3 ᠳ᠋ᠤᠭᠠᠷ ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 141 ᠳ᠋ᠤᠭᠡᠷ ᠤᠳᠠᠭ᠎ᠠ ᠶᠢᠨ ᠬᠤᠷᠠᠯ ᠵᠢᠴᠢ | ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠮᠠᠨ ᠤ ᠲᠤᠭᠤᠷᠢᠭ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠦᠯᠦᠪᠯᠡᠨ ᠰᠠᠶᠢᠲᠤᠷ ᠠᠳᠬᠤᠵᠤ᠂ ︽ᠭᠤᠷᠪᠠ ᠠᠴᠠ ᠬᠤᠶᠠᠷ ᠢ ᠡᠷᠢᠬᠦ︾ | ᠠᠵᠢᠯ ᠢ ᠪᠣᠳᠠᠲᠠᠢ ᠪᠥᠭᠡᠳ ᠪᠣᠳᠠᠲᠠᠢ ᠰᠠᠶᠢᠲᠤᠷ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠳᠤᠰᠬᠠᠬᠤ ᠠᠰᠠᠭᠤᠳᠠᠯ ᠤᠨ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠨᠡᠩ ᠶᠡᠭᠡ ᠡᠷᠴᠢᠮ᠂ ᠨᠡᠩ | ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠠᠰᠤᠷᠠᠯᠲᠠ ᠦᠭᠡᠢ ᠬᠥᠭᠵᠢᠨ | ᠪᠤᠵᠠᠭᠠᠢᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠵᠥᠷᠢᠴᠡᠯ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠦᠷᠢᠨᠰᠢᠬᠦᠯᠵᠦ᠂ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠤᠯᠠᠮᠵᠢᠯᠠᠬᠤ᠂ ᠦᠵᠡᠯ ᠤᠬᠠᠮᠰᠠᠷ ᠤᠨ | ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠡᠩ ᠪᠣᠳᠠᠲᠠᠢ ᠪᠦᠲᠦᠮᠵᠢᠲᠡᠢ | ᠰᠠᠶᠢᠲᠤᠷ ᠬᠢᠵᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ | ᠤᠬᠠᠭᠤᠯᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠦᠨᠡᠨ ᠬᠦ | ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠪᠠᠷ ᠣᠷᠣᠨ ᠪᠦᠰᠡ ᠶᠢᠨ ᠴᠢᠨᠠᠷ ᠰᠠᠶᠢᠲᠠᠢ | ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ | ᠵᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ | ᠱᠤᠭᠤᠮ ᠤᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠨᠠᠷ ᠰᠠᠶᠢᠲᠠᠶ ᠨᠢᠭᠡᠳᠦᠮᠡᠯ ᠹᠷᠣᠨᠲ ᠤᠨ ᠠᠵᠢᠯ ᠢᠶᠠᠷ ᠭᠠᠵᠠᠷ ᠣᠷᠣᠨ ᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽2025 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠭᠤᠣᠯᠳᠠᠯᠭ᠎ᠠ︾᠂ ︽ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠮᠡᠯ ᠹᠷᠣᠨᠲ ᠤᠨ ᠠᠵᠢᠯ ᠤᠨ ᠲᠤᠰᠬᠠᠢ ᠳᠤᠭᠤᠶᠢᠯᠠᠩ ᠤᠨ | 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃ | |