ᠠᠴᠠ ᠡᠮᠦᠨ᠎ᠡ᠂ ᠤᠯᠠᠮᠵᠢᠯᠠᠯᠲᠤ ᠬᠥᠳᠡᠯᠭᠡᠭᠡᠨ ᠤ ᠰᠢᠨ᠎ᠡ ᠶᠢ ᠡᠭᠦᠳᠬᠦ ᠲᠣᠭᠯᠠᠯᠲᠠ ᠨᠢ ᠳᠠᠬᠢᠨ ᠨᠢᠭᠡ ᠤᠳᠠᠭ᠎ᠠ ᠣᠯᠠᠨ ᠤ ᠬᠠᠯᠠᠭᠤᠨ ᠶᠠᠷᠢᠶ᠎ᠠ ᠪᠣᠯᠪᠠ᠂ ᠬᠡᠷᠬᠢᠨ ᠤᠭ ᠦᠨᠦᠷ ᠠᠮᠲᠠ ᠪᠠᠨ ᠠᠯᠳᠠᠬᠤ ᠦᠭᠡᠢ ᠰᠠᠭᠤᠷᠢᠨ ᠳᠡᠭᠡᠷ᠎ᠡ ᠣᠳᠣ ᠦᠶ᠎ᠡ ᠶᠢᠨ ᠪᠥᠵᠢᠭ ᠤᠨ ᠡᠯᠧᠮᠧᠨ᠋ᠲ ᠢ ᠨᠡᠮᠡᠵᠦ᠂ ᠴᠣ ᠰᠢᠨ᠎ᠡ ᠠᠮᠢᠵᠢᠷᠠᠯ ᠤᠨ ᠬᠦᠴᠦᠨ ᠣᠯᠭᠤᠬᠤ ᠪᠤᠢ᠂ ᠣᠯᠠᠨ ᠢᠶᠠᠷ ᠢᠶᠠᠨ ᠲᠡᠷᠡ ᠨᠢᠭᠡ ᠂ ᠪᠢ ᠨᠢᠭᠡ ᠶᠠᠷᠢᠵᠤ᠂ ᠤᠳᠠᠯ ᠦᠭᠡᠢ ᠨᠢᠭᠡ ᠡᠭᠦᠳᠦᠨ ᠪᠦᠲᠦᠭᠡᠯᠲᠡ ᠶᠢᠨ ᠰᠡᠳᠭᠢᠬᠦᠢ ᠮᠥᠷᠭᠦᠯᠳᠦᠭᠡᠨ ᠤ ᠳᠤᠮᠳᠠ ᠪᠤᠢ ᠪᠣᠯᠪᠠ᠃
图片8.png
        ︽ᠮᠠᠨ ᠤ ᠰᠢᠭᠤᠶᠢᠲᠤ ᠨᠡᠶᠢᠭᠡᠮ ᠲᠣᠭᠤᠷᠢᠭ ᠲᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠦᠷᠪᠡᠨ ᠴᠠᠭ ᠬᠠᠭᠠᠰ ᠤᠨ ᠬᠢᠴᠢᠶᠡᠯ ᠤᠨ ᠲᠠᠩᠬᠢᠮ ᠪᠣᠯ ᠶᠡᠷᠦᠨᠢ ᠬᠡᠦᠬᠡᠳ ᠤᠳ ᠤᠨ ᠬᠢᠴᠢᠶᠡᠯ ᠤᠨ ᠭᠠᠳᠠᠨᠠᠬᠢ ᠪᠠᠶᠠᠷ ᠪᠠᠶᠠᠰᠬᠤᠯᠠᠩᠲᠤ ᠣᠷᠣᠨ ᠪᠣᠯᠤᠨ᠎ᠠ᠃ ᠬᠢᠴᠢᠶᠡᠯ ᠤᠨ ᠲᠠᠩᠬᠢᠮ ᠳᠤ᠂ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠭᠰᠡᠨ ᠪᠥᠵᠢᠭ᠂ ᠤᠷᠠᠨ ᠵᠢᠷᠤᠭ ᠤᠨ ᠬᠢᠴᠢᠶᠡᠯ ᠨᠢ ᠬᠡᠦᠬᠡᠳ ᠤᠨ ᠬᠢᠵᠠᠭᠠᠯᠠᠰᠢ ᠦᠭᠡᠢ ᠪᠦᠲᠦᠭᠡᠯᠴᠢ ᠴᠢᠳᠠᠪᠤᠷᠢ ᠪᠠ ᠤᠷᠠᠯᠢᠭ ᠤᠨ ᠳᠠᠯᠳᠠ ᠴᠢᠳᠠᠪᠤᠷᠢ ᠶᠢ ᠬᠦᠭᠵᠢᠭᠡᠨ᠎ᠡ︾᠃ ᠬᠤᠸᠠᠩ ᠽᠧ ᠾᠦᠢ᠂ ᠪᠢᠳᠡ ᠬᠢᠴᠢᠶᠡᠯ ᠤᠨ ᠲᠠᠩᠬᠢᠮ ᠤᠨ ᠬᠡᠤᠬᠡᠳ ᠤᠳ ᠢ ᠶᠠᠩᠭᠠᠷ ᠤᠨ ᠠᠩᠭᠢ ᠳᠤ ᠣᠷᠣᠭᠤᠯᠵᠤ᠂ ᠪᠥᠵᠢᠭ ᠤᠨ ᠬᠢᠴᠢᠶᠡᠯ ᠳᠡᠭᠡᠷ᠎ᠡ ᠰᠤᠷᠤᠭᠰᠠᠨ ᠬᠤᠷᠴᠠ ᠰᠡᠷᠭᠡᠭ ᠪᠥᠵᠢᠭ ᠢᠶᠠᠷ ᠬᠡᠦᠬᠡᠳ ᠤᠨ ᠦᠨᠡᠨ ᠪᠠ ᠠᠷᠠᠳ ᠤᠨ ᠵᠠᠩ ᠳᠠᠳᠬᠠᠯ ᠢ ᠮᠥᠷᠭᠦᠯᠳᠦᠭᠦᠯᠬᠦ ᠭᠡᠵᠦ ᠪᠣᠳᠣᠵᠤ ᠪᠠᠶᠢᠨ᠎ᠠ ᠭᠡᠪᠡ᠃        ᠳᠠᠭᠤᠤ ᠬᠥᠭᠵᠢᠮ ᠪᠣᠯᠤᠨ ᠬᠥᠳᠡᠯᠭᠡᠭᠡᠨ ᠢ ᠰᠣᠩᠭᠤᠬᠤ ᠲᠠᠯ᠎ᠠ ᠪᠠᠷ ᠣᠯᠠᠨ ᠢᠶᠠᠷ ᠢᠶᠠᠨ ᠨᠠᠷᠢᠨ ᠰᠣᠩᠭᠤᠵᠤ᠂ ᠡᠴᠦᠰ ᠲᠡᠭᠡᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠥᠵᠢᠭ ᠢ ᠰᠣᠩᠭᠤᠪᠠ᠃ ᠬᠦᠮᠦᠰ ᠢ ᠭᠠᠶᠢᠬᠠᠰᠢ ᠠᠯᠳᠠᠭᠤᠯᠤᠮ᠎ᠠ ᠵᠦᠢᠯ ᠭᠡᠪᠡᠯ᠂ ᠬᠡᠦᠬᠡᠳ ᠤᠳ ᠪᠦᠷ ᠴᠤᠭ ᠵᠢᠪᠬᠤᠭ᠎ᠠ ᠲᠡᠭᠦᠯᠳᠡᠷ ᠪᠠᠶᠢᠵᠤ᠂ ᠵᠥᠪᠬᠡᠨ ᠣᠬᠤᠷᠬᠠᠨ ᠬᠤᠶᠠᠷ ᠡᠳᠦᠷ ᠤᠨ ᠬᠤᠭᠤᠴᠠᠭᠠᠨ ᠳᠤ ᠪᠥᠵᠢᠭ ᠤᠨ ᠬᠥᠳᠡᠯᠭᠡᠭᠡᠨ ᠪᠠ ᠠᠶᠢᠵᠠᠮ ᠢ ᠴᠢᠩᠭ᠎ᠠ ᠠᠪᠴᠠᠯᠳᠤᠭᠤᠯᠤᠨ᠂ ᠨᠢᠭᠡ ᠠᠷᠭ᠎ᠠ ᠮᠠᠶ᠋ᠢᠭ ᠢᠶᠠᠷ᠂ ᠶᠠᠩᠭᠠᠷ ᠤᠨ ᠬᠥᠭ ᠠᠶᠠᠰ ᠪᠠ ᠣᠳᠣ ᠦᠶ᠎ᠡ ᠶᠢᠨ ᠪᠥᠵᠢᠭ ᠤᠨ ᠠᠮᠢᠵᠢᠷᠠᠯ ᠤᠨ ᠬᠦᠴᠦᠨ ᠢ ᠪᠦᠷᠢᠨ ᠭᠦᠢᠴᠡᠳ ᠢᠯᠡᠷᠡᠭᠦᠯᠪᠡ᠃        ︽ ᠮᠠᠨ ᠤ ᠠᠷᠪᠠᠨ ᠬᠤᠶᠠᠷ ᠨᠠᠰᠤᠲᠠᠢ ᠵᠢᠭᠡ ᠣᠮᠪᠣᠯᠣ ᠥᠬᠢᠨ ᠪᠠᠰᠠ ᠣᠳᠣ ᠦᠶ᠎ᠡ ᠶᠢᠨ ᠪᠥᠵᠢᠭ ᠤᠨ ᠲᠣᠭᠯᠠᠯᠲᠠ ᠳᠤ ᠣᠷᠣᠯᠴᠠᠪᠠ᠂ ᠵᠢᠭᠡ ᠣᠮᠪᠣᠯᠣ ᠥᠬᠢᠨ ᠡᠨᠡ ᠵᠢᠯ ᠠᠵᠢᠯᠯᠠᠭ᠎ᠠ ᠳᠤ ᠣᠷᠣᠯᠴᠠᠭᠰᠠᠨ ᠠᠴᠠ ᠮᠠᠰᠢ ᠤᠳᠬ᠎ᠠ ᠠᠭᠤᠯᠭ᠎ᠠ ᠲᠠᠢ ᠭᠡᠨ᠎ᠡ︾ ᠭᠡᠵᠦ ᠶᠠᠩᠭᠠᠷ ᠤᠨ ᠠᠩᠭᠢ ᠶᠢᠨ ᠪᠠᠶ ᠵᠢᠶᠦ᠋ᠨ ᠰᠢᠶᠠ ᠪᠠᠶᠠᠷᠲᠠᠶ ᠬᠡᠯᠡᠪᠡ᠃        ᠲᠤᠭᠯᠠᠯᠳᠠ ᠶᠢᠨ ᠲᠤᠰ ᠡᠳᠦᠷ᠂ ᠪᠠᠶᠠᠷ ᠪᠠᠶᠠᠰᠬᠤᠯᠠᠩᠳᠤ ᠲᠠᠭᠤᠤ ᠬᠦᠭᠵᠢᠮᠳᠡᠬᠦ ᠶᠢ ᠲᠠᠭᠠᠯᠳᠤᠨ᠂ ᠡᠪᠦᠭᠡ ᠤᠮᠪᠤᠯᠤ ᠨᠠᠷ ᠬᠠᠮᠳᠤ ᠪᠠᠷ ᠪᠦᠵᠢᠭᠯᠡᠵᠤ ᠡᠬᠢᠯᠡᠪᠡ᠃ ᠨᠠᠰᠤᠲᠠᠶᠢᠴᠤᠳ ᠤᠨ ᠬᠥᠳᠡᠯᠭᠡᠭᠡᠨ ᠯᠠᠪᠳᠠᠭᠤᠨ ᠲᠣᠭᠲᠠᠭᠤᠨ ᠪᠠᠶᠢᠵᠤ᠂ ᠤᠯᠠᠮᠵᠢᠯᠠᠯᠲᠤ ᠶᠠᠩᠭᠠᠷ ᠪᠥᠵᠢᠭ ᠤᠨ ᠡᠷᠲᠡᠨ ᠤ ᠬᠡᠪ ᠨᠠᠮᠪᠠ ᠶᠢ ᠠᠯᠢ ᠴᠢᠳᠠᠬᠤ ᠪᠠᠷ ᠢᠯᠡᠷᠡᠭᠦᠯᠪᠡ︔ ᠬᠡᠦᠬᠡᠳ ᠤᠳ ᠬᠠᠷᠢᠨ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠦᠰᠦᠷᠦᠯᠲᠡ ᠶᠢᠨ ᠵᠠᠪᠰᠠᠷ ᠢᠶᠠᠷ ᠣᠳᠣ ᠦᠶ᠎ᠡ ᠶᠢᠨ ᠪᠥᠵᠢᠭ ᠤᠨ ᠡᠯᠧᠮᠧᠨ᠋ᠲ ᠢ ᠠᠮᠢᠳᠤᠯᠢᠭ ᠰᠠᠶᠢᠬᠠᠨ ᠲᠣᠭᠯᠠᠵᠤ᠂ ᠶᠠᠭ ᠳᠠᠭᠤᠤ ᠶᠢᠨ ᠨᠡᠷ᠎ᠡ ᠲᠠᠢ ᠠᠳᠠᠯᠢ ᠪᠠᠷ ᠣᠯᠠᠨ ᠢᠶᠠᠷ ᠢᠶᠠᠨ ᠶᠠᠩᠭᠠᠷ ᠪᠣᠯᠤᠨ ᠪᠥᠵᠢᠭ ᠢᠶᠠᠷ ᠢᠷᠥᠭᠡᠯ ᠵᠥᠩᠨᠡᠯ ᠢᠶᠠᠨ ᠲᠦᠭ ᠲᠦᠮᠡᠨ ᠡᠷᠦᠬᠡ ᠳᠤ ᠬᠦᠷᠭᠡᠪᠡ᠃ ᠡᠨᠡ ᠤᠳᠠᠭᠠᠨ ᠤ ᠲᠣᠭᠯᠠᠯᠲᠠ ᠨᠢ ᠤᠯᠠᠮᠵᠢᠯᠠᠯᠲᠤ ᠪᠠ ᠤᠳᠤ ᠦᠶ᠎ᠡ ᠶᠢᠨ ᠬᠢᠨ ᠤ ᠪᠦᠷᠢᠨ ᠲᠡᠭᠦᠯᠳᠡᠷ ᠠᠭᠤᠰᠤᠯᠴᠠᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡᠨ ᠤᠳᠠᠭᠠᠨ ᠤ ᠤᠯᠠᠮᠵᠢᠯᠠᠯ ᠪᠠ ᠠᠮᠢᠵᠢᠷᠠᠯ ᠤᠨ ᠬᠦᠴᠦᠨ ᠤ ᠠᠮᠢᠳᠤᠯᠢᠭ ᠦᠵᠡᠭᠦᠯᠦᠯᠭᠡ ᠪᠠᠶᠢᠵᠤ᠂ ᠤᠯᠠᠨ ᠳᠤ ᠶᠠᠩᠭᠠᠷ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠢ ᠮᠡᠳᠡᠷᠡᠭᠦᠯᠵᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号