ᠰᠢᠭᠤᠶᠢᠲᠤ ᠲᠣᠭᠤᠷᠢᠭ ᠤᠨ ᠲᠠᠪᠤᠳᠤᠭᠠᠷ ᠡᠭᠡᠯᠵᠢ ᠶᠢᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠠᠵᠢᠯ ᠣᠶᠢᠷ᠎ᠠ ᠳᠤ ᠲᠡᠭᠦᠰ ᠠᠮᠵᠢᠯᠲᠠ ᠲᠠᠢ ᠲᠡᠭᠦᠰᠪᠡ ᠂ ᠠᠵᠢᠯᠲᠠᠨ ᠤ | ᠬᠠᠮᠤᠭ ᠤᠨ ᠰᠢᠨ᠎ᠡ ᠠᠵᠢᠯ ᠤᠨ ᠪᠠᠶᠢᠷᠢ ᠳᠤ ᠤᠷᠢᠵᠤ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠰᠢᠭᠤᠶᠢᠲᠤ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠴᠠᠯᠢᠩ | ᠣᠯᠭᠤᠮᠵᠢ ᠶᠢᠨ ᠳᠤᠭᠤᠢᠯᠠᠩ ᠤᠨ ᠬᠢᠨ ᠠᠵᠢᠯ ᠤᠨ ᠪᠠᠶᠢᠷᠢ ᠶᠢᠨ ᠵᠡᠷᠭᠡ ᠳᠡᠪᠰᠢᠭᠰᠡᠳ ᠤᠨ ᠴᠠᠯᠢᠩ ᠤᠨ | ᠣᠯᠭᠤᠮᠵᠢ ᠶᠢ ᠪᠣᠲᠠᠲᠠᠶᠢᠵᠢᠭᠤᠯᠬᠤ ᠠᠵᠢᠯ ᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠭᠰᠠᠨ ᠪᠥᠭᠡᠳ 2025 | ᠣᠨ ᠤ 2 ᠳ᠋ᠤᠭᠠᠷ ᠰᠠᠷ᠎ᠠ ᠳᠤ ᠰᠢᠭᠤᠶᠢᠲᠤ ᠲᠣᠭᠤᠷᠢᠭ ᠤᠨ ᠲᠠᠪᠤᠳᠤᠭᠠᠷ ᠡᠭᠡᠯᠵᠢ ᠶᠢᠨ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠵᠡᠷᠭᠡ ᠳᠡᠪᠰᠢᠭᠰᠡᠳ ᠲᠤ ᠬᠤᠯᠪᠣᠭᠳᠠᠬᠤ ᠴᠠᠯᠢᠩ ᠤᠨ | ᠣᠯᠭᠤᠮᠵᠢ ᠶᠢ ᠬᠢᠨᠠᠨ ᠵᠦᠪᠰᠢᠶᠡᠷᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ᠃ ᠠᠵᠢᠯᠲᠠᠳ ᠤᠨ ᠲᠣᠰ | ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠲᠤᠯᠠᠵᠤ᠂ ᠪᠥᠬᠦ ᠲᠣᠭᠤᠷᠢᠭ ᠤᠨ ᠢᠳᠡᠪᠬᠢᠲᠡᠶ ᠪᠠᠷ ᠥᠭᠡᠳᠡᠯᠡᠨ | ᠳᠠᠪᠰᠢᠬᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ | ᠪᠣᠶ ᠪᠣᠯᠭᠠᠪᠠ᠃ | ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠵᠢᠯ ᠤᠨ ᠪᠠᠶᠢᠷᠢ ᠶᠢᠨ ᠠᠵᠢᠯᠲᠠᠨ ᠤ ᠴᠠᠯᠢᠩ ᠣᠯᠭᠤᠮᠵᠢ ᠶᠢ ᠪᠡᠶᠡᠯᠡᠭᠦᠯᠬᠦ ᠠᠵᠢᠯ ᠢ ᠪᠦᠲᠦᠮᠵᠢᠲᠡᠶ | ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠨᠢᠭᠡ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | ᠶᠣᠰᠣᠭᠠᠷ᠂ ᠪᠣᠭᠤᠮᠲᠠ ᠶᠢ ᠴᠢᠩᠭ᠎ᠠ ᠠᠳᠬᠤᠵᠤ᠂ ᠵᠡᠷᠭᠡ ᠳᠡᠰ ᠳᠡᠪᠰᠢᠭᠰᠡᠨ ᠠᠵᠢᠯᠲᠠᠨ ᠤ ᠬᠠᠮᠢᠶ᠎ᠠ ᠪᠥᠬᠦᠶ | ᠮᠠᠲ᠋ᠧᠷᠢᠶᠠᠯ ᠵᠢᠴᠢ ᠴᠠᠯᠢᠩ ᠤᠨ ᠪᠠᠷᠢᠮᠵᠢᠶ᠎ᠠ ᠶᠢ ᠨᠠᠷᠢᠨ ᠬᠠᠷᠭᠤᠭᠤᠯᠵᠤ᠂ ᠴᠠᠯᠢᠩ ᠤᠨ ᠲᠣᠬᠢᠷᠠᠭᠤᠯᠤᠯᠲᠠ ᠶᠢᠨ | ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ︔ ᠬᠤᠶᠠᠷ ᠲᠤ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠵᠤ᠂ | ᠳᠡᠰ ᠳᠡᠪᠰᠢᠭᠰᠡᠨ ᠠᠵᠢᠯᠲᠠᠳ ᠲᠤ ᠴᠠᠯᠢᠩ ᠤᠨ ᠲᠣᠬᠢᠷᠠᠭᠤᠯᠤᠯᠲᠠ ᠶᠢᠨ ᠦᠨᠳᠦᠰᠦᠯᠡᠯ ᠪᠠ ᠪᠤᠳᠤᠬᠤ ᠠᠷᠭ᠎ᠠ | ᠬᠡᠯᠪᠡᠷᠢ ᠶᠢ ᠨᠠᠷᠢᠨ ᠲᠣᠳᠣᠷᠬᠠᠶ ᠲᠠᠶᠢᠯᠪᠤᠷᠢᠯᠠᠵᠤ᠂ ᠮᠠᠳᠠᠭ ᠲᠠᠢ ᠠᠰᠠᠭᠤᠯᠲᠠ ᠳᠤ ᠬᠦᠯᠢᠴᠡᠩᠭᠦᠶ ᠪᠠᠷ ᠬᠠᠷᠢᠭᠤᠯᠲᠠ | ᠥᠭᠴᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠪᠡ ︔ ᠭᠤᠷᠪᠠ ᠳᠤ | ᠪᠠᠶᠢᠭᠤᠯᠭ᠎ᠠ ᠭᠤᠶᠤᠴᠢᠯᠠᠨ ᠮᠡᠳᠡᠭᠦᠯᠬᠦ᠂ ᠡᠷᠬᠢᠯᠡᠨ ᠬᠠᠮᠢᠶᠠᠷᠬᠤ ᠨᠢᠭᠡᠴᠢ ᠬᠢᠨᠠᠨ ᠬᠠᠷᠭᠤᠭᠤᠯᠬᠤ᠂ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠬᠢᠨ ᠬᠢᠨᠠᠬᠤ ᠠᠵᠢᠯ ᠤᠨ | ᠴᠤᠪᠤᠷᠠᠯ ᠤᠨ ᠶᠣᠰᠣᠭᠠᠷ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠠᠵᠢᠯ ᠤᠨ ᠣᠨᠣᠪᠴᠢᠲᠤ ᠴᠢᠨᠠᠷ ᠢ ᠦᠨᠡᠨ | ᠬᠦ | ᠪᠠᠲᠤᠯᠠᠪᠠ᠃ ᠳᠥᠷᠪᠡ ᠳᠤ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢᠨ ᠠᠷᠭ᠎ᠠ ᠮᠠᠶ᠋ᠢᠭ ᠢᠶᠠᠷ | ᠳᠠᠮᠵᠢᠭᠤᠯᠤᠨ ᠡᠯ᠎ᠡ ᠨᠢᠭᠡᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠯᠲᠠ ᠪᠤᠶᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ ᠬᠠᠷᠢᠭᠤ ᠲᠤᠰᠬᠠᠪᠠ᠃ | ᠣᠳᠣᠬᠠᠨ ᠪᠣᠯᠲᠠᠯ᠎ᠠ᠂ ᠪᠥᠬᠦ ᠲᠣᠭᠤᠷᠢᠭ ᠤᠨ 108 ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠤᠨ | ᠠᠵᠢᠯ ᠤᠨ ᠪᠠᠶᠢᠷᠢ ᠶᠢᠨ ᠵᠡᠷᠭᠡ ᠳᠡᠪᠰᠢᠭᠰᠡᠳ ᠤᠨ ᠴᠠᠯᠢᠩ ᠢ ᠬᠢᠨᠠᠨ ᠵᠥᠪᠰᠢᠶᠡᠷᠡᠬᠦ ᠠᠵᠢᠯ ᠢ ᠨᠢᠭᠡᠨᠲᠡ ᠪᠡᠶᠡᠯᠡᠭᠦᠯᠪᠡ᠃ | ᠬᠢᠨᠠᠨ ᠵᠥᠪᠰᠢᠶᠡᠷᠡᠬᠦ ᠠᠵᠢᠯ ᠳᠠᠭᠤᠰᠤᠭᠰᠠᠨ ᠤ ᠳᠠᠷᠠᠭ᠎ᠠ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠰᠠᠭᠤᠳᠠᠯ ᠢ ᠴᠠᠭ ᠲᠤᠬᠠᠶ ᠳᠤᠨᠢ | ᠳ᠋ᠦᠩᠨᠡᠵᠦ᠂ ᠠᠰᠠᠭᠤᠳᠠᠯ ᠢ ᠢᠯᠡᠷᠡᠭᠦᠯᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ | ᠴᠠᠯᠢᠩ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠶᠢᠨ ᠬᠠᠮᠲᠤ ᠬᠢᠨᠠᠨ | ᠵᠥᠪᠰᠢᠶᠡᠷᠡᠬᠦ ᠬᠦᠰᠦᠨᠦᠭᠲᠦ ᠵᠢᠴᠢ ᠬᠠᠮᠢᠶ᠎ᠠ ᠪᠥᠬᠦᠶ ᠳᠠᠭᠠᠯᠳᠤᠭᠤᠯᠤᠯ ᠢ ᠴᠠᠭ ᠲᠤᠬᠠᠶ ᠳᠤᠨᠢ ᠡᠮᠬᠢᠯᠡᠨ ᠲᠠᠩᠰᠠ | ᠡᠪᠬᠡᠮᠡᠯ ᠳᠤ ᠣᠷᠣᠭᠤᠯᠬᠤ | ᠪᠣᠯᠤᠨ᠎ᠠ᠃ | |