ᠬᠦᠨᠳᠡᠯᠡᠨ ᠠᠴᠠ ᠲᠠᠰᠤᠯᠬᠤ ᠡᠶᠡᠳᠡᠭᠦᠯᠭᠡ    ᠬᠦᠳᠡᠯᠮᠦᠷᠢ ᠶᠢᠨ ᠮᠠᠷᠭᠤᠯᠳᠤᠭᠠᠨ ᠢ ᠦᠨᠳᠦᠷ ᠪᠦᠲᠦᠮᠵᠢᠲᠡᠢ ᠪᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/20
        2024 ᠣᠨ ᠤ 12 ᠳ᠋ᠤᠭᠠᠷ ᠰᠠᠷ᠎ᠠ ᠳᠤ᠂ ᠰᠢᠭᠤᠶᠢᠲᠤ ᠲᠣᠭᠤᠷᠢᠭ ᠤᠨ ᠨᠢᠭᠡᠨ ᠺᠣᠮᠫᠠᠨᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠲᠤᠬᠠᠢ ᠶᠢᠨ ᠬᠥᠮᠦᠨ ᠰᠦᠨ ᠠᠪᠠᠭ᠋ᠠᠢ ᠶᠢ ᠠᠵᠢᠯ ᠠᠴᠠ ᠨᠢ ᠬᠥᠭᠡᠭᠡᠵᠦ᠂ ᠪᠠᠰᠠ 3 ᠰᠠᠷ᠎ᠠ ᠶᠢᠨ ᠴᠠᠯᠢᠩ ᠦᠷᠢᠲᠦᠪᠡ᠂ ᠲᠤᠰ ᠺᠣᠮᠫᠠᠨᠢ ᠺᠣᠮᠫᠠᠨᠢ ᠶᠢᠨ ᠴᠣᠪᠤᠷᠠᠯ ᠢᠶᠠᠷ ᠶᠠᠪᠤᠭᠤᠯᠤᠨ᠎ᠠ ᠭᠡᠵᠦ ᠬᠠᠷᠢᠭᠤ ᠥᠭᠭᠦᠭᠰᠡᠨ ᠪᠣᠯᠪᠠᠴᠤ ᠲᠣᠳᠣᠷᠬᠠᠢ ᠵᠣᠭᠤᠰ ᠥᠭᠬᠦ ᠡᠳᠦᠷ ᠬᠤᠭᠤᠴᠠᠭ᠎ᠠ ᠲᠣᠭᠲᠠᠭᠰᠠᠨ ᠦᠭᠡᠢ᠂ ᠣᠯᠠᠨ ᠤᠳᠠᠭ᠎ᠠ ᠨᠡᠬᠡᠵᠦ ᠦᠷ᠎ᠡ ᠳ᠋ᠦᠩ ᠭᠠᠷᠤᠭᠰᠠᠨ ᠦᠭᠡᠢ ᠳᠤ ᠰᠦᠨ ᠠᠪᠠᠭ᠋ᠠᠢ ᠬᠥᠨᠳᠡᠯᠡᠨ ᠠᠴᠠ ᠲᠠᠰᠤᠯᠬᠤ ᠪᠠᠷ ᠳᠠᠮᠵᠢᠨ ᠠᠰᠠᠭᠤᠳᠠᠯ ᠢ ᠰᠢᠢᠳᠪᠦᠷᠢᠯᠡᠬᠦ ᠪᠠᠷ ᠲᠣᠭᠲᠠᠪᠠ᠃ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠬᠦᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠨᠢ ᠬᠥᠨᠳᠡᠯᠡᠨ ᠠᠴᠠ ᠲᠠᠰᠤᠯᠤᠭᠴᠢ ᠶᠢᠨ ᠡᠶᠡᠳᠡᠭᠦᠯᠭᠡ ᠳᠣᠣᠷ᠎ᠠ ᠰᠠᠨᠠᠯ ᠨᠢᠭᠡᠳᠪᠡ᠃        ᠡᠶᠡᠳᠡᠭᠦᠯᠭᠡ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠴᠥᠮ ᠰᠡᠳᠬᠢᠯ ᠬᠠᠨᠤᠮᠵᠢᠲᠠᠢ ᠪᠠᠶᠢᠬᠤ ᠪᠠᠨ ᠢᠯᠡᠳᠬᠡᠪᠡ᠃ ᠲᠤᠰ ᠺᠣᠮᠫᠠᠨᠢ ᠶᠢᠨ ᠬᠠᠷᠢᠭᠤᠴᠠᠯᠭᠠᠲᠠᠨ ᠂ ᠲᠤᠰ ᠤᠳᠠᠭ᠎ᠠ ᠶᠢᠨ ᠡᠶᠡᠳᠡᠭᠦᠯᠭᠡ ᠪᠠᠷ ᠳᠠᠮᠵᠢᠨ᠂ ᠲᠡᠳᠡ ᠪᠠᠰᠠ ᠬᠥᠳᠡᠯᠮᠦᠷᠢ ᠶᠢᠨ ᠬᠠᠷᠢᠴᠠᠭ᠎ᠠ ᠶᠢ ᠰᠢᠢᠳᠪᠦᠷᠢᠯᠡᠬᠦ ᠦᠶ᠎ᠡ ᠳᠤ ᠬᠠᠤᠯᠢ ᠴᠠᠭᠠᠵᠠ ᠶᠢᠨ ᠵᠢᠷᠤᠮᠵᠢᠯ ᠢ ᠨᠡᠩ ᠴᠢᠬᠤᠯᠠᠴᠢᠯᠠᠬᠤ ᠶᠢ ᠮᠡᠳᠡᠪᠡ᠂ ᠢᠷᠡᠭᠡᠳᠦᠢ ᠳᠤ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠡᠶᠢᠮᠦᠷᠬᠦᠦ ᠠᠰᠠᠭᠤᠳᠠᠯ ᠳᠠᠬᠢᠨᠲᠠ ᠭᠠᠷᠬᠤ ᠠᠴᠠ ᠵᠠᠶᠢᠯᠠᠰᠬᠢᠨ᠎ᠡ ᠭᠡᠵᠦ ᠢᠯᠡᠷᠬᠡᠶᠢᠯᠡᠪᠡ᠃ ᠰᠦᠨ ᠠᠪᠠᠭ᠋ᠠᠢ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠬᠠᠩᠭᠠᠭᠰᠠᠨ ᠥᠨᠳᠥᠷ ᠪᠦᠲᠦᠮᠵᠢᠲᠡᠶ ᠦᠢᠯᠡᠴᠢᠯᠡᠭᠡ ᠪᠠ ᠲᠥᠪ ᠭᠤᠤᠯᠴᠢ ᠬᠢᠨᠠᠨ ᠲᠠᠰᠤᠯᠤᠯᠲᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠢᠷᠡᠭᠡᠳᠦᠶ ᠳᠤ ᠬᠠᠤᠯᠢ ᠴᠠᠭᠠᠵᠠ ᠳᠤ ᠲᠦᠰᠢᠭᠯᠡᠨ ᠡᠷᠬᠡ ᠪᠠᠨ ᠬᠠᠮᠠᠭᠠᠯᠠᠬᠤ ᠢᠲᠡᠭᠡᠯ ᠵᠣᠷᠢᠭ ᠢᠶᠠᠨ ᠪᠠᠲᠤᠳᠬᠠᠵᠠᠢ᠃        ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠡᠨᠡ ᠤᠳᠠᠭᠠᠨ ᠤ ᠠᠮᠵᠢᠯᠲᠠ ᠲᠠᠢ ᠡᠶᠡᠳᠡᠭᠦᠯᠭᠡ ᠨᠢ ᠲᠤᠬᠠᠶ ᠶᠢᠨ ᠬᠥᠮᠦᠨ ᠤ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠪᠢ ᠨᠡᠮᠡᠷᠢ ᠦᠵᠡᠭᠦᠯᠵᠡᠶ᠃ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠨᠢ ᠲᠥᠪ ᠭᠤᠣᠯᠴᠢ᠂ ᠥᠨᠳᠥᠷ ᠪᠦᠲᠦᠮᠵᠢᠲᠡᠢ᠂ ᠠᠷᠠᠳ ᠲᠤ ᠳᠥᠭᠦᠮ ᠦᠵᠡᠭᠦᠯᠬᠦ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号