3 ᠳ᠋ᠤᠭᠠᠷ ᠰᠠᠷ᠎ᠠ ᠶᠢᠨ 2 ᠤᠨ ᠡᠳᠦᠷ᠂ ᠰᠢᠭᠤᠶᠢᠲᠤ ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠵᠠᠩ ᠰᠢᠶᠤᠤ ᠹᠸᠢ ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠶᠢᠨ ᠠᠶᠤᠯ ᠦᠭᠡᠢ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠥᠬᠦᠳᠡ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠪᠠᠨ ᠮᠡᠳᠡᠵᠦ | ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ | ᠪᠤᠶᠤ ᠠᠶᠤᠯ ᠦᠭᠡᠢ ᠦᠢᠯᠡᠳᠪᠦᠷᠢᠯᠡᠯ ᠳᠤ ᠭᠡᠰᠡᠨ ᠦᠭᠡᠢ᠂ ᠭᠤᠣᠯᠳᠠᠯᠭ᠎ᠠ ᠨᠢ ᠡᠬᠢ ᠡᠭᠦᠰᠦᠯ ᠠᠴᠠ ᠨᠢ ᠠᠳᠬᠤᠬᠤ᠂ | ᠤᠷᠢᠳᠴᠢᠯᠠᠨ ᠰᠡᠷᠭᠡᠶᠢᠯᠡᠬᠦ ᠶᠢ ᠠᠳᠬᠤᠬᠤ ᠂ ᠦᠨᠳᠦᠰᠦ ᠨᠢ ᠬᠠᠷᠢᠭᠤᠴᠠᠯᠭ᠎ᠠ ᠶᠢ ᠠᠳᠬᠤᠬᠤ ᠪᠣᠯᠤᠨ᠎ᠠ ᠂ ᠡᠷᠬᠡᠪᠰᠢ | ᠬᠠᠷᠢᠭᠤᠴᠠᠯᠭ᠎ᠠ ᠶᠢᠨ ᠬᠡᠯᠬᠢᠶ᠎ᠡ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠭᠤᠭᠴᠤᠭ᠎ᠠ ᠨᠢᠭᠡᠪᠦᠷᠢ ᠶᠢ ᠴᠥᠮ ᠬᠠᠮᠢᠶᠠᠷᠬᠤ ᠬᠥᠮᠦᠨ ᠲᠠᠢ᠂ ᠠᠩᠬᠠᠷᠬᠤ ᠬᠥᠮᠦᠨ ᠲᠠᠢ ᠪᠠᠶᠢᠬᠤ ᠶᠢ ᠪᠠᠲᠤᠯᠠᠬᠤ | ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠳᠤ ᠡᠷᠬᠡᠪᠰᠢ | ᠪᠦᠬᠦ ᠬᠦᠴᠦᠨ ᠢᠶᠠᠷ ᠢᠶᠠᠨ ᠵᠥᠷᠢᠴᠡᠯ ᠢ ᠨᠠᠮᠳᠠᠭᠤᠯᠵᠤ᠂ ᠠᠶᠤᠯ ᠦᠭᠡᠢ ᠦᠢᠯᠡᠳᠪᠦᠷᠢᠯᠡᠯ ᠳᠤ ᠡᠷᠬᠡᠪᠰᠢ ᠬᠠᠲᠠᠭᠤ | ᠠᠷᠭ᠎ᠠ ᠪᠣᠳᠠᠲᠠᠢ ᠠᠷᠭ᠎ᠠ ᠬᠡᠮᠵᠢᠶ᠎ᠡ ᠠᠪᠴᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ | ᠵᠠᠩᠭᠢᠯᠠᠭ᠎ᠠ ᠶᠢᠨ ᠭᠤᠭᠴᠤᠭ᠎ᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ | ᠠᠩᠬᠠᠷᠤᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠭᠠᠵᠠᠷ | ᠣᠷᠣᠨ ᠤ ᠠᠮᠤᠷ ᠲᠦᠪᠰᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠬᠦ ᠬᠡᠷᠡᠭᠲᠡᠶ᠃ ᠲᠡᠮᠦᠷ ᠮᠡᠲᠦ ᠰᠠᠬᠢᠯᠭ᠎ᠠ ᠪᠠᠲᠤ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠬᠡᠳᠡᠷᠬᠦ ᠰᠢᠬᠠᠮᠳᠠᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠬᠦ ᠶᠢ ᠠᠬᠢᠭᠤᠯᠵᠤ᠂ ᠠᠵᠢᠯ ᠢᠶᠠᠨ ᠭᠤᠭᠴᠤᠭ᠎ᠠ ᠨᠢᠭᠡᠪᠦᠷᠢ᠂ ᠴᠡᠭ ᠨᠢᠭᠡᠪᠦᠷᠢ ᠳᠤ ᠠᠳᠬᠤᠵᠤ᠂ ᠦᠨᠡᠨ | ᠪᠣᠳᠠᠲᠠᠢ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠠᠮᠤᠷ ᠲᠦᠪᠰᠢᠨ ᠤ | ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠤᠭᠤᠷᠢᠭ ᠤᠨ ᠤᠳᠤᠷᠢᠳᠤᠯᠭ᠎ᠠ ᠨᠢᠤ ᠪᠢᠶᠤᠤ᠂ ᠯᠢ ᠰᠢᠶᠠᠩ᠂ ᠯᠢ ᠴᠢᠩ ᠵᠦᠩ᠂ ᠵᠠᠩ ᠰᠢᠶᠦ᠋ᠩ᠂ ᠮᠠ | ᠪᠢᠨ᠂ ᠰᠦᠨ ᠶᠤᠸᠠᠢ᠂ ᠱᠤᠤ ᠽᠦᠩ ᠸᠧᠢ᠂ ᠶᠠᠨ ᠵᠢᠶᠠ ᠸᠧᠢ᠂ ᠡᠯ᠎ᠡ ᠭᠠᠵᠠᠷ ᠣᠷᠣᠨ ᠤ ᠨᠠᠮ ᠵᠠᠰᠠᠭ ᠤᠨ ᠭᠤᠣᠯ | ᠤᠳᠤᠷᠢᠳᠤᠯᠭ᠎ᠠ᠂ ᠲᠤᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠡᠰᠢᠭᠦᠨ | ᠨᠢᠭᠡᠴᠢ ᠵᠢᠴᠢ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |