3 ᠳ᠋ᠤᠭᠠᠷ ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | ᠪᠦᠯᠬᠦᠮ ᠳᠠᠭᠠᠭᠤᠯᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠵᠢᠴᠢ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃ | ᠭᠠᠢ ᠯᠢᠶᠠᠨ ᠢᠦᠢ ᠨᠠᠷ ᠤᠷᠢᠳ ᠬᠤᠵᠢᠳ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ᠂ | ᠰᠦ᠋ ᠮᠧᠩ ᠤᠨ ᠲᠤᠷᠰᠢᠯᠲᠠ ᠶᠢᠨ ᠰᠤᠷᠭᠠᠭᠤᠯᠢ ᠪᠣᠯᠤᠨ ᠰᠢᠭᠤᠶᠢᠲᠤ ᠲᠣᠭᠤᠷᠢᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠪᠠᠭᠰᠢ ᠶᠢᠨ | ᠬᠦᠴᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠵᠢᠴᠢ ᠨᠠᠷᠢᠯᠢᠬᠵᠢᠭᠤᠯᠤᠭᠰᠠᠨ | ᠬᠠᠮᠢᠶᠠᠷᠤᠯᠲᠠ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠰᠤᠷᠭᠠᠭᠤᠯᠢ ᠶᠢᠨ ᠬᠥᠭᠵᠢᠯᠲᠡ ᠳᠤ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠭᠤᠣᠯᠳᠠᠯᠭ᠎ᠠ ᠲᠠᠢ ᠯᠠᠪᠯᠠᠨ ᠠᠰᠠᠭᠤᠪᠠ᠃ | ᠭᠠᠢ ᠯᠢᠶᠠᠨ ᠢᠦᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠰᠤᠷᠭᠠᠭᠤᠯᠢ ᠶᠣᠰᠣ | ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠡᠨᠡ ᠬᠦ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ᠂ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠦᠬᠡᠳ ᠤᠳ ᠤᠨ ᠢᠷᠡᠭᠡᠳᠦᠢ ᠶᠢᠨ ᠬᠥᠭᠵᠢᠯᠲᠡ ᠶᠢ ᠨᠡᠩ ᠥᠨᠳᠥᠷ | ᠡᠬᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠰᠤᠷᠤᠭᠴᠢᠳ ᠤᠨ ᠬᠠᠤᠯᠢ ᠪᠠᠷ ᠵᠠᠰᠠᠬᠤ ᠬᠥᠮᠦᠵᠢᠯ᠂ ᠠᠮᠤᠷ | ᠲᠦᠪᠰᠢᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ | ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠰᠤᠷᠤᠭᠴᠢᠳ ᠢ ᠦᠨᠡᠨ ᠬᠦ ᠬᠠᠪᠰᠤᠷᠤᠨ | ᠰᠡᠳᠬᠢᠴᠡ ᠶᠢᠨ ᠬᠡᠪ ᠴᠢᠨᠠᠷ ᠢ ᠨᠢ ᠳᠡᠭᠡᠭᠰᠢᠯᠡᠭᠦᠯᠵᠦ᠂ ᠰᠡᠳᠬᠢᠴᠡ ᠶᠢᠨ ᠡᠷᠡᠭᠦᠯ ᠮᠡᠨᠳᠦ ᠳᠤ ᠬᠦᠴᠦᠨ ᠨᠡᠮᠡᠷᠢᠯᠡᠵᠦ᠂ | ᠨᠠᠷᠠᠯᠢᠭ ᠰᠤᠷᠭᠠᠭᠤᠯᠢ ᠶᠢᠨ ᠬᠦᠷᠢᠶ᠎ᠡ ᠶᠢ ᠪᠤᠢ ᠪᠣᠯᠭᠠᠬᠤ ᠬᠡᠷᠡᠭᠲᠡᠢ ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠵᠦᠢᠯ᠂ ᠭᠠᠯ ᠤᠨᠲᠠᠷᠠᠭᠠᠬᠤ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠴᠢᠷᠮᠠᠶᠢᠨ | ᠪᠠᠶᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠲᠣᠰ ᠪᠡᠶ᠎ᠡ ᠶᠢᠨ | ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠣᠨᠴᠠᠭᠠᠶᠢᠯᠠᠨ ᠲᠣᠪᠴᠢᠶ᠎ᠠ᠂ ᠰᠤᠷᠭᠠᠭᠤᠯᠢ ᠶᠢᠨ ᠤᠳᠤᠷᠢᠳᠬᠤ ᠪᠠᠭ ᠤᠨ ᠭᠡᠰᠢᠭᠦᠨ ᠲᠦᠷᠦᠭᠦᠯᠡᠨ | ᠪᠡᠶ᠎ᠡ ᠪᠠᠨ ᠴᠢᠩᠭ᠎ᠠ ᠱᠠᠭᠠᠷᠳᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶ᠎ᠠ | ᠲᠣᠭᠤᠷᠢᠭ ᠲᠤ ᠨᠢ ᠴᠢᠩᠭ᠎ᠠ ᠬᠠᠮᠢᠶᠠᠷᠴᠤ᠂ ᠡᠯ᠎ᠡ ᠵᠦᠢᠯ ᠤᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠢᠯᠴᠢ ᠬᠢᠴᠢᠶᠡᠩᠭᠦᠢ ᠪᠠᠷ | ᠰᠤᠷᠤᠯᠭ᠎ᠠ ᠪᠠᠨ ᠳᠣᠷᠭᠤᠨ ᠵᠣᠭᠰᠣᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠭᠤᠶᠢᠲᠤ | ᠲᠣᠭᠤᠷᠢᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠡᠢ᠃ | ᠲᠣᠭᠤᠷᠢᠭ ᠤᠨ ᠤᠳᠤᠷᠢᠳᠤᠯᠭ᠎ᠠ ᠴᠧᠨ ᠵᠢᠶᠠ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |