ᠬᠤᠸᠠᠷ ᠴᠡᠴᠡᠭ ᠮᠢᠷᠠᠯᠵᠠᠨ ᠳᠡᠯᠭᠡᠷᠡᠵᠦ᠂ ᠤᠳᠬ᠎ᠠ ᠤᠷᠠᠯᠢᠭ ᠶᠠᠭ ᠴᠠᠭ ᠲᠠᠭᠠᠨ ᠪᠠᠶᠢᠨ᠎ᠠ᠃ 3 ᠳ᠋ᠤᠭᠠᠷ | ᠰᠠᠷ᠎ᠠ ᠶᠢᠨ 4 ᠤ ᠡᠳᠦᠷ᠂ ᠰᠢᠭᠤᠶᠢᠲᠤ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ 2025 | ᠣᠨ ᠤ ᠤᠳᠬ᠎ᠠ ᠤᠷᠠᠯᠢᠭ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ | ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠣᠶᠣᠯ ᠵᠢᠭᠤᠯᠴᠢᠯᠠᠯ ᠤᠨ ᠳᠠᠪᠠᠯᠲᠠ ᠶᠢᠨ ᠱᠤᠭᠤᠮᠠᠯ ᠤᠨ | ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠲᠣᠰ | ᠨᠡᠶᠢᠭᠡᠮᠯᠢᠭ ᠤᠨ ᠢᠶᠠᠨ 2024 ᠣᠨ ᠤ ᠠᠵᠢᠯ ᠢ ᠪᠤᠰᠤᠳᠴᠢ ᠪᠠᠷ ᠳ᠋ᠦᠩᠨᠡᠬᠦ ᠶᠢᠨ ᠬᠠᠮᠲᠤ 2025 ᠣᠨ ᠤ | ᠠᠵᠢᠯ ᠤᠨ ᠲᠤᠬᠠᠶ ᠠᠷᠭ᠎ᠠ ᠤᠬᠠᠭᠠᠨ ᠭᠠᠷᠭᠠᠪᠠ᠃ ᠣᠯᠠᠨ ᠢᠶᠠᠷ ᠢᠶᠠᠨ ᠤᠳᠬ᠎ᠠ ᠤᠷᠠᠯᠢᠭ ᠤᠨ ᠪᠦᠲᠦᠭᠡᠯ ᠤᠨ ᠶᠠᠰᠤ | ᠴᠢᠨᠠᠷ ᠢ | ᠳᠡᠭᠡᠭᠰᠢᠯᠡᠭᠦᠯᠬᠦ᠂ ᠰᠣᠶᠣᠯ ᠤᠨ ᠥᠨᠳᠦᠷᠯᠢᠭ ᠢ ᠴᠣᠭᠴᠠᠯᠠᠬᠤ᠂ ᠭᠠᠵᠠᠷ ᠣᠷᠣᠨ ᠤ ᠤᠳᠬ᠎ᠠ ᠤᠷᠠᠯᠢᠭ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠬᠦ ᠶᠢᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠪᠠ᠂ ᠵᠠᠷᠢᠮ ᠨᠢ ᠲᠣᠰ ᠪᠡᠶ᠎ᠡ ᠶᠢᠨ ᠵᠣᠬᠢᠶᠠᠨ ᠪᠦᠲᠦᠭᠡᠭᠰᠡᠨ | ᠥᠩᠭᠡᠷᠡᠯᠲᠡ ᠲᠠᠢ ᠪᠠᠨ | ᠤᠶᠠᠯᠳᠤᠭᠤᠯᠤᠨ᠂ ᠪᠦᠲᠦᠭᠡᠯ ᠤᠨ ᠳᠤᠮᠳᠠ ᠬᠡᠷᠬᠢᠨ ᠴᠠᠭ ᠦᠶ᠎ᠡ ᠶᠢᠨ ᠵᠣᠷᠢᠭ ᠰᠠᠨᠠᠭ᠎ᠠ ᠶᠢ ᠨᠠᠩ ᠰᠠᠶᠢᠨ ᠲᠤᠰᠬᠠᠬᠤ | ᠲᠤᠬᠠᠶ ᠶᠠᠷᠢᠯᠴᠠᠪᠠ︔ ᠵᠠᠷᠢᠮ ᠨᠢ ᠣᠳᠣᠬᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠭᠰᠡᠨ ᠣᠳᠣᠬᠢ | ᠪᠠᠶᠢᠳᠠᠯ ᠳᠤ ᠴᠢᠭᠯᠡᠭᠦᠯᠦᠨ᠂ ᠤᠳᠬ᠎ᠠ ᠤᠷᠠᠯᠢᠭ ᠤᠨ ᠪᠦᠲᠦᠭᠡᠯ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ | ᠰᠠᠨᠠᠭᠤᠯᠭ᠎ᠠ | ᠳᠤᠷᠠᠳᠪᠠ︔ ᠪᠠᠰᠠ ᠵᠠᠷᠢᠮ ᠨᠢ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠠᠴᠠ ᠡᠭᠦᠰᠴᠦ᠂ ᠵᠠᠯᠠᠭᠤ ᠤᠳᠬ᠎ᠠ | ᠤᠷᠠᠯᠢᠭ ᠤᠨ ᠠᠵᠢᠯᠲᠠᠳ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠤᠷᠢᠶᠠᠯᠠᠪᠠ᠃ | ᠬᠤᠷᠠᠯ ᠠᠴᠠ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠳᠤ ᠬᠦᠴᠦ ᠪᠠᠨ ᠲᠥᠪᠯᠡᠷᠡᠭᠦᠯᠵᠦ᠂ ᠨᠢᠭᠡ | ᠪᠦᠯᠦᠭ ᠤᠯᠠᠮᠵᠢᠯᠠᠭᠰᠠᠨ᠂ ᠦᠯᠡᠳᠡᠭᠡᠵᠦ ᠳᠡᠶᠢᠯᠬᠦ᠂ ᠤᠯᠠᠨ ᠲᠦᠮᠡᠨ ᠤ ᠪᠠᠭ᠋ᠠᠷᠬᠠᠳᠠᠭ ᠰᠢᠯᠢᠳᠡᠭ ᠤᠳᠬ᠎ᠠ | ᠤᠷᠠᠯᠢᠭ ᠤᠨ ᠪᠦᠲᠦᠭᠡᠯ ᠢ ᠭᠠᠷᠭᠠᠬᠤ ᠬᠡᠷᠡᠭᠲᠡᠢ᠃ ᠡᠷᠡᠯᠬᠡᠭᠯᠡᠨ ᠤᠷᠤᠭᠰᠢᠯᠠᠬᠤ ᠭᠤᠤᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠴᠤᠭ ᠪᠠᠳᠠᠷᠠᠩᠭᠤᠶ ᠬᠥᠭ ᠠᠶᠠᠰ ᠢ ᠴᠢᠪᠬᠠᠳᠠᠵᠤ᠂ ᠰᠢᠭᠤᠶᠢᠲᠤ ᠶᠢᠨ ᠡᠨᠡ ᠬᠦ ᠭᠠᠵᠠᠷ ᠰᠢᠷᠣᠶ | ᠳᠡᠭᠡᠷ᠎ᠡ ᠰᠠᠯᠬᠢᠨ ᠤ ᠠᠶ᠎ᠠ ᠪᠠᠷ ᠡᠳᠦᠷ ᠠᠴᠠ ᠡᠳᠦᠷ ᠬᠥᠭᠡᠭᠡᠴᠡᠯᠳᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ | ᠰᠢᠨ᠎ᠡ ᠶᠢ ᠡᠭᠦᠳᠬᠦ ᠭᠠᠯ ᠬᠠᠯᠠᠭᠤᠨ ᠦᠢᠯᠡᠳᠦᠯᠭᠡ ᠶᠢᠨ ᠲᠣᠭᠤᠷᠢᠨ ᠳᠤ᠂ ︽ᠰᠢᠭᠤᠶᠢᠲᠤ ᠶᠢᠨ ᠰᠡᠳᠬᠢᠯ ᠦᠨᠡᠨ | ᠰᠠᠨᠠᠭ᠎ᠠ︾ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠠᠷᠠᠲᠤ ᠲᠡᠮᠳᠡᠭ ᠢ ᠬᠦᠴᠦᠯᠡᠨ ᠭᠢᠯᠠᠯᠵᠠᠭᠤᠯᠵᠤ᠂ | ︽ᠭᠤᠷᠪᠠ ᠠᠴᠠ ᠬᠤᠶᠠᠷ ᠢ ᠡᠷᠢᠬᠦ︾ ᠵᠡᠷᠭᠡ ᠠᠮᠢᠳᠤᠯᠢᠭ ᠠᠬᠤᠶ ᠪᠠᠶᠢᠳᠠᠯ᠂ ᠠᠮᠢᠳᠤᠯᠢᠭ ᠵᠢᠷᠤᠭ ᠢ ᠪᠣᠳᠠᠲᠠᠶ | ᠨᠠᠷᠢᠯᠢᠭ ᠬᠢᠵᠦ᠂ ︽ᠳ᠋ᠠ ᠹᠠ 1913︾ ᠵᠡᠷᠭᠡ ᠤᠨᠴᠠᠯᠢᠬᠳᠤ ᠵᠡᠭᠡᠯᠢ ᠲᠣᠭᠤᠷᠢᠭ ᠤᠨ ᠬᠤᠲᠠ ᠶᠢᠨ ᠠᠮᠢᠳᠤᠷᠠᠯ ᠤᠨ | ᠠᠭᠤᠷ ᠠᠮᠢᠰᠬᠤᠯ ᠤᠨ ᠰᠢᠨ᠎ᠡ ᠶᠢ ᠡᠭᠦᠳᠬᠦ ᠠᠷᠭ᠎ᠠ | ᠬᠡᠮᠵᠢᠶ᠎ᠡ᠂ ᠭᠤᠶᠢᠳᠠ ᠰᠠᠶᠢᠬᠠᠨ ᠴᠠᠭ ᠮᠥᠴᠡ ᠶᠢ ᠬᠥᠭᠵᠢᠭᠡᠵᠦ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢᠶᠠᠷ | ᠡᠷᠡᠮᠡᠬᠡᠶᠢᠯᠡᠨ ᠤᠷᠤᠭᠰᠢᠯᠠᠭᠰᠠᠨ ᠰᠢᠭᠤᠶᠢᠲᠤ ᠲᠣᠭᠤᠷᠢᠭ ᠤᠨ ᠬᠤᠪᠢᠷᠠᠯᠲᠠ ᠶᠢ ᠲᠡᠮᠳᠡᠭᠯᠡᠬᠦ ᠬᠡᠷᠡᠭᠲᠡᠶ᠃ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠭᠦᠨ ᠰᠡᠳᠬᠢᠯᠭᠡ ᠲᠠᠢ ᠪᠠᠷ ᠮᠠᠭᠲᠠᠨ ᠳᠠᠭᠤᠯᠠᠵᠤ᠂ ᠠᠷᠠᠳ ᠲᠦᠮᠡᠨ ᠢᠶᠠᠷ | ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠤᠯᠠᠭᠠᠨᠮᠥ᠋ᠴᠢᠷ ᠤᠨ ᠰᠢᠯᠢᠳᠡᠭ | ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ | ᠦᠨᠳᠦᠰᠦᠯᠡᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠤᠷᠠᠯᠢᠭ ᠤᠨ ᠠᠵᠢᠯᠯᠠᠭ᠎ᠠ ᠪᠣᠯᠤᠨ ᠤᠷᠠᠯᠢᠭ ᠤᠨ ᠪᠦᠲᠦᠭᠡᠯ ᠢᠶᠠᠷ ᠥᠷᠭᠡᠨ ᠤᠯᠠᠨ ᠲᠦᠮᠡᠨ ᠤ ᠠᠮᠢᠳᠤᠷᠠᠯ ᠢ | ᠬᠠᠶᠢᠷᠠᠯᠠᠵᠤ᠂ ᠵᠣᠯ ᠵᠢᠷᠭᠠᠯ ᠢ ᠬᠥᠭᠡᠭᠡᠴᠡᠯᠳᠦᠬᠦ ᠴᠢᠷᠮᠠᠶᠢᠯᠭ᠎ᠠ ᠪᠣᠯᠤᠨ ᠲᠡᠮᠡᠴᠡᠯ ᠢ ᠰᠠᠶᠢᠲᠤᠷ ᠢᠯᠡᠷᠡᠭᠦᠯᠬᠦ ᠬᠡᠷᠡᠭᠲᠡᠢ᠃ | ᠠᠵᠢᠯ ᠤᠨ ᠭᠤᠣᠯ ᠱᠤᠭᠤᠮ ᠢᠶᠠᠨ ᠪᠠᠲᠤ ᠡᠵᠡᠮᠳᠡᠵᠦ᠂ ᠤᠶᠤᠨ ᠰᠠᠨᠠᠭᠠᠨ ᠤ ᠭᠡᠷ ᠣᠷᠣᠨ ᠢᠶᠠᠨ ᠪᠠᠶᠢᠭᠤᠯᠵᠤ᠂ ︽ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠳᠦᠭᠡᠨ | ᠪᠠᠶᠢᠭᠤᠯᠬᠤ︾ ᠵᠡᠷᠭᠡ ᠦᠨᠳᠦᠰᠦᠲᠡᠨ ᠨᠦᠭᠦᠳ ᠤᠨ ︽ᠬᠠᠮᠲᠤ ᠪᠠᠷ ᠵᠠᠮᠨᠠᠬᠤ︾᠂ ︽ᠬᠠᠮᠲᠤ ᠪᠠᠷ ᠤᠷᠤᠭᠰᠢᠯᠠᠬᠤ︾ | ᠲᠡᠦᠬᠡ ᠰᠣᠶᠣᠯ ᠪᠣᠯᠤᠨ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠭᠦᠨᠵᠡᠭᠡᠢ ᠠᠭᠤᠳᠠᠯᠤᠨ | ᠠᠮᠢᠳᠤᠯᠢᠭ ᠢᠶᠠᠷ ᠢᠯᠡᠷᠡᠭᠦᠯᠵᠦ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠴᠤᠤᠷᠢᠶᠠᠲᠤᠭᠤᠯᠵᠤ᠂ | ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠰᠢᠨ᠎ᠡ ᠴᠠᠭ ᠦᠶ᠎ᠡ ᠳᠤ ᠬᠥᠭᠵᠢᠭᠡᠵᠦ᠂ | ᠠᠮᠢᠯᠠᠭᠤᠯᠵᠤ᠂ ᠬᠤᠳᠠ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠳᠦ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ | ᠬᠤᠳᠠ ᠶᠢᠨ ᠪᠠᠶᠢᠷᠢ ᠰᠠᠭᠤᠷᠢ᠂ ᠴᠢᠨᠠᠷ ᠳᠡᠰ᠂ ᠵᠠᠩ ᠰᠤᠷᠲᠠᠯ᠂ ᠴᠤᠭ ᠰᠦᠯᠳᠡ ᠶᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | |