| ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠪᠦᠬᠦ | ᠲᠠᠯ᠎ᠠ ᠪᠠᠷ᠂ ᠣᠨᠣᠪᠴᠢᠲᠠᠢ ᠳᠤᠰᠬᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ | ᠴᠢᠩᠭᠠᠳᠬᠠᠨ᠂ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠵᠢᠷᠤᠮᠵᠢᠯᠳᠤ | ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠨᠠᠷᠢᠨ ᠨᠢᠮᠪᠠᠢ ᠲᠥᠯᠥᠪᠯᠡᠵᠦ᠂ ᠨᠡᠶᠢᠭᠡᠮ ᠤᠨ ᠪᠠᠲᠤᠯᠠᠭ᠎ᠠ ᠶᠢᠨ ᠲᠥᠰᠥᠪ ᠤᠨ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠣᠳᠣᠬᠠᠨ ᠳᠤ ᠨᠢᠭᠡᠨᠲᠡ ᠬᠠᠮᠢᠶ᠎ᠠ ᠪᠦᠬᠦᠢ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠡᠢ᠃ | ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠢᠨᠠᠨ ᠬᠠᠷᠭᠤᠭᠤᠯᠬᠤ ᠪᠣᠯ ᠨᠡᠶᠢᠭᠡᠮ ᠤᠨ ᠳᠠᠭᠠᠳᠬᠠᠯ ᠤᠨ | ᠲᠥᠰᠦᠪ ᠤᠨ ᠭᠦᠢᠴᠡᠳᠬᠡᠯ ᠤᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠥᠩᠭᠡᠷᠡᠭᠰᠡᠨ ᠳᠤ᠂ ᠲᠤᠭ᠎ᠠ | ᠪᠠᠷᠢᠮᠲᠠ ᠴᠤᠭᠯᠠᠭᠤᠯᠬᠤ ᠳᠤ ᠬᠥᠮᠦᠨ ᠤ ᠬᠦᠴᠦ ᠪᠠᠷ ᠡᠯ᠎ᠡ ᠲᠤᠬᠠᠶᠢᠯᠠᠭᠰᠠᠨ ᠠᠵᠢᠯ ᠤᠨ ᠰᠢᠰᠲ᠋ᠧᠮ᠂ ᠡᠳ᠋ ᠤᠨ | ᠶᠠᠪᠤᠳᠠᠯ ᠤᠨ ᠲᠠᠩᠰᠠ ᠠᠴᠠ ᠴᠤᠭᠯᠠᠭᠤᠯᠵᠤ ᠪᠠᠶᠢᠵᠠᠢ ᠂ ᠬᠥᠮᠦᠨ ᠤ ᠬᠦᠴᠦ ᠪᠠᠷ ᠪᠠᠷᠢᠮᠲᠠ ᠴᠤᠭᠯᠠᠭᠤᠯᠬᠤ ᠨᠢ ᠦᠷ᠎ᠡ | ᠪᠦᠲᠦᠮᠵᠢ ᠳᠣᠤᠷ᠎ᠠ ᠪᠠᠶᠢᠬᠤ ᠪᠠᠷ ᠪᠠᠷᠠᠬᠤ ᠥᠬᠡᠶ ᠪᠠᠰᠠ ᠠᠮᠠᠷᠬᠠᠨ ᠠᠯᠳᠠᠭ᠎ᠠ ᠪᠤᠷᠤᠭᠤ ᠭᠠᠷᠴᠤ᠂ ᠲᠤᠭ᠎ᠠ | ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠬᠤ ᠳᠤ ᠪᠡᠷᠬᠡ ᠪᠠᠶᠢᠵᠤ᠂ ᠲᠥᠰᠦᠪ ᠤᠨ ᠭᠦᠢᠴᠡᠳᠬᠡᠯ ᠤᠨ | ᠮᠡᠳᠡᠭᠦᠯᠦᠯᠲᠡ ᠶᠢᠨ ᠬᠦᠰᠦᠨᠦᠭᠲᠦ ᠶᠢᠨ ᠶᠠᠰᠤ ᠴᠢᠨᠠᠷ ᠢ ᠨᠥᠯᠥᠭᠡᠯᠡᠵᠦ᠂ ᠪᠠᠰᠠ ᠲᠠᠷᠠᠭᠠᠴᠢ ᠶᠢᠨ ᠵᠠᠳᠠᠯᠤᠯᠲᠠ ᠶᠢᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠷᠢᠶ᠎ᠡ ᠠᠪᠴᠢᠷᠠᠳᠠᠭ ᠃ ᠡᠳᠦᠭᠡ᠂ ᠰᠢᠭᠤᠶᠢᠲᠤ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠲᠥᠪ ᠤᠨ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠲᠠᠰᠤᠭ ᠨᠢ ᠬᠠᠮᠢᠶ᠎ᠠ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠭᠦᠢᠴᠡᠳ ᠠᠰᠢᠭᠯᠠᠵᠤ᠂ ᠨᠡᠶᠢᠭᠡᠮ ᠤᠨ | ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ ᠳᠤ ᠪᠣᠢ ᠪᠣᠯᠤᠭᠰᠠᠨ ᠡᠯ᠎ᠡ ᠲᠥᠷᠥᠯ ᠤᠨ ᠲᠤᠭ᠎ᠠ | ᠪᠠᠷᠢᠮᠲᠠ ᠶᠢ ᠭᠠᠷᠭᠠᠨ ᠠᠪᠴᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠲᠠᠢ ᠨᠢᠭᠡᠳ ᠨᠢᠭᠡ ᠪᠠᠷ ᠬᠢᠨᠠᠨ | ᠬᠠᠷᠭᠤᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ᠂ ᠰᠦᠢᠳᠭᠡᠯ ᠲᠤᠰᠢᠶᠠᠬᠤ ᠰᠠᠭᠤᠷᠢ ᠲᠤᠭ᠎ᠠ | ᠵᠡᠷᠭᠡ ᠰᠠᠭᠤᠷᠢ ᠲᠤᠭ᠎ᠠ ᠪᠠᠷᠢᠮᠲᠠ ᠶᠢᠨ ᠢᠷᠡᠯᠲᠡ ᠶᠢᠨ ᠦᠨᠡᠨ ᠪᠣᠳᠠᠲᠠᠢ ᠣᠨᠣᠪᠴᠢᠲᠠᠢ ᠪᠠᠢᠬᠤ ᠶᠢ ᠦᠨᠡᠨ ᠬᠦ | ᠪᠠᠲᠤᠯᠠᠪᠠ᠃ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠠᠪᠤᠴᠠ ᠳᠤ᠂ ᠬᠥᠮᠦᠨ ᠤ ᠬᠦᠴᠦ ᠪᠠᠷ ᠬᠢᠨᠠᠨ | ᠬᠠᠷᠭᠤᠭᠤᠯᠬᠤ ᠪᠠ ᠰᠢᠰᠲ᠋ᠧᠮ ᠢᠶᠠᠷ ᠬᠢᠨᠠᠨ ᠬᠠᠷᠭᠤᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠬᠥᠮᠦᠨ ᠤ ᠬᠦᠴᠦ ᠪᠠᠷ ᠬᠢᠨᠠᠨ ᠬᠠᠷᠭᠤᠭᠤᠯᠬᠤ ᠳᠤ ᠲᠤᠭ᠎ᠠ ᠪᠠᠷᠢᠮᠲᠠ ᠶᠢᠨ ᠯᠣᠭᠢᠭ ᠴᠢᠨᠠᠷ ᠪᠠ ᠵᠦᠶ ᠶᠣᠰᠣᠴᠢ | ᠴᠢᠨᠠᠷ ᠢ ᠭᠤᠣᠯᠳᠠᠯᠭ᠎ᠠ ᠲᠠᠢ ᠠᠩᠬᠠᠷᠴᠤ᠂ ᠬᠡᠪ ᠤᠨ ᠪᠤᠰᠤ ᠲᠤᠭ᠎ᠠ ᠪᠠᠷᠢᠮᠲᠠ ᠶᠢ ᠨᠢᠭᠡᠳ ᠨᠢᠭᠡ ᠪᠠᠷ ᠵᠢᠭᠰᠠᠭᠠᠨ | ᠪᠠᠶᠢᠴᠠᠭᠠᠨ᠎ᠠ ︔ ᠰᠢᠰᠲ᠋ᠧᠮ ᠤᠨ ᠬᠢᠨᠠᠨ ᠬᠠᠷᠭᠤᠭᠤᠯᠤᠯᠲᠠ ᠳᠤ ᠤᠷᠢᠳᠴᠢᠯᠠᠨ ᠲᠣᠭᠲᠠᠭᠠᠭᠰᠠᠨ ᠬᠢᠨᠠᠨ ᠬᠠᠷᠭᠤᠭᠤᠯᠬᠤ | ᠲᠦᠷᠢᠮ ᠢ ᠬᠡᠷᠡᠭᠯᠡᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠬᠢᠨᠠᠨ | ᠰᠢᠯᠭᠠᠵᠤ᠂ ᠳᠠᠪᠬᠤᠷ ᠬᠢᠨᠠᠨ ᠬᠠᠷᠭᠤᠭᠤᠯᠬᠤ ᠲᠣᠭᠲᠠᠴᠠ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢᠨ ᠶᠠᠰᠤ | ᠴᠢᠨᠠᠷ ᠢ ᠪᠦᠲᠦᠮᠵᠢᠲᠡᠶ ᠪᠠᠲᠤᠯᠠᠪᠠ᠃ | ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠢᠨᠠᠨ ᠬᠠᠷᠭᠤᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ | ᠨᠡᠶᠢᠭᠡᠮ ᠤᠨ ᠪᠠᠲᠤᠯᠠᠭ᠎ᠠ ᠶᠢᠨ ᠲᠥᠪ ᠤᠨ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠲᠠᠰᠤᠭ ᠠᠴᠠ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠭᠦᠨᠵᠡᠭᠡᠶ ᠵᠠᠳᠠᠯᠤᠯᠲᠠ ᠬᠢᠪᠡ ᠃ | ᠣᠷᠣᠯᠭ᠎ᠠ ᠶᠢᠨ ᠲᠠᠯ᠎ᠠ ᠪᠠᠷ᠂ ᠠᠵᠤ ᠠᠬᠤᠶ ᠶᠢᠨ ᠲᠣᠭᠲᠠᠭᠤᠨ ᠬᠥᠭᠵᠢᠯᠲᠡ ᠪᠠ ᠨᠡᠶᠢᠭᠡᠮ ᠤᠨ ᠪᠠᠲᠤᠯᠠᠭ᠎ᠠ ᠶᠢᠨ | ᠲᠠᠯ᠎ᠠ ᠶᠢᠨ ᠠᠵᠢᠯ ᠤᠨ ᠦᠷᠭᠦᠯᠵᠢᠯᠡᠨ ᠠᠭᠢᠬᠤ ᠶᠢ ᠳᠠᠭᠠᠯᠳᠤᠨ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠣᠷᠣᠯᠭ᠎ᠠ ᠵᠣᠬᠢᠬᠤ ᠨᠡᠮᠡᠭᠳᠡᠯ ᠤᠨ ᠪᠠᠶᠢᠳᠠᠯ ᠢ ᠪᠠᠲᠤᠯᠠᠪᠠ︔ ᠵᠠᠷᠤᠯᠭ᠎ᠠ ᠶᠢᠨ ᠲᠠᠯ᠎ᠠ ᠪᠠᠷ᠂ ᠨᠠᠰᠤᠵᠢᠯ ᠤᠨ | ᠳᠠᠭᠠᠳᠬᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠤᠪᠴᠢᠲᠠᠢ ᠨᠠᠶᠢᠳᠠᠪᠤᠷᠢᠵᠢᠭᠤᠯᠤᠭᠰᠠᠨ ᠨᠢ | ᠵᠠᠷᠤᠯᠭ᠎ᠠ ᠶᠢᠨ ᠪᠦᠲᠦᠴᠡ ᠶᠢ ᠨᠡᠩ ᠰᠢᠯᠢᠳᠡᠭᠵᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠢ ᠶᠡᠷᠦᠩᠬᠡᠢ ᠳᠡᠭᠡᠨ | ᠲᠣᠭᠲᠠᠭᠤᠨ ᠪᠣᠯᠭᠠᠪᠠ᠃ | ᠲᠣᠰ ᠤᠳᠠᠭᠠᠨ ᠤ ᠨᠡᠶᠢᠭᠡᠮ ᠤᠨ ᠪᠠᠲᠤᠯᠠᠭ᠎ᠠ ᠶᠢᠨ ᠲᠥᠰᠦᠪ ᠤᠨ ᠭᠦᠢᠴᠡᠳᠬᠡᠯ ᠤᠨ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ | ᠪᠠᠶᠢᠳᠠᠯ ᠢ ᠲᠤᠰᠬᠠᠭᠰᠠᠨ ᠢᠶᠠᠷ ᠪᠠᠷᠠᠬᠤ ᠥᠬᠡᠶ᠂ ᠬᠤᠶᠢᠰᠢᠳᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠬᠦ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠂ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠣᠰ ᠤᠳᠠᠭᠠᠨ ᠤ | ᠲᠥᠰᠦᠪ ᠤᠨ ᠭᠦᠢᠴᠡᠳᠭᠡᠯ ᠢᠶᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠴᠢᠷᠮᠠᠶᠢᠨ ᠠᠬᠢᠭᠤᠯᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ | ᠨᠠᠩ ᠪᠠᠲᠤ ᠪᠠᠬᠢ ᠨᠡᠶᠢᠭᠡᠮ ᠤᠨ ᠪᠠᠲᠤᠯᠠᠭ᠎ᠠ ᠬᠠᠩᠭᠠᠨ᠎ᠠ ᠃ | |