ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ | ᠬᠤᠷᠠᠯ ᠤᠨ ᠮᠠᠲ᠋ᠧᠷᠢᠶᠠᠯ ᠤᠨ ᠨᠢᠭᠡ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2025 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ ᠤᠨ ᠰᠢᠭᠤᠶᠢᠲᠤ ᠲᠣᠭᠤᠷᠢᠭ ᠤᠨ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠰᠢᠶᠤᠤ ᠹᠸᠢ | | ᠲᠥᠯᠥᠭᠡᠯᠡᠭᠴᠢᠳ ᠡ᠄ | ᠣᠳᠣ ᠪᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ | ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ | ᠵᠥᠪᠯᠡᠯᠭᠡᠨ ᠤ ᠡᠯ᠎ᠡ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠢ ᠡᠷᠭᠢᠴᠡᠭᠦᠯᠪᠡᠯ᠂ ᠪᠦᠬᠦ ᠲᠣᠭᠤᠷᠢᠭ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ᠂ | ᠡᠷᠡᠯᠬᠡᠭ ᠪᠠᠭᠠᠲᠤᠷᠯᠢᠭ ᠢᠶᠠᠷ ᠠᠪᠠᠷᠢᠵᠤ᠂ ᠰᠢᠰᠲ᠋ᠧᠮ ᠲᠠᠢ ᠪᠠᠷ ᠳᠡᠭᠡᠭᠰᠢᠯᠡᠭᠦᠯᠬᠦ ᠬᠠᠷᠠᠯᠲᠠ ᠶᠢ ᠠᠮᠵᠢᠯᠲᠠ ᠲᠠᠢ | ᠪᠡᠶᠡᠯᠡᠭᠦᠯᠪᠡ᠃ | ᠰᠠᠶ᠋ᠢᠬᠠᠨ ᠥᠩᠭᠡᠷᠡᠭᠰᠡᠨ 2024 ᠣᠨ ᠪᠣᠯ᠂ ᠰᠢᠭᠤᠶᠢᠲᠤ ᠲᠣᠭᠤᠷᠢᠭ ᠤᠨ ᠬᠥᠭᠵᠢᠯᠲᠡ ᠶᠢᠨ ᠲᠡᠦᠬᠡᠨ | ᠳᠡᠭᠡᠷᠡᠬᠢ ᠶᠡᠷᠦ ᠪᠤᠰᠤ ᠶᠢᠨ ᠨᠢᠭᠡ ᠵᠢᠯ ᠮᠥᠨ᠂ ᠪᠠᠰᠠ ᠴᠤ ᠪᠦᠬᠦᠶᠢᠯᠡ ᠰᠢᠭᠤᠶᠢᠲᠤ ᠲᠣᠭᠤᠷᠢᠭ ᠤᠨ ᠬᠥᠮᠦᠰ ᠢ | ᠢᠲᠡᠭᠡᠯ ᠲᠡᠭᠦᠯᠳᠡᠷ ᠪᠣᠯᠭᠠᠭᠰᠠᠨ ᠨᠢᠭᠡ ᠵᠢᠯ ᠮᠥᠨ᠃ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠪᠣᠯᠤᠨ ᠪᠤᠭᠤᠲᠤ ᠶᠢᠨ ᠲᠤᠬᠠᠢ ᠴᠢᠬᠤᠯᠠ | ᠵᠢᠭᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ ᠴᠢᠷᠮᠠᠶᠢᠨ | ᠠᠵᠢᠯᠯᠠᠵᠤ᠂ ᠤᠯᠠᠨ ᠵᠦᠢᠯ ᠤᠨ ᠠᠵᠢᠯ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠵᠢᠱᠢᠯᠲᠡ ᠪᠠᠷ ᠥᠪᠡᠷᠲᠡᠭᠡᠨ ᠵᠠᠰᠠᠬᠤ | ᠣᠷᠣᠨ ᠤ 103 ᠬᠤᠰᠢᠭᠤ ᠰᠢᠶᠠᠨ ᠤ ᠳᠣᠲᠣᠷ᠎ᠠ ᠡᠮᠦᠨ᠎ᠡ ᠲᠠᠪᠤᠨ ᠳᠤ ᠵᠢᠭᠰᠠᠭᠠᠭᠳᠠᠵᠤ᠂ ᠲᠡᠤᠬᠡ ᠶᠢᠨ ᠬᠠᠮᠤᠭ ᠤᠨ | ᠥᠨᠳᠥᠷ ᠲᠦᠪᠰᠢᠨ ᠳᠤ ᠬᠦᠷᠪᠡ︔ ᠶᠡᠷᠦᠩᠬᠡᠶᠢᠯᠡᠭᠰᠡᠨ ᠡᠳ᠋ ᠤᠨ ᠬᠦᠴᠦᠨ 7 ᠳ᠋ᠦᠩᠰᠢᠭᠤᠷ ᠲᠥᠭᠦᠷᠢᠭ ᠰᠢᠨ᠎ᠡ ᠪᠠᠷ | ᠨᠡᠮᠡᠭᠳᠡᠵᠦ᠂ 23 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠬᠠᠮᠤᠭ ᠢ ᠡᠭᠦᠳᠪᠡ︔ ᠳᠡᠭᠡᠳᠦ | ᠱᠠᠲᠤᠨ ᠤ 16 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠵᠤ᠂ ᠲᠡᠦᠬᠡ ᠶᠢᠨ ᠰᠢᠨ᠎ᠡ | ᠥᠨᠳᠥᠷ ᠢ ᠡᠭᠦᠳᠪᠡ︔ ᠵᠥᠩ ᠴᠧ ᠴᠢ ᠰᠦᠸᠧ ᠬᠤᠪᠢᠶᠠᠷᠢ ᠺᠣᠮᠫᠠᠨᠢ ᠶᠢ ᠠᠮᠵᠢᠯᠲᠠ ᠲᠠᠢ ᠪᠠᠷ ᠳᠠᠩᠰᠠᠯᠠᠭᠤᠯᠵᠤ᠂ | ᠮᠠᠨ ᠤ ᠲᠣᠭᠤᠷᠢᠭ ᠤᠨ ᠲᠡᠦᠬᠡᠨ ᠳᠡᠭᠡᠷᠡᠬᠢ ᠬᠤᠶᠠᠳᠤᠭᠠᠷ ᠨᠠᠶᠢᠳᠠᠪᠤᠷᠢᠵᠢᠭᠤᠯᠤᠭᠰᠠᠨ ᠲᠥᠪ ᠤᠨ ᠠᠵᠤ ᠠᠬᠤᠶᠢᠯᠠᠯ | ᠪᠣᠯᠤᠨ᠎ᠠ︔ ᠮᠧᠩ ᠨᠧᠩ 2 × 66 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠢ | ᠡᠬᠢᠯᠡᠭᠦᠯᠵᠦ᠂ ᠰᠢᠭᠤᠶᠢᠲᠤ ᠶᠢᠨ ᠬᠡᠳᠦᠨ ᠦᠶ᠎ᠡ ᠶᠢᠨ ᠬᠥᠮᠦᠰ ᠤᠨ ᠬᠦᠰᠡᠯ ᠵᠡᠭᠦᠳᠦ ᠶᠢ ᠲᠡᠷᠭᠡᠯᠰᠢᠭᠦᠯᠦᠭᠰᠡᠨ ᠪᠠᠶᠢᠨ᠎ᠠ | ᠃ ᠡᠳᠡᠭᠡᠷ ᠴᠢᠬᠤᠯᠠ ᠶᠡᠭᠡ ᠰᠢᠪᠲᠤᠯᠤᠯᠲᠠ ᠨᠢ᠂ ᠪᠢᠳᠡᠨ ᠢ ᠪᠠᠶᠠᠷᠯᠠᠭᠤᠯᠤᠨ ᠵᠣᠷᠢᠭᠵᠢᠭᠤᠯᠵᠤ᠂ ᠢᠲᠡᠭᠡᠯ ᠵᠣᠷᠢᠭ ᠢ | ᠳᠠᠬᠢᠨ ᠢᠶᠠᠷ ᠬᠦᠪᠴᠢᠯᠡᠪᠡ︕ | ᠨᠢᠭᠡ ᠵᠢᠯ ᠤᠨ ᠲᠤᠷᠰᠢ᠂ ᠪᠢᠳᠡ ᠱᠠᠯᠠᠪᠳᠠᠨ ᠲᠦᠷᠭᠡᠨ ᠬᠢᠵᠦ᠂ ᠰᠢᠷᠭᠠᠭᠤ ᠬᠠᠲᠠᠭᠤᠵᠢᠯᠲᠠᠢ ᠪᠣᠳᠠᠲᠠᠢ | ᠠᠵᠢᠯᠯᠠᠵᠤ᠂ ᠰᠢᠰᠲ᠋ᠧᠮ ᠲᠠᠢ ᠪᠠᠷ ᠳᠡᠭᠡᠭᠰᠢᠯᠡᠭᠦᠯᠬᠦ ᠶᠢ ᠰᠢᠭᠤᠶᠢᠲᠤ ᠶᠢᠨ ᠡᠬᠡ ᠭᠠᠵᠠᠷ ᠲᠤ ᠪᠢᠴᠢᠭᠯᠡᠪᠡ᠃ | — ᠠᠵᠤ ᠠᠬᠤᠢ ᠶᠢᠨ ᠬᠥᠭᠵᠢᠯᠲᠡ ᠳᠡᠭᠡᠳᠦ ᠣᠮᠤᠭ ᠲᠡᠭᠦᠯᠳᠡᠷ ᠢᠶᠠᠷ ᠤᠷᠤᠭᠰᠢᠯᠠᠪᠠ᠃ ᠵᠢᠱᠢᠯᠲᠡ ᠪᠠᠷ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 15% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 23% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 130% ᠪᠠᠷ ᠨᠡᠮᠡᠭᠳᠡᠵᠦ᠂ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠵᠢᠭᠰᠠᠭᠠᠭᠳᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 14% ᠪᠠᠷ ᠨᠡᠮᠡᠭᠳᠡᠵᠦ᠂ ᠪᠦᠬᠦ | ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ 300 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ 358 | ᠳ᠋ᠦᠩᠰᠢᠭᠤᠷ ᠲᠥᠭᠦᠷᠢᠭ ᠲᠤ ᠬᠦᠷᠪᠡ᠃ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠬᠢᠵᠠᠭᠠᠷ ᠤᠨ ᠠᠵᠤ ᠠᠬᠤᠶᠢᠯᠠᠭ | 32 ᠡᠷᠦᠬᠡ ᠨᠡᠮᠡᠭᠳᠡᠵᠦ᠂ ᠲᠣᠭᠤᠷᠢᠭ ᠤᠨ ᠭᠠᠳᠠᠨᠠᠬᠢ ᠪᠡᠯᠡᠨ ᠪᠡᠯᠡ ᠮᠥᠩᠭᠦ ᠶᠢ 37.5 ᠳ᠋ᠦᠩᠰᠢᠭᠤᠷ ᠲᠥᠭᠦᠷᠢᠭ | ᠣᠷᠣᠭᠤᠯᠵᠤ ᠠᠪᠴᠢᠷᠠᠪᠠ᠃ | — ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠᠶᠢᠳᠠᠯ ᠢᠳᠡ ᠬᠦᠴᠦᠲᠡᠢ᠃ ᠰᠠᠯᠬᠢᠨ | ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠦᠢᠯᠡᠳᠬᠦᠨ ᠤ ᠥᠷᠲᠡᠭ 5 ᠳᠠᠬᠢᠨ ᠭᠠᠷᠤᠶ | ᠨᠡᠮᠡᠭᠳᠡᠵᠦ᠂ 110 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠬᠤᠲᠠ ᠶᠢᠨ ᠭᠤᠷᠪᠠᠨ ᠤ ᠬᠤᠶᠠᠷ ᠠᠴᠠ | ᠳᠡᠭᠡᠭᠰᠢᠬᠢ ᠶᠢ ᠡᠵᠡᠯᠡᠵᠦ᠂ ᠴᠦᠩᠴᠢᠩ ᠤᠨ ᠹᠧᠩ ᠳ᠋ᠦ᠋᠂ ᠰᠢᠶᠧ ᡁᠢ ᠴᠤᠸᠠᠩ᠂ ᠵᠦᠸᠧ ᠨᠧᠩ ᠴᠤᠸᠠᠩ᠂ ᠳ᠋ᠠ | ᠶᠢᠩ ᠴᠠᠬᠢᠯᠭᠠᠨ ᠬᠡᠢ ᠵᠡᠷᠭᠡ 19 ᠢᠵᠢ ᠪᠦᠷᠢᠳᠦᠭᠰᠡᠨ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ | ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ ᠬᠠᠮᠤᠭ ᠶᠡᠭᠡ ᠨᠥᠯᠥᠭᠡᠯᠡᠬᠦ ᠬᠦᠴᠦᠨ ᠲᠠᠢ ᠰᠠᠯᠬᠢᠨ ᠬᠦᠴᠦᠨ ᠤ | ᠴᠠᠬᠢᠯᠭᠠᠨ ᠤ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠪᠣᠯᠪᠠ᠃ ᠶᠠ ᠰᠢᠨ᠎ᠡ ᠭᠤᠷᠪᠠᠳᠤᠭᠠᠷ ᠬᠤᠭᠤᠴᠠᠭ᠎ᠠ᠂ | ᠴᠠᠩ ᠶᠤᠸᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠵᠦᠢᠯ ᠤᠷᠤᠭᠰᠢᠲᠠᠶ ᠠᠵᠢᠯ ᠡᠬᠢᠯᠡᠵᠦ᠂ | ᠲᠡᠩᠴᠡᠭᠦᠦ ᠲᠠᠶᠢᠪᠤᠩ ᠳᠠᠷᠤᠯᠲᠠ ᠶᠢᠨ ᠪᠠᠯ ᠴᠢᠯᠠᠭᠤ᠂ ᠰᠢᠶᠧ ᠰᠢᠨ ᠡᠨᠧᠷᠭᠢ ᠬᠠᠳᠠᠭᠠᠯᠠᠬᠤ ᠪᠠᠶᠢᠭᠤᠯᠤᠭᠳᠠᠨ | ᠠᠰᠢᠭᠯᠠᠯᠲᠠ ᠳᠤ ᠣᠷᠣᠵᠤ᠂ ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠬᠦ᠂ ᠪᠦᠦ ᠱᠢ ᠲᠡᠮᠦᠷ ᠵᠠᠮ ᠢ ᠰᠡᠷᠭᠦᠭᠡᠬᠦ | ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ᠂ ᠰᠢᠨ᠎ᠡ ᠠᠵᠤ ᠦᠢᠯᠡᠰ ᠤᠨ ᠦᠢᠯᠡᠳᠬᠦᠨ ᠤ | ᠥᠷᠲᠡᠭ ᠤᠨ ᠡᠵᠡᠯᠡᠬᠦ ᠬᠠᠷᠢᠴᠠᠯ 31% ᠳᠤ ᠬᠦᠷᠪᠡ᠃ ᠪᠥᠬᠦ ᠵᠢᠯ ᠳᠤ 500 ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ ᠦᠢᠯᠡᠳᠦᠭᠰᠡᠨ ᠦᠨ᠎ᠡ ᠶᠢ ᠠᠰᠠᠭᠤᠨ ᠯᠠᠪᠯᠠᠬᠤ᠂ ᠪᠣᠷᠣᠯᠠᠭᠤᠯᠭ᠎ᠠ ᠶᠢᠨ | ᠳᠠᠷᠠᠭᠠᠬᠢ ᠦᠢᠯᠡᠴᠢᠯᠡᠭᠡ ᠵᠡᠷᠭᠡ 8 ᠬᠦᠷᠢᠶᠡᠨ ᠳᠤ ᠮᠠᠨ ᠤ ᠲᠣᠭᠤᠷᠢᠭ ᠤᠨ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠪᠠᠷᠠᠭᠤᠨ ᠬᠤᠶᠢᠲᠤ ᠣᠷᠣᠨ ᠤ ᠬᠠᠮᠤᠭ ᠤᠨ ᠶᠡᠭᠡ | ᠨᠠᠪᠴᠢᠨ ᠢᠯᠳᠠᠰᠤ ᠪᠠᠶᠢᠴᠠᠭᠠᠨ ᠰᠢᠯᠭᠠᠬᠤ ᠭᠡᠷᠡᠴᠢᠯᠡᠯ ᠤᠨ ᠲᠠᠪᠴᠠᠩ ᠪᠠ ᠲᠤᠭ᠎ᠠ ᠪᠠᠷᠢᠮᠲᠠ ᠶᠢᠨ ᠲᠥᠪ ᠢ | ᠪᠠᠶᠢᠭᠤᠯᠤᠨ ᠠᠵᠢᠯᠯᠠᠭᠤᠯᠵᠤ᠂ ᠲᠡᠮᠦᠷ ᠵᠠᠮ ᠤᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ | ᠬᠦᠷᠢᠶᠡᠯᠡᠩ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ 17 ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠣᠷᠣᠯᠭ᠎ᠠ 1585 ᠲᠦᠮᠡᠨ ᠲᠥᠭᠦᠷᠢᠭ ᠪᠠᠶᠢᠵᠤ᠂ ᠰᠢᠭᠤᠶᠢᠲᠤ ᠲᠥᠮᠥᠰᠥ ᠨᠢ 2024 ᠣᠨ ᠤ ᠪᠥᠬᠦ | ᠤᠯᠤᠰ ᠤᠨ ᠠᠩᠬᠠᠳᠠᠭᠴᠢ ᠪᠦᠯᠦᠭ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ | ᠬᠤᠸᠠ ᠰᠢ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ | ᠣᠷᠣᠨ ᠤ ᠪᠠᠶ ᠶᠤᠸᠠᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠢᠶᠠᠷ | ᠰᠣᠩᠭᠤᠭᠳᠠᠪᠠ᠃ | — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠯᠣᠭᠰᠢᠪᠠ᠃ ︽ | ᠰᠢᠢᠳᠪᠦᠷᠢᠯᠡᠭᠳᠡᠬᠦᠢ ᠰᠡᠳᠬᠢᠬᠦᠶ︾ ᠪᠠᠷ ᠲᠦᠭᠵᠢᠷᠡᠯ ᠬᠦᠴᠢᠷᠳᠡᠯ ᠢ ᠰᠢᠪᠲᠤᠯᠵᠤ᠂ ᠦᠬᠦᠰᠢᠷᠡᠮᠡᠯ ᠠᠵᠤ | ᠠᠬᠤᠶᠢᠯᠠᠯ ᠤᠨ 1050 ᠮᠦ ᠬᠡᠷᠡᠭᠯᠡᠬᠦ ᠭᠠᠵᠠᠷ ᠢ ᠠᠮᠢᠳᠤᠯᠢᠭᠵᠢᠭᠤᠯᠵᠤ᠂ ︽ᠰᠢᠩᠭᠡᠯᠢᠭ ᠢᠶᠠᠨ ᠰᠤᠯᠠᠯᠠᠵᠤ | ᠰᠢᠪᠠᠭᠤ ᠪᠠᠨ ᠰᠣᠯᠢᠬᠤ︾ ᠪᠠᠷ 9 ᠠᠵᠤ ᠠᠬᠤᠶᠢᠯᠠᠯ ᠣᠷᠣᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ | ᠦᠭᠡᠢ ᠭᠠᠵᠠᠷ ᠰᠢᠷᠣᠢ ᠶᠢ 200 ᠮᠦ ᠰᠢᠢᠳᠪᠦᠷᠢᠯᠡᠪᠡ᠃ 3186 ᠬᠤᠪᠢ ︽12345︾ ᠬᠠᠯᠠᠮᠰᠢᠯ | ᠤᠲᠠᠰᠤ ᠶᠢᠨ ᠠᠵᠢᠯ ᠤᠨ ᠬᠠᠭᠤᠳᠠᠰᠤ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ | ᠳᠠᠭᠤᠰᠬᠠᠵᠤ᠂ ᠬᠠᠨᠤᠮᠵᠢ ᠶᠢᠨ ᠨᠣᠷᠮ᠎ᠠ 98.1% ᠳᠤ ᠬᠥᠷᠪᠡ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ | ᠪᠠᠶᠢᠭᠤᠯᠵᠤ᠂ ᠦᠯᠡᠳᠡᠭᠳᠡᠯ ᠠᠰᠠᠭᠤᠳᠠᠯ ᠳᠤ ᠰᠢᠭᠤᠳ ᠬᠠᠨᠳᠤᠵᠤ᠂ ᠬᠡᠯᠡᠭᠰᠡᠨ ᠳᠤ ᠪᠠᠨ ᠬᠦᠷᠬᠦ ᠶᠢ ᠪᠠᠷᠢᠮᠲᠠᠯᠠᠵᠤ᠂ | ᠨᠢᠭᠡ ᠪᠦᠯᠦᠭ ᠲᠡᠦᠬᠡᠨ ᠵᠥᠷᠢᠴᠡᠯ ᠢ ᠲᠣᠬᠢᠲᠠᠢ ᠰᠢᠢᠳᠪᠦᠷᠢᠯᠡᠵᠦ᠂ ︽ᠪᠣᠳᠠᠲᠤ ᠰᠡᠳᠬᠢᠯ ᠰᠢᠭᠤᠶᠢᠲᠤ ᠶᠢᠨ ᠰᠠᠨᠠᠭ᠎ᠠ︾ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠴᠥᠮ ᠨᠡᠷ᠎ᠡ ᠠᠯᠳᠠᠷ ᠲᠠᠢ ᠪᠠᠶᠢᠵᠤ᠂ ᠠᠵᠤ ᠠᠬᠤᠶᠢᠯᠠᠯ ᠤᠨ | ᠢᠲᠡᠭᠡᠯ ᠪᠠ ᠲᠤᠭ᠎ᠠ ᠬᠡᠮᠵᠢᠶ᠎ᠡ ᠡᠳᠦᠷ ᠢᠷᠡᠬᠦᠶ᠎ᠡ ᠨᠡᠮᠡᠭᠳᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠨᠢ ᠰᠢᠪᠲᠤᠯᠤᠯᠲᠠ ᠶᠢ ᠪᠡᠶᠡᠯᠡᠭᠦᠯᠵᠦ᠂ ᠭᠠᠵᠠᠷ ᠣᠷᠣᠨ ᠤ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠬᠦᠴᠦᠯᠡᠴᠡ ᠨᠢ ᠪᠦᠬᠦ ᠬᠤᠲᠠ ᠶᠢᠨ ᠳᠤᠮᠳᠠ ᠡᠩᠨᠡᠭᠡᠨ ᠳᠤ ᠣᠷᠣᠵᠤ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ | ᠱᠠᠩᠨᠠᠯ ᠤᠨ ᠪᠡᠯᠡ ᠮᠥᠩᠭᠦ ᠶᠢ 481% ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠴᠧᠩ ᠱᠢ ᠱᠧᠩ ᠮᠢᠩ ᠰᠢᠶᠠᠨ᠂ | ᠯᠦ ᠢ ᠵᠢᠩ ᠫᠦ᠋᠂ ᠶᠦᠨ ᠴᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠷᠦᠩ ᡁᠢ ᠿᠢ ᠰᠢᠨ 4 ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 27 ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠ ᠰᠢᠨ᠎ᠡ︾ ᠪᠠ ᠰᠢᠨ᠎ᠡ ᠶᠢ ᠡᠭᠦᠳᠬᠦ ᠬᠡᠯᠪᠡᠷᠢ ᠶᠢᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠨᠡᠷᠡᠰ ᠲᠤ | ᠣᠷᠣᠵᠤ᠂ ᠯᠢᠦᠢ ᠶᠤᠸᠠᠨ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠦᠨᠡᠯᠡᠭᠳᠡᠪᠡ᠃ | — ᠬᠥᠬᠡᠮᠳᠦᠭ ᠨᠣᠭᠤᠭᠠᠨ ᠠᠭᠤᠯᠠ ᠤᠰᠤ ᠨᠡᠩ ᠭᠦᠢᠴᠡᠳ ᠥᠩᠭᠡ ᠪᠦᠷᠢᠯᠳᠦᠪᠡ᠃ ᠥᠩᠭᠡᠷᠡᠭᠰᠡᠨ | ᠵᠢᠯ ᠤᠳ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠨᠠᠷᠢᠯᠢᠭ ᠣᠨᠣᠴᠠᠲᠠᠶ ᠬᠥᠷᠥᠭ ᠵᠢᠷᠤᠭ︾ ᠤᠨ 42 | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠷᠠᠳ ᠤᠨ ᠡᠮᠨᠡᠯᠭᠡ ᠶᠢᠨ ᠬᠤᠷᠢᠶᠠᠨ ᠤ ᠲᠡᠤᠬᠡᠨ ᠠᠴᠠ ᠦᠯᠡᠳᠡᠭᠳᠡᠵᠦ | ᠢᠷᠡᠭᠰᠡᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠭᠠᠷᠳᠠᠮ ᠤᠨ ᠠᠰᠠᠭᠤᠳᠠᠯ ᠢ ᠲᠡᠭᠦᠰ | ᠠᠮᠵᠢᠯᠲᠠ ᠲᠠᠢ ᠰᠢᠢᠳᠪᠦᠷᠢᠯᠡᠪᠡ᠃ ᠶᠠ ᠰᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ | ᠪᠤᠳᠠᠩᠲᠤ ᠭᠤᠣᠯ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠲᠦᠷᠭᠡᠳᠬᠡᠨ ᠲᠦᠯᠬᠢᠨ | ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠵᠢᠴᠢ ᠬᠥᠭᠡᠷᠭᠡ ᠶᠢᠨ ᠥᠷᠲᠡᠭᠡ ᠶᠢ | ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠳᠠᠭᠤᠰᠬᠠᠵᠤ᠂ ᠪᠥᠬᠦ ᠴᠠᠷᠠᠭᠠᠨ ᠳᠤ 4.5 ᠲᠦᠮᠡᠨ ᠪᠣᠰᠤᠭ᠎ᠠ | ᠳᠥᠷᠪᠡᠯᠵᠢᠨ ᠮᠧᠲᠷ ᠤᠰᠤ ᠠᠷᠪᠢᠯᠠᠵᠤ᠂ ᠶᠤᠸᠠᠨ ᠶᠦᠨ ᠽᠠᠢ ᠱᠧᠩ ᠨᠢ ᠥᠪᠡᠷᠲᠡᠭᠡᠨ ᠵᠠᠰᠠᠬᠤ ᠣᠷᠣᠨ ᠤ ︽ | ᠪᠣᠬᠢᠷᠲᠤᠯ ᠥᠬᠡᠶ ᠦᠢᠯᠡᠳᠪᠦᠷᠢ︾ ᠪᠠᠷ ᠦᠨᠡᠯᠡᠭᠳᠡᠪᠡ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ | ᠯᠠᠪᠳᠠᠭᠤᠨ ᠪᠠᠲᠤᠲᠠᠶ ᠲᠦᠯᠬᠢᠨ ᠲᠦᠯᠬᠢᠨ ᠠᠬᠢᠭᠤᠯᠵᠤ᠂ ᠪᠥᠬᠦ ᠲᠣᠭᠤᠷᠢᠭ ᠲᠤ ᠨᠣᠭᠤᠭᠠᠷᠠᠭᠤᠯᠤᠯᠲᠠ ᠶᠢᠨ | ᠲᠠᠯᠠᠪᠠᠶ ᠶᠢ 1 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 29 ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ᠂ | ᠵᠢᠪᠬᠤᠯᠠᠩᠲᠤ ᠰᠤᠮᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ ᠪᠠᠯᠭᠠᠰᠤ︾ ᠪᠠᠷ ᠦᠨᠡᠯᠡᠭᠳᠡᠪᠡ | ᠃ | — ᠬᠤᠲᠠ ᠬᠥᠳᠡᠭᠡ ᠶᠢᠨ ᠳᠦᠷᠢ ᠲᠥᠷᠬᠦ ᠦᠷᠭᠦᠯᠵᠢᠯᠡᠨ ᠰᠠᠶᠢᠵᠢᠷᠠᠪᠠ᠃ ᠠᠷᠠᠳ ᠤᠨ ᠡᠮᠨᠡᠯᠭᠡ ᠶᠢᠨ | ᠬᠤᠷᠢᠶ᠎ᠠ ᠪᠣᠯᠤᠨ ᠵᠢᠪᠬᠤᠯᠠᠩᠲᠤ ᠶᠡᠭᠡ ᠵᠡᠭᠡᠯᠢ ᠶᠢᠨ ᠬᠤᠶᠠᠷ ᠲᠠᠰᠤᠷᠬᠠᠶ ᠵᠠᠮ ᠢ ᠨᠡᠪᠲᠡᠷᠡᠭᠦᠯᠵᠦ᠂ ᠰᠢᠨ᠎ᠡ | ᠲᠣᠭᠤᠷᠢᠭ ᠤᠨ 4 ᠣᠷᠣᠵᠤ ᠭᠠᠷᠬᠤ ᠭᠠᠵᠠᠷ ᠤᠨ ᠴᠡᠭ ᠤᠨ ᠦᠵᠡᠮᠵᠢ ᠶᠢ ᠰᠢᠨ᠎ᠡ ᠪᠠᠷ ᠪᠠᠶᠢᠭᠤᠯᠵᠤ᠂ 210 ᠵᠠᠮ | ᠳᠠᠭᠠᠤ ᠪᠠ ᠪᠥᠬᠦ ᠲᠣᠭᠤᠷᠢᠭ ᠤᠨ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠭᠡ ᠪᠠᠷ ᠴᠡᠭᠴᠡᠯᠡᠨ | ᠵᠠᠰᠠᠵᠤ᠂ ᠬᠤᠲᠠ ᠶᠢᠨ ᠳᠦᠷᠰᠦ ᠪᠠᠶᠢᠳᠠᠯ ᠢ ᠢᠯᠡᠳᠲᠡ ᠳᠡᠭᠡᠭᠰᠢᠯᠡᠭᠦᠯᠪᠡ᠃ ᠬᠤᠲᠠ ᠶᠢᠨ ᠡᠵᠡᠩᠨᠡᠨ | ᠪᠣᠷᠣᠯᠠᠭᠤᠯᠤᠯᠲᠠ ᠶᠢᠨ ᠠᠵᠢᠯ ᠢ ᠥᠷᠨᠢᠭᠦᠯᠵᠦ᠂ ︽ᠦᠵᠡᠰᠬᠦᠯᠡᠩᠲᠦ ᠰᠢᠭᠤᠶᠢᠲᠤ • ᠰᠠᠭᠤᠷᠢᠰᠢᠬᠤ ᠳᠤ | ᠲᠣᠬᠢᠷᠠᠮᠵᠢᠲᠠᠢ ᠠᠮᠢ ᠠᠬᠤᠢ ᠶᠢᠨ ᠬᠤᠲᠠ︾ ᠬᠤᠲᠠ ᠶᠢᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ | ᠦᠷᠭᠦᠯᠵᠢᠯᠡᠨ ᠥᠷᠭᠡᠳᠭᠡᠪᠡ᠃ ᠠᠩᠬᠠᠨ ᠤ ᠠᠷᠠᠳ ᠲᠤ ᠳᠥᠭᠦᠮ ᠵᠠᠬ᠎ᠠ ᠳᠡᠯᠭᠡᠭᠦᠷ᠂ ᠠᠩᠬᠠᠨ ᠤ ᠬᠡᠯᠬᠢᠶ᠎ᠡ ᠬᠡᠲᠦ | ᠳᠡᠯᠭᠡᠭᠦᠷ᠂ ᠠᠩᠬᠠᠨ ᠤ ᠨᠢᠭᠡᠳᠦᠭᠡᠷ ᠹᠷᠣᠨᠲ ᠤᠨ ᠺᠢᠨᠣ᠋ ᠲᠢᠶᠠᠲᠷ᠂ ᠠᠩᠬᠠᠨ ᠤ ᠣᠳᠣᠬᠢᠴᠢᠯᠠᠭᠰᠠᠨ ᠨᠣᠮ ᠤᠨ ᠰᠠᠩ | ᠨᠢ ᠠᠰᠢᠭᠯᠠᠯᠲᠠ ᠳᠤ ᠣᠷᠣᠵᠠᠶ᠃ ᠬᠥᠳᠡᠭᠡ ᠲᠣᠰᠬᠤᠨ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠢᠯᠡᠳᠲᠡ ᠦᠷ᠎ᠡ | ᠪᠦᠲᠦᠮᠵᠢ ᠣᠯᠵᠤ᠂ ᠪᠥᠬᠦ ᠤᠯᠤᠰ ᠤᠨ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭᠠᠨ ᠤ ᠲᠡᠷᠢᠭᠦᠨ ᠤ | ᠬᠤᠰᠢᠭᠤ ᠰᠢᠶᠠᠨ ᠲᠣᠭᠤᠷᠢᠭ ᠢᠶᠠᠷ ᠦᠨᠡᠯᠡᠭᠳᠡᠪᠡ᠃ | — ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠮᠡᠳᠡᠷᠡᠭᠦᠯᠵᠦ ᠬᠦᠷᠲᠡᠭᠡᠪᠡ᠃ ᠠᠷᠠᠳ ᠤᠨ | ᠠᠮᠢᠳᠤᠷᠠᠯ ᠤᠨ 10 ᠰᠠᠶᠢᠨ ᠶᠠᠪᠤᠳᠠᠯ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠰᠤᠷᠭᠠᠨ ᠬᠥᠮᠦᠵᠢᠯ ᠢ | ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠠᠭ᠎ᠠ ᠰᠤᠷᠭᠠᠭᠤᠯᠢ ᠠᠴᠠ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠤᠤᠯ ᠤᠨ ᠴᠢᠩᠱᠠᠨ | ᠲᠣᠭᠤᠷᠢᠭ ᠤᠨ ᠬᠠᠮᠤᠭ ᠡᠴᠦᠰ ᠲᠤ ᠵᠢᠭᠰᠠᠭᠠᠭᠳᠠᠵᠤ ᠪᠠᠶᠢᠭᠰᠠᠨ ᠠᠴᠠ ᠳᠤᠮᠳᠠᠳᠤ ᠳᠡᠭᠡᠳᠦ ᠡᠩᠨᠡᠭᠡᠨ ᠳᠤ ᠣᠷᠣᠵᠤ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠶᠡᠭᠡ ᠪᠠᠷ ᠳᠡᠭᠡᠭᠰᠢᠯᠡᠵᠦ᠂ | ᠵᠢᠩᠬᠢᠨᠢ ᠠᠩᠭᠢ ᠳᠤ ᠤᠷᠤᠭᠰᠠᠨ ᠨᠣᠷᠮ᠎ᠠ ᠭᠤᠷᠪᠠᠨ ᠵᠢᠯ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ | ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢ ᠤᠷᠤᠭᠰᠢᠲᠠᠶ ᠪᠡᠶᠡᠯᠡᠭᠦᠯᠪᠡ᠃ ᠡᠮᠴᠢᠯᠡᠭᠡ ᠲᠦᠷᠭᠡᠨ ᠪᠥᠭᠡᠳ ᠲᠣᠭᠲᠠᠭᠤᠨ ᠪᠠᠶᠢᠳᠠᠯ ᠢ ᠡᠪᠳᠡᠵᠦ᠂ | ᠪᠥᠬᠦ ᠬᠤᠲᠠ ᠶᠢᠨ ᠠᠩᠬᠠᠳᠠᠭᠴᠢ ︽ᠬᠢᠲᠠᠳ ᠡᠮᠨᠡᠯᠭᠡ + ᠤᠶᠤᠨᠴᠢᠯᠠᠭᠰᠠᠨ︾ ᠡᠷᠡᠭᠦᠯᠵᠢᠯ ᠤᠨ ᠰᠠᠯᠠᠭ᠎ᠠ ᠶᠢ | ᠪᠠᠶᠢᠭᠤᠯᠤᠨ ᠡᠵᠡᠩᠨᠡᠯᠲᠡ ᠪᠠᠨ ᠡᠬᠢᠯᠡᠭᠦᠯᠵᠦ᠂ ᠡᠮᠨᠡᠯᠭᠡ ᠶᠢᠨ ᠬᠤᠷᠢᠶᠠᠨ ᠤ ᠡᠮᠨᠡᠭᠦᠯᠦᠭᠰᠡᠨ ᠬᠥᠮᠦᠨ ᠤ ᠲᠤᠭ᠎ᠠ 1.6 | ᠲᠦᠮᠡᠨ ᠬᠥᠮᠦᠨ ᠤᠳᠠᠭ᠎ᠠ ᠶᠢ ᠳᠠᠪᠠᠵᠤ᠂ ᠣᠷᠣᠯᠭ᠎ᠠ 730 ᠭᠠᠷᠤᠶ ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 68 % ᠪᠠᠷ ᠨᠡᠮᠡᠭᠳᠡᠪᠡ᠃ ᠰᠣᠶᠣᠯ ᠵᠢᠭᠤᠯᠴᠢᠯᠠᠯ ᠤᠯᠠᠨ ᠲᠠᠯ᠎ᠠ ᠶᠢ ᠳᠠᠪᠠᠵᠤ᠂ ︽ᠳ᠋ᠠ | ᠹᠠ1913︾ ᠤᠨᠴᠠᠯᠢᠬᠳᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠨᠢᠭᠡᠳᠦᠭᠡᠷ ᠬᠤᠭᠤᠴᠠᠭ᠎ᠠ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠢᠩ ᠱᠠᠨ ᠲᠣᠰᠬᠤᠨ᠂ ᠪᠠᠳᠺᠠᠷ ᠵᠤᠤ ᠶᠢᠨ ᠦᠵᠡᠮᠵᠢ ᠶᠢᠨ ᠣᠷᠣᠨ | ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠵᠤ᠂ ᠨᠡᠶᠢᠳᠡ | 152 ᠲᠦᠮᠡᠨ ᠬᠥᠮᠦᠨ ᠤᠳᠠᠭ᠎ᠠ ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ | ᠣᠷᠣᠯᠭ᠎ᠠ 6 ᠳ᠋ᠦᠩᠰᠢᠭᠤᠷ ᠲᠥᠭᠦᠷᠢᠭ ᠲᠤ ᠬᠦᠷᠪᠡ᠃ 5 ᠬᠠᠭᠤᠴᠢᠨ ᠬᠤᠷᠢᠶᠠᠯᠠᠯ ᠢ ᠵᠠᠰᠠᠨ ᠰᠢᠨᠡᠳᠬᠡᠵᠦ᠂ ᠷᠧᠨ | ᠸᠧᠢ ᠭᠤᠳᠤᠮᠵᠢ ᠶᠢᠨ 30 ᠡᠷᠦᠬᠡ ᠰᠠᠭᠤᠭᠠᠯᠢ ᠠᠷᠠᠳ ᠢ ᠠᠰᠠᠷ ᠲᠤ ᠨᠡᠭᠦᠯᠭᠡᠵᠦ ᠤᠷᠤᠭᠤᠯᠪᠠ᠃ 12 ᠢᠯᠴᠢ | ᠰᠣᠯᠢᠬᠤ ᠥᠷᠲᠡᠭᠡ ᠶᠢ ᠳᠡᠰ ᠳᠡᠪᠰᠢᠭᠦᠯᠦᠨ ᠥᠭᠡᠷᠡᠴᠢᠯᠡᠵᠦ᠂ 75 ᠺᠢᠯᠣᠮᠧᠲᠷ ᠤᠨ ᠬᠤᠭᠤᠯᠠᠶ ᠶᠢᠨ ᠲᠣᠤᠷ ᠢ | ᠰᠢᠨ᠎ᠡ ᠪᠠᠷ ᠪᠠᠶᠢᠭᠤᠯᠤᠨ ᠥᠭᠡᠷᠡᠴᠢᠯᠡᠨ ᠪᠠᠶᠢᠭᠤᠯᠵᠤ᠂ ᠳᠤᠯᠠᠭᠠᠯᠠᠭ᠎ᠠ ᠶᠢᠨ ᠢᠨᠵᠧᠨᠧᠷᠢᠩ ᠢᠯᠡᠷᠬᠡᠶ ᠠᠮᠵᠢᠯᠲᠠ ᠣᠯᠪᠠ | ᠃ ᠪᠠᠳᠺᠠᠷ ᠵᠣᠣ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠲᠥᠪ ᠢ ᠪᠠᠢᠭᠤᠯᠤᠨ᠂ ᠡᠷᠭᠢᠨ ᠲᠣᠭᠤᠷᠢᠨ ᠤ 1000 ᠭᠠᠷᠤᠢ ᠨᠠᠰᠤᠲᠠᠢᠴᠤᠳ ᠲᠤ ᠠᠰᠢᠭ ᠬᠦᠷᠲᠡᠭᠡᠪᠡ | ᠃ ᠣᠶ ᠰᠢᠭᠤᠶ ᠬᠠᠮᠠᠭᠠᠯᠠᠭᠴᠢ ᠶᠢᠨ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠤᠰᠠᠯᠠᠬᠤ ᠴᠠᠭᠳᠠᠭ᠎ᠠ ᠵᠢᠴᠢ | ᠭᠡᠷ᠎ᠡ ᠶᠢᠨ ᠲᠦᠷᠢᠮ ᠤᠨ ᠬᠠᠷᠠᠭᠠᠯᠵᠠᠯ ᠢ ᠪᠣᠳᠠᠲᠠᠶᠢᠵᠢᠭᠤᠯᠬᠤ᠂ ᠲᠤᠰᠬᠠᠶ ᠲᠤᠰᠢᠶᠠᠯᠲᠤ ᠲᠣᠣᠷᠠᠯᠵᠢ ᠶᠢᠨ ᠠᠵᠢᠯᠲᠠᠨ ᠤ | ᠴᠠᠯᠢᠩ ᠢ ᠢᠵᠢ ᠪᠦᠷᠢᠳᠦᠭᠦᠯᠦᠨ ᠥᠭᠡᠷᠡᠴᠢᠯᠡᠬᠦ᠂ ᠠᠵᠢᠯ ᠦᠢᠯᠡᠰ ᠤᠨ ᠠᠵᠢᠯᠲᠠᠨ ᠤ ᠠᠵᠢᠯᠲᠠᠨ ᠤ ᠵᠡᠷᠭᠡ ᠳᠡᠰ ᠢ | ᠯᠠᠪᠯᠠᠯᠲᠠ ᠪᠣᠯᠭᠠᠨ ᠳᠡᠭᠡᠭᠰᠢᠯᠡᠭᠦᠯᠬᠦ ᠶᠢ ᠡᠬᠢᠯᠡᠭᠦᠯᠪᠡ᠃ ᠨᠡᠶᠢᠲᠡ 38 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭᠠᠨ ᠢᠯᠡᠳᠲᠡ ᠦᠷ᠎ᠡ ᠪᠦᠲᠦᠮᠵᠢ ᠣᠯᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ | ᠠᠷᠢᠯᠭᠠᠪᠠ᠃ ᠲᠣᠭᠤᠷᠢᠭ ᠤᠨ ᠳᠡᠰ ᠤᠨ ᠶᠡᠷᠦᠩᠬᠡᠶᠢᠯᠡᠨ ᠵᠠᠰᠠᠬᠤ ᠲᠥᠪ ᠢ ᠪᠣᠳᠠᠲᠤ ᠴᠣᠭᠴᠠᠵᠢᠭᠤᠯᠤᠨ | ᠠᠵᠢᠯᠯᠠᠭᠤᠯᠵᠤ᠂ ᠳᠥᠷᠪᠡᠳᠦᠭᠡᠷ ᠳᠡᠰ ᠤᠨ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ 42.1% ᠪᠠᠷ | ᠪᠠᠭᠤᠷᠠᠪᠠ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠳᠠᠷᠤᠩᠭᠤᠶᠢᠯᠠᠨ ᠰᠢᠢᠳᠬᠡᠵᠦ᠂ | ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠴᠠᠭᠳᠠᠭ᠎ᠠ ᠶᠢᠨ ᠪᠠᠶᠢᠳᠠᠯ ᠬᠤᠣᠰ ᠢᠶᠠᠷ ᠪᠠᠭᠤᠷᠠᠪᠠ᠃ ᠥᠭᠴᠡᠭᠡᠨ ᠤ | ᠨᠣᠷᠮ᠎ᠠ ᠶᠢ 125 ᠵᠠᠭᠤᠨ ᠤ ᠴᠡᠭ ᠪᠠᠭᠤᠷᠠᠭᠤᠯᠵᠤ᠂ ︽ᠦᠷᠢ ᠶᠢ ᠪᠤᠴᠠᠭᠠᠬᠤ︾ ᠬᠠᠷᠠᠯᠲᠠ ᠶᠢ ᠤᠷᠤᠭᠰᠢᠲᠠᠶ | ᠪᠡᠶᠡᠯᠡᠭᠦᠯᠪᠡ᠃ ᠢᠯᠠᠩᠭᠤᠶ᠎ᠠ ᠪᠢᠳᠡ ᠪᠣᠳᠠᠲᠤ ᠠᠵᠢᠯ ᠤᠨ ᠳᠤᠮᠳᠠ ᠡᠩᠨᠡᠭᠡ ᠶᠢ ᠪᠠᠶᠢᠭᠤᠯᠵᠤ᠂ ᠪᠣᠳᠠᠲᠠᠢ | ᠠᠵᠢᠯᠯᠠᠬᠤ ᠶᠢ ᠠᠳᠬᠤᠬᠤ ᠳᠤᠮᠳᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ︽ᠪᠣᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ ᠲᠤᠰᠬᠠᠢ | ᠰᠡᠳᠦᠪᠲᠦ ᠠᠵᠢᠯᠯᠠᠭ᠎ᠠ ᠯᠤᠭ᠎ᠠ ᠤᠶᠠᠯᠳᠤᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠪᠦᠬᠦ | ᠲᠠᠯ᠎ᠠ ᠪᠠᠷ ᠬᠥᠭᠵᠢᠭᠡᠵᠦ᠂ ᠨᠢᠭᠡᠯᠬᠡᠨ ᠰᠠᠷ᠎ᠠ ᠳᠤ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 12 ᠲᠦᠮᠡᠨ ᠲᠡᠭᠰᠢ | ᠳᠥᠷᠪᠡᠯᠵᠢᠨ ᠮᠧᠲᠷ ᠤᠨ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠵᠤ᠂ ᠲᠤᠯᠤᠭᠠᠨ ᠡᠳᠦᠷ ᠲᠤ 37 ᠪᠤᠩᠬᠤᠨ ᠢ | ᠲᠥᠪᠬᠢᠨᠡᠭᠦᠯᠬᠦ ᠶᠢ ᠪᠡᠶᠡᠯᠡᠭᠦᠯᠵᠦ᠂ ᠠᠷᠪᠠᠨ ᠡᠳᠦᠷ ᠲᠤ 40 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠰᠢᠷᠣᠢ | ᠴᠢᠯᠠᠭᠤᠨ ᠤ ᠲᠠᠯᠠᠪᠠᠢ ᠶᠢ ᠪᠡᠶᠡᠯᠡᠭᠦᠯᠵᠦ᠂ ᠨᠢᠭᠡ ᠰᠠᠷ᠎ᠠ ᠳᠤ ᠷᠧᠨ ᠸᠧᠢ ᠭᠤᠳᠤᠮᠵᠢ ᠶᠢ ᠨᠡᠭᠦᠯᠭᠡᠨ ᠲᠥᠪᠬᠢᠨᠡᠭᠦᠯᠬᠦ ᠶᠢ | ᠪᠡᠶᠡᠯᠡᠭᠦᠯᠵᠦ᠂ ᠬᠤᠶᠠᠷ ᠰᠠᠷ᠎ᠠ ᠳᠤ ︽ᠳ᠋ᠠ ᠹᠠ1913︾ ᠶᠢ ᠠᠰᠢᠭᠯᠠᠯᠲᠠ ᠳᠤ ᠣᠷᠣᠭᠤᠯᠵᠤ ᠡᠵᠡᠩᠨᠡᠬᠦ ᠶᠢ | ᠪᠡᠶᠡᠯᠡᠭᠦᠯᠵᠦ᠂ ᠬᠤᠶᠠᠷ ᠰᠠᠷ᠎ᠠ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠤᠨ ᠥᠭᠴᠦ᠂ | ᠬᠥᠮᠦᠨ ᠢ ᠰᠣᠴᠢᠭᠠᠮ᠎ᠠ ︽ᠰᠢᠭᠤᠶᠢᠲᠤ ᠶᠢᠨ ᠬᠤᠷᠳᠤᠴᠠ︾ ᠶᠢ ᠡᠭᠦᠳᠪᠡ᠃ ᠡᠭᠦᠨ ᠤ ᠬᠠᠮᠲᠤ᠂ ᠪᠢᠳᠡ ︽ | ᠠᠷᠪᠢᠯᠠᠨ ᠭᠠᠮᠨᠠᠵᠤ ᠠᠮᠢᠳᠤᠷᠠᠬᠤ︾ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ | ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠵᠤ᠂ ᠨᠡᠶᠢᠲᠡ 300 ᠭᠠᠷᠤᠶ ᠮᠥ ᠭᠠᠵᠠᠷ ᠰᠢᠷᠣᠶ ᠶᠢ ᠠᠷᠪᠢᠯᠠᠵᠤ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ | ᠳ᠋ᠦᠩᠰᠢᠭᠤᠷ ᠰᠢᠬᠠᠮ ᠲᠥᠭᠦᠷᠢᠭ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠶᠢ ᠬᠢᠨᠠᠮᠠᠭᠠᠶ ᠬᠦᠯᠢᠶᠡᠵᠦ᠂ ᠴᠢᠬᠤᠯᠠ | ᠶᠡᠭᠡ ᠵᠦᠢᠯᠡᠰ ᠤᠨ ᠲᠤᠬᠠᠶ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠯ᠎ᠡ | ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠭᠦᠢᠴᠡᠳᠬᠡᠨ ᠬᠠᠷᠢᠭᠤᠯᠲᠠ ᠥᠭᠪᠡ᠃ | ᠲᠥᠯᠥᠭᠡᠯᠡᠭᠴᠢᠳ ᠡ᠂ ᠡᠨᠡ ᠨᠢᠭᠡ ᠵᠢᠯ ᠢᠶᠠᠨ ᠡᠷᠭᠢᠴᠡᠭᠦᠯᠬᠦ ᠶᠢᠨ ᠬᠠᠮᠲᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠡᠬᠢᠨ ᠤ ᠦᠶ᠎ᠡ ᠪᠠᠨ ᠪᠠᠷᠯᠠᠪᠠᠯ᠂ ᠪᠢᠳᠡ ᠮᠠᠰᠢ ᠰᠡᠳᠬᠢᠯ ᠳᠣᠭᠳᠣᠯᠤᠨ᠎ᠠ᠂ ᠠᠬ᠎ᠠ ᠳᠡᠭᠦᠦ | ᠬᠤᠰᠢᠭᠤ ᠰᠢᠶᠠᠨ ᠤ ᠬᠠᠷᠢᠯᠴᠠᠨ ᠤᠷᠤᠯᠳᠤᠬᠤ ᠬᠤᠷᠴᠠ ᠰᠢᠷᠦᠭᠦᠨ ᠥᠷᠢᠰᠥᠯᠳᠦᠭᠡᠨ ᠤ ᠪᠠᠶᠢᠳᠠᠯ ᠪᠣᠯᠤᠨ ᠪᠦᠬᠦ | ᠲᠣᠭᠤᠷᠢᠭ ᠤᠨ ᠺᠠᠳ᠋ᠷ ᠤᠯᠠᠨ ᠲᠦᠮᠡᠨ ᠤ ᠬᠦᠰᠡᠯ ᠡᠷᠡᠮᠡᠯᠵᠡᠯ ᠤᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠬᠤᠰᠢᠭᠤᠴᠢ ᠣᠷᠣᠨ ᠢ ᠪᠠᠶᠢᠭᠤᠯᠬᠤ ᠶᠢ ᠲᠣᠳᠣᠷᠬᠠᠢ ᠳᠤᠷᠠᠳᠴᠤ᠂ ᠪᠦᠬᠦ ᠲᠣᠭᠤᠷᠢᠭ | ᠤᠨ ᠬᠢᠨ ᠢ ᠪᠦᠯᠬᠦᠮᠳᠡᠭᠦᠯᠦᠨ ᠳᠠᠭᠠᠭᠤᠯᠵᠤ ᠬᠥᠷᠥᠩᠭᠡ ᠪᠠᠨ ᠰᠡᠭᠰᠦᠷᠴᠦ᠂ ᠴᠠᠭ ᠮᠥᠴᠡ ᠶᠢ ᠠᠮᠵᠢᠵᠤ᠂ ᠤᠷᠢᠳ | ᠬᠤᠵᠢᠳ ᠰᠢᠪᠲᠤᠯᠤᠯᠲᠠ ᠶᠢᠨ ᠴᠢᠨᠠᠷᠲᠠᠢ ᠠᠬᠢᠴᠠ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠭᠡᠬᠦ ᠬᠤᠶᠠᠷ | ᠶᠡᠭᠡ ᠪᠣᠭᠤᠮᠲᠠ ᠶᠢ ᠰᠢᠪᠲᠤᠯᠵᠤ᠂ ᠨᠢᠳᠤᠨᠤᠨ ᠪᠠᠰᠠ ᠰᠢᠰᠲ᠋ᠧᠮ ᠲᠠᠢ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠡᠨᠡ | ᠵᠠᠮ ᠤᠨ ᠬᠠᠷᠰᠢ ᠰᠠᠭᠠᠳ ᠢ ᠢᠯᠠᠨ ᠳᠠᠪᠠᠵᠤ᠂ ᠪᠡᠷᠬᠡ ᠬᠠᠲᠠᠭᠤᠵᠢᠯᠲᠤ ᠬᠥᠭᠵᠢᠯᠲᠡ ᠳᠤ ᠪᠠᠲᠤ ᠪᠠᠬᠢ ᠪᠣᠳᠠᠰ ᠤᠨ | ᠰᠠᠭᠤᠷᠢ ᠶᠢ ᠲᠠᠯᠪᠢᠵᠤ᠂ ᠪᠠᠰᠠ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠬᠦᠴᠦᠨ ᠢ ᠬᠥᠪᠴᠢᠯᠡᠭᠰᠡᠨ ᠪᠠᠶᠢᠨ᠎ᠠ᠃ | ᠶᠠᠭ ᠪᠦᠬᠦ ᠣᠷᠣᠨ ᠳᠠᠶᠠᠭᠠᠷ ᠴᠢᠷᠮᠠᠶᠢᠨ ᠲᠡᠮᠡᠴᠡᠵᠦ᠂ ᠬᠠᠮᠲᠤ ᠪᠠᠷ ᠠᠵᠢᠯᠯᠠᠵᠤ᠂ ᠰᠡᠳᠭᠢᠯ ᠨᠢᠭᠡᠳᠦᠨ ᠬᠦᠴᠦ ᠪᠠᠨ | ᠬᠠᠮᠲᠤᠳᠬᠠᠨ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠴᠦ᠂ ᠰᠢᠭᠤᠶᠢᠲᠤ ᠶᠢ ᠪᠢᠳᠡᠨ ᠤ ᠬᠦᠰᠡᠭᠰᠡᠨ | ᠶᠣᠰᠣᠭᠠᠷ ᠬᠤᠪᠢᠷᠠᠭᠤᠯᠪᠠ︕ ᠠᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ | ᠰᠢᠭᠤᠶᠢᠲᠤ ᠲᠣᠭᠤᠷᠢᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠣᠶ ᠪᠥᠬᠦᠶ ᠨᠥᠬᠦᠳ ᠲᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠡᠭᠦᠨ ᠤ ᠬᠠᠮᠲᠤ᠂ ᠪᠢᠳᠡ ᠪᠠᠰᠠ ᠬᠥᠭᠵᠢᠯᠲᠡ ᠶᠢᠨ ᠳᠤᠮᠳᠠᠬᠢ ᠠᠰᠠᠭᠤᠳᠠᠯ ᠪᠠᠰᠠ ᠮᠠᠰᠢ ᠣᠯᠠᠨ ᠪᠠᠶᠢᠵᠤ᠂ | ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠯ ᠪᠠᠰᠠ ᠨᠡᠯᠢᠶᠡᠳ ᠪᠠᠭᠤᠷᠠᠶ᠂ ᠠᠵᠤ ᠦᠢᠯᠡᠰ | ᠤᠨ ᠬᠡᠯᠪᠡᠷᠢ ᠪᠠᠨ ᠬᠤᠪᠢᠷᠠᠭᠤᠯᠬᠤ ᠨᠢ ᠵᠥᠪᠬᠡᠨ ᠠᠩᠬ᠎ᠠ ᠠᠯᠬᠤᠮ ᠤᠨ ᠦᠷ᠎ᠡ ᠪᠦᠲᠦᠮᠵᠢ ᠣᠯᠤᠭᠰᠠᠨ ᠲᠡᠳᠦᠢ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠷ᠎ᠡ ᠪᠦᠲᠦᠭᠡᠯ ᠨᠢ ᠪᠠᠰᠠ ᠢᠯᠡᠷᠬᠡᠶ ᠪᠢᠰᠢ᠂ ᠪᠡᠯᠭᠡ ᠲᠡᠮᠳᠡᠭ | ᠤᠨ ᠴᠢᠨᠠᠷᠲᠠᠢ᠂ ᠳᠠᠶᠢᠴᠢᠯᠠᠬᠤ ᠴᠢᠨᠠᠷᠲᠠᠢ᠂ ᠨᠥᠯᠥᠭᠡᠯᠡᠬᠦ ᠬᠦᠴᠦᠨ ᠲᠠᠢ ᠲᠣᠮᠣ ᠲᠥᠷᠥᠯ ᠵᠦᠢᠯ ᠪᠠ ᠰᠠᠶᠢᠨ | ᠲᠥᠷᠥᠯ ᠵᠦᠢᠯ ᠪᠠᠰᠠ ᠣᠯᠠᠨ ᠪᠢᠰᠢ᠂ ᠬᠤᠲᠠ ᠶᠢᠨ ᠬᠥᠮᠦᠨ ᠠᠮᠠ ᠨᠡᠶᠢᠭᠡᠮ ᠤᠨ ᠬᠦᠴᠦᠨ ᠵᠦᠢᠯ ᠪᠦᠷ | ᠪᠠᠳᠠᠷᠠᠩᠭᠤᠢ ᠪᠢᠰᠢ᠂ ᠬᠥᠢᠲᠡᠮᠰᠦᠭ᠂ ᠬᠠᠭᠤᠴᠢᠨ ᠰᠠᠭᠤᠷᠢᠨ ᠭᠠᠵᠠᠷ ᠪᠠ ᠲᠠᠷᠢᠶᠠᠯᠠᠬᠤ ᠣᠷᠣᠨ ᠡᠳᠦᠷ ᠢᠷᠡᠬᠦᠶ᠎ᠡ | ᠮᠠᠭᠤᠵᠢᠷᠠᠵᠤ᠂ ᠤᠳᠠᠯ ᠦᠭᠡᠢ ︽ᠮᠠᠷᠲᠠᠭᠳᠠᠰᠢ ᠦᠭᠡᠢ ᠪᠤᠯᠤᠩ︾ ᠪᠣᠯᠵᠤ᠂ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠢᠷᠢ ᠬᠡᠮᠵᠢᠶ᠎ᠡ ᠪᠠᠰᠠ ᠣᠯᠠᠨ ᠲᠦᠮᠡᠨ ᠤ ᠬᠡᠷᠡᠭᠴᠡᠭᠡ ᠶᠢ ᠬᠤᠯᠠ | ᠬᠠᠩᠭᠠᠵᠤ ᠴᠢᠳᠠᠬᠤ ᠦᠭᠡᠢ᠂ ᠬᠡᠰᠡᠭ ᠨᠢᠭᠡᠴᠢ ᠪᠠ ᠺᠠᠳ᠋ᠷ ᠠᠵᠢᠯᠲᠠᠨ ᠠᠵᠢᠯᠴᠢᠨ ᠤ ᠵᠣᠷᠢᠯᠲᠠ ᠶᠢᠨ ᠦᠵᠡᠯ | ᠤᠬᠠᠮᠰᠠᠷ᠂ ᠬᠠᠮᠵᠢᠯᠴᠠᠬᠤ ᠦᠵᠡᠯ ᠤᠬᠠᠮᠰᠠᠷ ᠴᠢᠩᠭ᠎ᠠ ᠪᠤᠰᠤ᠂ ᠵᠠᠷᠢᠮ ᠵᠣᠷᠢᠭ ᠰᠠᠨᠠᠭᠠᠨ ᠤ ᠪᠠᠶᠢᠳᠠᠯ ᠳᠤ ᠪᠠᠰᠠ | ᠠᠰᠠᠭᠤᠳᠠᠯ ᠣᠷᠣᠰᠢᠵᠤ᠂ ᠪᠤᠰᠤᠳ ᠬᠥᠮᠦᠨ ᠠᠵᠢᠯᠯᠠᠵᠤ᠂ ᠲᠡᠷᠡ ᠦᠵᠡᠵᠦ ᠪᠠᠶᠢᠬᠤ ᠵᠡᠷᠭᠡ ᠪᠣᠢ᠃ ᠡᠳᠡᠭᠡᠷ | ᠠᠰᠠᠭᠤᠳᠠᠯ ᠢ ᠪᠢᠳᠡ ᠨᠢᠭᠡᠨᠲᠡ ᠣᠯᠵᠤ ᠮᠡᠳᠡᠭᠰᠡᠨ ᠪᠣᠯᠬᠤᠷ ᠯᠠᠪᠲᠠᠢ ᠶᠡᠭᠡ ᠬᠦᠴᠦ ᠣᠷᠣᠭᠤᠯᠵᠤ ᠪᠠᠶᠢᠭᠠᠳ | ᠰᠢᠢᠳᠪᠦᠷᠢᠯᠡᠨ᠎ᠡ᠃ | ᠲᠥᠯᠥᠭᠡᠯᠡᠭᠴᠢᠳ ᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠣᠯ ᠬᠢᠵᠦ | ᠭᠠᠷᠭᠠᠭᠰᠠᠨ ᠶᠤᠮ᠂ ᠰᠢᠨ᠎ᠡ ᠰᠢᠭᠤᠶᠢᠲᠤ ᠰᠢᠨ᠎ᠡ ᠵᠢᠷᠤᠭ ᠢ ᠴᠤ ᠪᠠᠰᠠ ᠬᠢᠵᠦ ᠭᠠᠷᠭᠠᠭᠰᠠᠨ ᠶᠤᠮ︕ ᠥᠩᠭᠡᠷᠡᠭᠰᠡᠨ | ᠨᠢᠭᠡ ᠵᠢᠯ ᠳᠤ᠂ ᠪᠢᠳᠡ ᠡᠷᠡᠰ ᠪᠠᠲᠤ ᠵᠣᠷᠢᠭ ᠰᠠᠨᠠᠭ᠎ᠠ᠂ ᠡᠷᠡᠰ ᠰᠢᠭᠤᠷᠬᠠᠢ ᠠᠵᠢᠯᠯᠠᠭ᠎ᠠ᠂ ᠯᠠᠪᠳᠠᠭᠤᠨ ᠪᠠᠲᠤᠲᠠᠢ | ᠠᠯᠬᠤᠭ᠎ᠠ ᠪᠠᠷ ᠬᠠᠷᠠᠭᠳᠠᠵᠤ ᠪᠠᠶᠢᠭ᠎ᠠ ᠰᠢᠭ᠋ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠠᠯᠠᠭᠤᠨ ᠠᠭᠤᠷ | ᠠᠮᠢᠰᠬᠤᠯ ᠢᠶᠠᠷ ᠪᠢᠯᠬᠠᠵᠤ᠂ ᠴᠡᠴᠡᠭᠯᠡᠨ ᠬᠥᠭᠵᠢᠭᠰᠡᠨ ᠰᠢᠭᠤᠶᠢᠲᠤ ᠶᠢ ᠳᠡᠯᠡᠬᠡᠢ ᠶᠢᠨ ᠬᠥᠮᠦᠰ ᠤᠨ ᠡᠮᠦᠨ᠎ᠡ ᠳᠡᠯᠭᠡᠨ | ᠦᠵᠡᠭᠦᠯᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠡᠯ᠎ᠡ ᠲᠠᠯ᠎ᠠ ᠶᠢᠨ ᠬᠢᠨ | ︽ᠬᠤᠷᠢᠶᠠᠯᠠᠯ ᠪᠠᠰᠠ ᠶᠡᠭᠡ ᠵᠢᠳᠬᠦᠯ ᠴᠢᠷᠮᠠᠶᠢᠯᠭ᠎ᠠ ᠲᠠᠢ︾ ᠭᠡᠵᠦ ᠣᠯᠠᠨᠲᠠ ᠮᠠᠭᠲᠠᠨ ᠰᠠᠶᠢᠰᠢᠶᠠᠪᠠ᠃ ᠮᠠᠨ ᠤ | ᠰᠢᠭᠤᠶᠢᠲᠤ ᠲᠣᠭᠤᠷᠢᠭ ᠪᠣᠯ ᠠᠵᠢᠯ ᠬᠢᠵᠦ ᠴᠢᠳᠠᠬᠤ ᠪᠥᠭᠡᠳ ᠠᠵᠢᠯ ᠪᠦᠲᠦᠭᠡᠵᠦ ᠴᠢᠳᠠᠬᠤ ᠶᠢ ᠪᠣᠳᠠᠲᠤ ᠬᠡᠷᠡᠭ | ᠭᠡᠷᠡᠴᠢᠯᠡᠪᠡ︕ ᠪᠢᠳᠡ ᠵᠠᠪᠠᠯ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠦᠨ ᠴᠢᠳᠠᠯ ᠢᠶᠠᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠶᠢᠷᠠᠯᠠᠬᠤ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠳᠡᠭᠡᠷ᠎ᠡ ᠬᠡᠷᠡᠭᠯᠡᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠭᠤᠶᠢᠲᠤ ᠣᠷᠣᠨ ᠢ ᠮᠡᠬᠡᠯᠡᠨ ᠬᠤᠳᠠᠯᠳᠤᠬᠤ ᠶᠢ ᠲᠠᠬᠢᠨ ᠶᠡᠭᠡ | ᠬᠡᠮᠵᠢᠶ᠎ᠡ ᠪᠠᠷ ᠲᠦᠯᠬᠢᠨ ᠠᠬᠢᠭᠤᠯᠵᠤ᠂ ᠮᠠᠨ ᠤ ᠪᠦᠬᠦ ᠰᠢᠭᠤᠶᠢᠲᠤ ᠲᠣᠭᠤᠷᠢᠭ ᠤᠨ ᠬᠥᠮᠦᠰ ᠢ ᠨᠡᠩ ᠣᠮᠣᠭᠰᠢᠵᠤ᠂ | ᠨᠡᠩ ᠢᠷᠠᠭᠤ ᠠᠯᠳᠠᠷ ᠲᠠᠢ ᠪᠣᠯᠭᠠᠬᠤ ᠬᠡᠷᠡᠭᠲᠡᠢ︕ | ᠬᠤᠶᠠᠷ᠂ 2025 ᠣᠨ ᠳᠤ ᠡᠷᠡᠯᠬᠡᠭᠯᠡᠨᠤᠷᠤᠭᠰᠢᠯᠠᠵᠤ᠂ ᠪᠢᠳᠡ ᠡᠷᠬᠡᠪᠰᠢ ᠲᠡᠮᠡᠴᠡᠯ ᠤᠨ ᠵᠣᠷᠢᠭ ᠢᠶᠠᠨ | ᠬᠥᠪᠴᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠲᠡᠦᠬᠡᠲᠦ ᠴᠢᠨᠠᠷᠲᠠᠢ ᠳᠠᠪᠠᠯᠲᠠ ᠶᠢᠨ ᠬᠠᠷᠠᠯᠲᠠ ᠶᠢ ᠡᠷᠡᠰ | ᠪᠡᠶᠡᠯᠡᠭᠦᠯᠬᠦ ᠬᠡᠷᠡᠭᠲᠡᠢ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠭᠤᠰᠬᠤ ᠵᠢᠯ | ᠪᠣᠯᠤᠨ᠎ᠠ᠂ ᠨᠡᠩ ᠴᠤ ᠮᠠᠨ ᠤ ᠰᠢᠭᠤᠶᠢᠲᠤ ᠨᠢ ᠰᠢᠨ᠎ᠡ ᠳᠡᠭᠲᠡᠷ ᠲᠤ ᠵᠣᠭᠰᠣᠵᠤ᠂ ᠨᠡᠩ ᠥᠨᠳᠥᠷ ᠬᠠᠷᠠᠯᠲᠠ ᠲᠡᠶᠢᠰᠢ | ᠤᠷᠤᠭᠰᠢᠯᠠᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠲᠤᠭᠤᠷᠢᠭ ᠤᠨ ᠨᠠᠮ ᠤᠨ ᠬᠤᠷᠢᠶ᠎ᠠ ᠠᠴᠠ ᠲᠡᠦᠬᠡᠲᠦ | ᠴᠢᠨᠠᠷᠲᠠᠢ ᠳᠠᠪᠠᠯᠲᠠ ᠶᠢ ᠪᠡᠶᠡᠯᠡᠭᠦᠯᠬᠦ ᠲᠡᠮᠡᠴᠡᠬᠦ ᠬᠠᠷᠠᠯᠲᠠ ᠪᠣᠯᠤᠨ ︽ᠶᠢᠰᠦᠨ ᠠᠵᠢᠯᠯᠠᠭᠠᠨ︾ ᠤ ᠠᠶᠠᠯᠠᠯ ᠤᠨ | ᠱᠤᠭᠤᠮ ᠢ ᠳᠤᠷᠠᠳᠪᠠ᠂ ᠡᠨᠡ ᠪᠣᠯ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠵᠢᠷᠤᠮᠯᠠᠯ ᠪᠣᠯᠤᠨ᠎ᠠ᠃ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠪᠣᠯᠤᠨ ᠪᠤᠭᠤᠲᠤ ᠳᠠᠬᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ | ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ | ᠬᠦᠴᠦᠨ ᠪᠣᠯᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠨᠡᠮᠡᠭᠳᠡᠯ ᠤᠨ | ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠨᠠᠩ ᠪᠠᠲᠤ ᠪᠠᠬᠢ ᠨᠠᠩ ᠦᠷᠭᠦᠯᠵᠢᠯᠡᠬᠦ ᠶᠢ ᠲᠦᠯᠬᠢᠨ | ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠵᠦ᠂ ︽ | ᠬᠠᠮᠲᠤ ᠪᠠᠷ ᠪᠠᠶᠠᠵᠢᠬᠤ︾ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠠᠭᠤᠷᠢ ᠦᠩᠬᠡ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ | ︾ ᠤᠨ ᠲᠥᠯᠥᠪᠵᠢᠭᠦᠯᠭᠡ ᠶᠢ ᠰᠠᠶᠢᠨ ᠡᠬᠢᠯᠡᠯᠲᠡ ᠲᠠᠢ ᠪᠣᠯᠭᠠᠬᠤ ᠳᠤ ᠪᠠᠲᠤ ᠰᠠᠭᠤᠷᠢ ᠶᠢ ᠲᠠᠯᠪᠢᠵᠤ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠤ ᠲᠡᠦᠬᠡᠲᠦ ᠴᠢᠨᠠᠷᠲᠠᠢ ᠳᠠᠪᠠᠯᠲᠠ ᠶᠢ ᠴᠢᠷᠮᠠᠶᠢᠨ | ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠤᠳᠤ ᠦᠶ᠎ᠡ ᠶᠢᠨ ᠰᠢᠭᠤᠶᠢᠲᠤ ᠵᠢᠷᠤᠭ ᠤᠨ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 400 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ | ᠳᠠᠪᠠᠵᠤ᠂ ᠨᠡᠮᠡᠭᠳᠡᠯ ᠥᠷᠲᠡᠭ ᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ | ᠦᠨᠳᠦᠰᠦᠨ ᠳᠡᠭᠡᠨ ᠠᠳᠠᠯᠢ ᠪᠠᠶᠢᠯᠭᠠᠬᠤ ᠶᠢ ᠪᠠᠲᠤᠯᠠᠵᠤ᠂ ᠣᠷᠣᠯᠭ᠎ᠠ ᠶᠢᠨ ᠬᠠᠷᠢᠴᠠᠯ ᠢ 10 ᠵᠠᠭᠤᠨ ᠤ ᠴᠡᠭ | ᠪᠠᠭᠠᠰᠬᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠨᠡ ᠵᠢᠯ ᠭᠤᠣᠯᠳᠠᠭᠤ ᠲᠠᠪᠤᠨ | ᠲᠠᠯ᠎ᠠ ᠶᠢᠨ ᠰᠢᠪᠲᠤᠯᠤᠯᠲᠠ ᠶᠢ ᠥᠷᠨᠢᠭᠦᠯᠦᠨ᠎ᠡ᠃ | ︵ᠨᠢᠭᠡ︶ ᠠᠵᠤ ᠦᠢᠯᠡᠰ ᠢ ᠳᠡᠰ ᠳᠡᠪᠰᠢᠭᠦᠯᠦᠨ ᠳᠠᠭᠠᠷᠢᠯᠲᠠ ᠬᠢᠵᠦ᠂ ᠬᠥᠭᠵᠢᠯᠲᠡ ᠶᠢᠨ ᠰᠠᠭᠤᠷᠢ ᠶᠢ | ᠪᠠᠲᠤᠳᠬᠠᠨ᠎ᠠ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠵᠢᠷᠭᠤᠭᠠᠨ ᠲᠤᠮᠦ ᠠᠵᠤ ᠦᠢᠯᠡᠰ︾ ᠢᠶᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ | ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ | ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠰᠢᠯᠭᠠᠨ | ᠪᠠᠶᠢᠴᠠᠭᠠᠵᠤ ᠬᠡᠮᠵᠢᠬᠦ᠂ ᠡᠵᠡᠩᠨᠡᠵᠦ ᠬᠠᠮᠠᠭᠠᠯᠠᠬᠤ᠂ ᠡᠭᠡᠭᠦᠯᠦᠨ ᠬᠤᠷᠢᠶᠠᠵᠤ ᠠᠰᠢᠭᠯᠠᠬᠤ ᠪᠦᠷᠢᠨ ᠪᠦᠲᠦᠨ ᠠᠵᠤ | ᠦᠢᠯᠡᠰ ᠤᠨ ᠠᠮᠢ ᠠᠬᠤᠶ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠢᠩ ᠶᠠᠩ ᠤᠨ | ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠮᠧᠩ ᠨᠧᠩ ᠪᠦᠯᠦᠭᠯᠡᠯ ᠪᠠ ︽ᠲᠠᠪᠤᠨ ᠶᠡᠭᠡ | ᠵᠢᠷᠭᠤᠭᠠᠨ ᠪᠠᠭ᠎ᠠ︾ ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠳᠬᠤᠮᠠᠯ ᠲᠣᠨᠤᠭ᠂ ᠠᠷᠠᠭᠠᠳᠤ | ᠬᠦᠷᠳᠦ ᠶᠢᠨ ᠬᠠᠶᠢᠷᠴᠠᠭ᠂ ᠬᠤᠯᠬᠤᠪᠴᠢ᠂ ᠨᠡᠶᠢᠯᠡᠮᠡᠯ ᠮᠠᠲ᠋ᠧᠷᠢᠶᠠᠯ ᠵᠡᠷᠭᠡ ᠳᠡᠭᠡᠳᠦ ᠳᠣᠤᠷᠠᠳᠤ ᠡᠩᠨᠡᠭᠡᠨ ᠤ | ᠭᠤᠭᠴᠤᠭ᠎ᠠ ᠶᠢ ᠱᠠᠯᠠᠪᠳᠠᠨ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠵᠦ᠂ ᠡᠨᠡ ᠵᠢᠯ | ᠰᠢᠨ᠎ᠡ ᠪᠠᠷ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠵᠦᠩ ᠴᠧ ᠴᠢ ᠰᠦᠸᠧ ᠶᠢᠨ ᠪᠤᠭᠤᠲᠤ ᠳᠠᠬᠢ ᠳᠠᠮᠵᠢᠯᠭ᠎ᠠ᠂ | ᠭᠦᠸᠧ ᠶᠠ ᠴᠠᠬᠢᠯᠭᠠᠨ ᠬᠦᠴᠦᠨ᠂ ᠳ᠋ᠠ ᠶᠢᠩ ᠴᠠᠬᠢᠯᠭᠠᠨ ᠬᠡᠢ᠂ ᠵᠦᠸᠧ ᠨᠧᠩ ᠴᠤᠸᠠᠩ ᠵᠡᠷᠭᠡ ᠪᠠᠶᠢᠭᠤᠯᠵᠤ | ᠪᠠᠶᠢᠭ᠎ᠠ ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ | ᠬᠠᠮᠵᠢᠯᠴᠠᠬᠤ ᠴᠢᠨᠠᠷ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠡᠨᠡ ᠵᠢᠯ ᠤᠨ ᠦᠢᠯᠡᠳᠬᠦᠨ ᠤ ᠥᠷᠲᠡᠭ ᠢ | 150 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠨ᠎ᠠ᠃ | ᠲᠡᠷᠢᠭᠦᠨ ᠤ ᠲᠡᠮᠦᠷᠯᠢᠭ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠶᠠ ᠰᠢᠨ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠯᠬᠤᠪᠴᠢ ᠪᠣᠯᠣᠳ᠂ | ᠵᠢᠪᠡᠷᠡᠬᠦ ᠦᠭᠡᠢ ᠪᠣᠯᠣᠳ ᠵᠡᠷᠭᠡ ᠴᠢᠨᠠᠷ ᠰᠠᠶᠢᠲᠠᠢ᠂ ᠥᠨᠳᠥᠷ ᠨᠡᠮᠡᠯᠲᠡ ᠥᠷᠲᠡᠭ ᠪᠦᠬᠦᠢ ᠣᠨᠴᠠ ᠲᠥᠷᠥᠯ ᠤᠨ | ᠪᠣᠯᠣᠳ ᠢ ᠶᠡᠭᠡ ᠪᠠᠷ ᠬᠥᠭᠵᠢᠭᠦᠯᠵᠦ᠂ ᠪᠣᠯᠣᠳ ᠲᠡᠮᠦᠷ ᠤᠨ ᠠᠵᠤ ᠦᠢᠯᠡᠰ ᠤᠨ ᠳᠤᠮᠳᠠ ᠳᠡᠭᠡᠳᠦ ᠳᠡᠰ ᠲᠡᠶᠢᠰᠢ | ᠳᠠᠪᠰᠢᠬᠤ ᠶᠢ ᠲᠦᠯᠬᠢᠨ ᠲᠦᠯᠬᠢᠨ ᠠᠬᠢᠭᠤᠯᠵᠤ᠂ ᠪᠦᠬᠦ ᠵᠢᠯ ᠳᠤ 150 ᠳ᠋ᠦᠩᠰᠢᠭᠤᠷ ᠲᠥᠭᠦᠷᠢᠭ ᠠᠴᠠ ᠳᠡᠭᠡᠭᠰᠢ | ᠦᠢᠯᠡᠳᠬᠦᠨ ᠤ ᠥᠷᠲᠡᠭ ᠢ ᠪᠡᠶᠡᠯᠡᠭᠦᠯᠬᠦ ᠪᠠᠷ ᠴᠢᠷᠮᠠᠶᠢᠨ᠎ᠠ᠃ ᠪᠣᠬᠢᠷᠲᠤᠯ ᠦᠭᠡᠶ ᠥᠪᠡᠷᠮᠢᠴᠡ ᠬᠥᠭᠵᠢᠯᠲᠡ ᠶᠢᠨ | ᠴᠢᠭᠯᠡᠯ ᠢ ᠪᠠᠷᠢᠮᠲᠠᠯᠠᠵᠤ᠂ ᠲᠡᠮᠦᠷ ᠤᠨ ᠬᠠᠶᠢᠯᠤᠰᠢ ᠶᠢᠨ ᠮᠡᠷᠭᠡᠵᠢᠯ ᠢ ᠥᠭᠡᠷᠡᠴᠢᠯᠡᠨ ᠳᠡᠰ ᠳᠡᠪᠰᠢᠭᠦᠯᠬᠦ ᠪᠠ | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠪᠤᠴᠠᠭᠠᠵᠤ ᠭᠠᠷᠭᠠᠬᠤ ᠶᠢ ᠥᠨᠳᠥᠷ ᠪᠠᠷᠢᠮᠵᠢᠶ᠎ᠠ ᠪᠠᠷ ᠲᠦᠯᠬᠢᠨ | ᠲᠦᠯᠬᠢᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠨᠡᠶᠢᠳᠬᠡᠬᠦ ᠶᠢ ᠲᠦᠷᠭᠡᠳᠬᠡᠨ᠂ ᠪᠤᠷ᠂ ᠾᠷᠣᠮ᠂ ᠮᠠᠩᠭᠠᠨ | ᠵᠡᠷᠭᠡ ᠣᠨᠴᠠ ᠲᠥᠷᠥᠯ ᠤᠨ ᠬᠠᠶᠢᠯᠤᠰᠢ ᠶᠢ ᠬᠦᠴᠦᠯᠡᠨ ᠬᠥᠭᠵᠢᠭᠦᠯᠵᠦ᠂ ᠣᠨ ᠤ ᠦᠢᠯᠡᠳᠪᠦᠷᠢᠯᠡᠯ ᠤᠨ ᠥᠷᠲᠡᠭ ᠢ | 60 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠨᠡᠩ ᠤᠯᠠᠨ ︽ᠬᠤᠪᠣᠷ ᠰᠢᠷᠣᠢ +︾ ᠶᠢᠨ | ᠬᠡᠷᠡᠭᠯᠡᠯᠲᠡ ᠶᠢ ᠬᠠᠶᠢᠨ ᠰᠦᠪᠡᠭᠴᠢᠯᠡᠵᠦ᠂ ᠰᠣᠷᠢᠨᠵᠢᠨ ᠮᠠᠲ᠋ᠧᠷᠢᠶᠠᠯ ᠤᠨ ᠬᠡᠷᠡᠭᠯᠡᠭᠡᠨ ᠤ ᠭᠤᠣᠯ ᠰᠢᠪᠲᠤᠯᠤᠯᠲᠠ ᠶᠢᠨ | ᠲᠣᠭᠤᠷᠢᠨ ᠳᠤ ᠬᠦᠴᠦᠯᠡᠵᠦ᠂ ᠪᠣᠷ ᠤᠨ ᠠᠭᠤᠷᠬᠠᠢ᠂ ᠪᠣᠷ ᠤᠨ ᠬᠠᠶᠢᠯᠤᠰᠢ᠂ ᠲᠠᠯᠠᠰᠲᠤ ᠪᠤᠰᠤ ᠪᠦᠰᠡ ᠶᠢᠨ ᠠᠵᠤ | ᠦᠢᠯᠡᠰ ᠢ ᠲᠦᠷᠭᠡᠨ ᠨᠠᠶᠢᠳᠠᠪᠤᠷᠢᠵᠢᠭᠤᠯᠬᠤ ᠶᠢ ᠲᠦᠯᠬᠢᠨ ᠲᠦᠯᠬᠢᠨ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠲᠦᠷᠭᠡᠨ ᠲᠥᠪᠯᠡᠷᠡᠯ ᠢ ᠪᠡᠶᠡᠯᠡᠭᠦᠯᠦᠨ᠎ᠡ᠃ | ᠨᠡᠭᠦᠷᠡᠰᠦᠲᠥ᠋ᠷᠥᠭᠴᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠴᠢᠩᠭ᠎ᠠ ᠠᠩᠬᠠᠷᠴᠤ᠂ ᠠᠭᠤᠷ ᠪᠣᠯᠤᠨ ᠴᠡᠪᠡᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠪᠦᠬᠦ ᠣᠷᠣᠨ | ᠪᠦᠰᠡ ᠪᠠᠷ ᠣᠬᠤᠷ ᠬᠤᠭᠤᠴᠠᠭ᠎ᠠ ᠪᠠᠷ ᠵᠥᠭᠡᠭᠡᠪᠦᠷᠢᠯᠡᠬᠦ᠂ ᠨᠡᠭᠦᠷᠡᠰᠦ ᠤᠬᠢᠶᠠᠵᠤ ᠰᠢᠯᠢᠬᠦ ᠵᠡᠷᠭᠡ ᠠᠵᠤ ᠦᠢᠯᠡᠰ ᠢ | ᠱᠠᠯᠠᠪᠳᠠᠨ ᠪᠠᠶᠢᠷᠢᠯᠠᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠬᠦ ᠶᠢ ᠪᠡᠶᠡᠯᠡᠭᠦᠯᠵᠦ᠂ ᠪᠦᠦ ᠱᠢ ᠲᠡᠮᠦᠷ | ᠵᠠᠮ ᠢ ᠰᠡᠷᠭᠦᠭᠡᠨ᠂ ᠴᠠᠩ ᠶᠤᠸᠠᠨ᠂ ᠴᠢᠨ ᠭᠦᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠥᠨᠳᠥᠷ | ᠥᠷᠲᠡᠭ ᠲᠠᠢ ᠠᠰᠢᠭᠯᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ | ᠲᠦᠷᠭᠡᠳᠬᠡᠵᠦ᠂ ᠨᠡᠭᠦᠷᠡᠰᠦᠨ ᠤ ᠰᠠᠭᠤᠷᠢ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠨᠡᠭᠦᠷᠡᠰᠦᠨ ᠤ ᠰᠤᠳᠤᠯᠭᠠᠨ ᠤ | ᠳᠠᠶᠢᠨ ᠤ ᠰᠢᠨ᠎ᠡ ᠴᠠᠬᠢᠯᠭᠠᠨ ᠤ ᠦᠨ᠎ᠡ ᠶᠢ ᠨᠠᠶᠢᠳᠠᠪᠤᠷᠢᠵᠢᠭᠤᠯᠵᠤ᠂ ᠨᠢᠭᠡᠳᠦᠭᠡᠷ ᠬᠤᠭᠤᠴᠠᠭ᠎ᠠ ᠵᠡᠷᠭᠡ ᠲᠡᠩᠴᠡᠭᠦᠦ | ᠲᠠᠷᠤᠯᠲᠠ ᠲᠠᠢ ᠪᠠᠯ ᠴᠢᠯᠠᠭᠤ ᠭᠦᠢᠴᠡᠳ ᠦᠢᠯᠡᠳᠪᠦᠷᠢᠯᠡᠵᠦ ᠦᠷ᠎ᠡ ᠪᠦᠲᠦᠮᠵᠢ ᠤᠯᠬᠤ᠂ ᠬᠤᠶᠠᠳᠤᠭᠠᠷ | ᠬᠤᠭᠤᠴᠠᠭᠠᠨ ᠤ ᠠᠽᠣᠲ ᠬᠠᠶᠢᠯᠤᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠨᠡᠭᠦᠷᠡᠰᠦᠲᠥ᠋ᠷᠥᠭᠴᠢ ᠶᠢᠨ ᠰᠢᠷᠬᠡᠭ᠂ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠪᠦᠲᠦᠭᠡᠭᠳᠡᠬᠦᠨ ᠵᠡᠷᠭᠡ | ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠯ ᠤᠨ ᠣᠷᠣᠨ ᠢ ᠪᠠᠶᠢᠭᠤᠯᠤᠨ᠎ᠠ᠃ | ᠤᠰᠤᠲᠥ᠋ᠷᠥᠭᠴᠢ ᠡᠨᠧᠷᠭᠢ ᠬᠠᠳᠠᠭᠠᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠪᠤᠭᠤᠲᠤ ᠶᠢᠨ ︽ᠪᠥᠬᠦ ᠦᠵᠡᠮᠵᠢ ᠪᠠᠷ ᠪᠣᠬᠢᠷᠲᠤᠯ ᠥᠬᠡᠶ ᠤᠰᠤᠲᠥ᠋ᠷᠥᠭᠴᠢ ᠶᠢ ᠥᠪᠡᠷ ᠢᠶᠠᠨ ᠣᠷᠴᠢᠯᠳᠤᠭᠤᠯᠤᠨ | ᠰᠢᠨ᠎ᠡ ᠶᠢ ᠡᠭᠦᠳᠬᠦ ᠬᠤᠲᠠ︾ ᠪᠠ ᠪᠥᠬᠦ ᠤᠯᠤᠰ ᠤᠨ ᠴᠢᠬᠤᠯᠠ ᠤᠰᠤᠲᠥ᠋ᠷᠥᠭᠴᠢ ᠶᠢᠨ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠣᠷᠣᠨ ᠪᠠᠶᠢᠷᠢ ᠪᠠᠨ | ᠰᠣᠯᠪᠢᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ᠂ ᠳ᠋ᠢᠶᠠᠨ | ᡂᠢ ᠶᠢᠨ ᠣᠪᠣᠭ᠎ᠠ᠂ ᠬᠤᠤᠰ ᠲᠦᠢᠯ ᠬᠠᠪᠲᠠᠰᠤ᠂ ᠪᠦᠷᠬᠦᠪᠴᠢ ᠶᠢᠨ ᠴᠠᠬᠢᠯᠭᠠᠨ ᠲᠦᠢᠯ ᠵᠡᠷᠭᠡ ᠵᠠᠩᠭᠢᠯᠠᠭ᠎ᠠ ᠶᠢᠨ | ᠤᠭᠰᠠᠷᠠᠭ᠎ᠠ ᠲᠣᠨᠤᠭ ᠪᠠ ᠮᠠᠲ᠋ᠧᠷᠢᠶᠠᠯ ᠦᠢᠯᠡᠳᠬᠦ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ | ᠵᠢᠢ ᠯᠢ ᠲᠦᠩ ᠨᠣᠭᠤᠭᠠᠨ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ ᠲᠥᠷᠥᠯ ᠵᠦᠢᠯ ᠤᠨ ᠠᠵᠢᠯ | ᠡᠬᠢᠯᠡᠭᠦᠯᠬᠦ ᠶᠢ ᠳᠥᠯᠭᠢᠨ ᠲᠦᠯᠬᠢᠨ ᠠᠬᠢᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ ᠪᠥᠬᠦ ᠬᠤᠲᠠ ᠳᠤ ︽ᠳᠤᠮᠳᠠᠳᠤ ᠤᠯᠤᠰ ᠤᠨ ᠡᠨᠧᠷᠭᠢ ᠬᠠᠳᠠᠭᠠᠯᠠᠬᠤ ᠲᠥᠪ︾ | ᠢ ᠪᠣᠶ ᠪᠣᠯᠭᠠᠵᠤ᠂ ᠴᠠᠬᠢᠯᠭᠠᠨ ᠭᠤᠣᠯ᠂ ᠪᠦᠷᠬᠦᠭᠦᠯ᠂ ᠰᠢᠰᠲ᠋ᠧᠮ ᠤᠨ ᠨᠢᠭᠡᠳᠦᠯ᠂ ᠬᠦᠴᠦᠳᠡᠯ ᠥᠭᠡᠷᠡᠴᠢᠯᠡᠭᠴᠢ᠂ | ᠬᠡᠷᠡᠯ ᠨᠦᠬᠡᠴᠡᠯᠡᠨ ᠴᠡᠨᠡᠭᠯᠡᠬᠦ ᠶᠢ ᠨᠢᠭᠡ ᠴᠣᠭᠴᠠᠵᠢᠭᠤᠯᠤᠭᠰᠠᠨ ᠴᠠᠬᠢᠯᠭᠠᠨ ᠴᠡᠨᠡᠭᠯᠡᠬᠦ ᠥᠷᠲᠡᠭᠡ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠤᠨ᠎ᠠ᠃ 350 ᠰᠠᠶ᠎ᠠ ᠸᠠᠲ ᠤᠨ ᠰᠢᠨ᠎ᠡ ᠡᠨᠧᠷᠭᠢ ᠶᠢᠨ | ᠭᠦᠢᠴᠡᠳᠭᠡᠯ ᠲᠤᠭ᠎ᠠ ᠶᠢ ᠰᠠᠶᠢᠲᠤᠷ ᠬᠡᠷᠡᠭᠯᠡᠵᠦ᠂ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠶᠢ ᠵᠠᠬᠢᠷᠬᠤ | ᠠᠵᠢᠯᠯᠠᠭᠠᠨ︾ ᠢ ᠲᠦᠯᠬᠢᠨ ᠠᠬᠢᠭᠤᠯᠵᠤ᠂ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ | ᠶᠡᠭᠡ ᠪᠠᠷ ᠬᠥᠭᠵᠢᠭᠦᠯᠵᠦ᠂ ᠪᠦᠬᠦ ᠵᠢᠯ ᠳᠤ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠬᠡᠪᠴᠢᠶ᠎ᠡ ᠶᠢ 20 ᠰᠠᠶ᠎ᠠ ᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠳᠣᠤᠷ᠎ᠠ ᠠᠭᠠᠷ ᠤᠨ ᠠᠵᠤ ᠠᠬᠤᠶ ᠪᠣᠯᠤᠨ ᠲᠣᠭᠠᠴᠢᠯᠠᠭᠰᠠᠨ ᠠᠵᠤ ᠠᠬᠤᠶ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠃ ᠳᠣᠤᠷ᠎ᠠ ᠠᠭᠠᠷ ᠤᠨ ᠲᠣᠭᠤᠷᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ | ᠢᠳᠡᠪᠬᠢᠲᠡᠶ ᠪᠠᠷ ᠴᠢᠷᠮᠠᠶᠢᠨ ᠣᠯᠵᠤ᠂ ᠪᠠᠳᠺᠠᠷ ᠵᠣᠣ ᠨᠢᠰᠬᠡᠯ ᠤᠨ ᠪᠠᠭᠤᠳᠠᠯ ᠢ ᠠᠮᠢᠳᠤᠯᠢᠭ ᠪᠣᠯᠭᠠᠬᠤ ᠶᠢ | ᠲᠦᠷᠭᠡᠳᠬᠡᠵᠦ᠂ ᠥᠨᠳᠥᠷ ᠡᠨᠧᠷᠭᠢ ᠶᠢᠨ ᠲᠠᠰ ᠤᠨ ᠰᠢᠨ᠎ᠡ ᠶᠢ ᠡᠭᠦᠳᠬᠦ ᠲᠠᠪᠴᠠᠩ᠂ ᠳᠣᠤᠷ᠎ᠠ ᠠᠭᠠᠷ ᠤᠨ | ᠨᠢᠰᠦᠭᠦᠷ ᠢ ᠦᠢᠯᠡᠳᠬᠦ᠂ ᠲᠡᠭᠡᠭᠡᠪᠦᠷᠢᠯᠡᠨ ᠡᠵᠡᠩᠨᠡᠬᠦ ᠦᠢᠯᠡᠴᠢᠯᠡᠭᠡ ᠪᠠ ᠨᠢᠰᠦᠯᠲᠡ ᠶᠢᠨ ᠪᠠᠲᠤᠯᠠᠭ᠎ᠠ ᠵᠡᠷᠭᠡ ᠰᠢᠯᠢᠳᠡᠭ | ᠲᠥᠷᠥᠯ ᠵᠦᠢᠯ ᠢ ᠣᠷᠣᠭᠤᠯᠤᠨ ᠠᠪᠴᠢᠷᠠᠵᠤ᠂ ᠳᠣᠤᠷ᠎ᠠ ᠠᠭᠠᠷ ᠤᠨ ᠬᠡᠷᠡᠭᠯᠡᠭᠡᠨ ᠤ ᠪᠠᠶᠢᠳᠠᠯ ᠢ ᠪᠥᠬᠦ | ᠬᠦᠴᠦᠨ ᠢᠶᠠᠷ ᠢᠶᠠᠨ ᠥᠷᠭᠡᠳᠬᠡᠨ᠂ ︽ᠤᠯᠤᠰ ᠤᠨ ᠲᠠᠰ ᠤᠨ ᠵᠢᠯᠣᠭᠤᠴᠢ ᠥᠬᠡᠶ ᠨᠢᠰᠦᠭᠦᠷ ᠢ ᠲᠤᠷᠰᠢᠨ ᠨᠢᠰᠬᠦ | ᠲᠤᠷᠰᠢᠯᠲᠠ ᠶᠢᠨ ᠰᠠᠭᠤᠷᠢᠨ ᠭᠠᠵᠠᠷ︾ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠵᠢᠯᠣᠭᠤᠴᠢ ᠥᠬᠡᠶ | ᠨᠢᠰᠬᠡᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠦᠷᠢᠶᠡᠯᠡᠩ ᠤᠨ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠶᠢ ᠲᠦᠷᠭᠡᠳᠬᠡᠵᠦ᠂ ᠦᠢᠯᠡᠳᠬᠦᠨ ᠤ | ᠥᠷᠲᠡᠭ ᠥᠬᠡᠶ᠂ ᠭᠠᠶᠢᠯᠢ ᠲᠠᠲᠠᠪᠤᠷᠢ ᠥᠬᠡᠶ᠂ ᠲᠤᠬᠠᠶᠢᠯᠠᠭᠰᠠᠨ ᠠᠵᠢᠯ ᠥᠬᠡᠶ ︽ᠦᠬᠦᠰᠢᠷᠡᠮᠡᠯ ᠠᠵᠤ ᠠᠬᠤᠶᠢᠯᠠᠯ︾ | ᠢ ᠴᠠᠭ ᠲᠤᠬᠠᠶ ᠳᠤ ᠨᠢ ᠢᠯᠭᠠᠷᠠᠭᠤᠯᠤᠨ ᠪᠤᠴᠠᠭᠠᠵᠤ᠂ ᠪᠤᠶᠢᠵᠢᠯᠲᠠ ᠶᠢᠨ ᠬᠡᠯᠪᠡᠷᠢ ᠶᠢᠨ ᠠᠵᠤ ᠠᠬᠤᠶᠢᠯᠠᠯ ᠢ | ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ᠂ ᠡᠯᠧᠺᠲᠷᠣᠨ ᠮᠡᠳᠡᠭᠡ ᠵᠠᠩᠭᠢ ᠦᠢᠯᠡᠳᠬᠦ᠂ ᠵᠥᠭᠡᠯᠡᠨ ᠲᠣᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠲᠣᠭᠠᠴᠢᠯᠠᠭᠰᠠᠨ ᠠᠵᠤ ᠠᠬᠤᠶ ᠶᠢᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠬᠡᠪᠴᠢᠶᠡᠵᠢᠭᠰᠡᠨ ᠬᠡᠷᠡᠭᠯᠡᠯᠲᠡ ᠶᠢ ᠲᠦᠷᠭᠡᠳᠬᠡᠵᠦ᠂ ᠮᠢᠩ ᠶᠠᠩ᠂ ᠶᠠ ᠰᠢᠨ ᠵᠡᠷᠭᠡ ᠲᠠᠭᠠᠭᠤᠯᠤᠭᠴᠢ | ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠮᠢᠩ ᠶᠠᠩ ᠤᠨ | ᠬᠠᠩᠭᠠᠯᠭ᠎ᠠ ᠶᠢᠨ ᠬᠡᠯᠬᠢᠶ᠎ᠡ ᠶᠢ ᠵᠣᠬᠢᠴᠠᠭᠤᠯᠤᠨ ᠨᠢᠭᠡ ᠴᠣᠭᠴᠠᠵᠢᠭᠤᠯᠤᠭᠰᠠᠨ᠂ ᠹᠧᠩ ᠳ᠋ᠦ᠋ ᠣᠶᠤᠨᠴᠢ | ᠵᠥᠭᠡᠭᠡᠪᠦᠷᠢ ᠶᠢᠨ ᠰᠢᠰᠲ᠋ᠧᠮ ᠵᠡᠷᠭᠡ 5 ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠲᠥᠷᠥᠯ ᠵᠦᠢᠯ ᠢ | ᠬᠡᠷᠡᠭᠵᠢᠭᠦᠯᠵᠦ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠣᠯᠭᠤᠨ᠎ᠠ᠃ ᠲᠡᠷᠢᠭᠦᠨ ᠤ | ᠦᠢᠯᠡᠳᠬᠦ ᠦᠢᠯᠡᠰ ᠯᠦᠭᠡ ᠭᠦᠨ ᠠᠭᠤᠰᠤᠯᠴᠠᠭᠰᠠᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽8 + 4︾ ᠦᠢᠯᠡᠴᠢᠯᠡᠭᠡᠨ ᠤ ᠦᠢᠯᠡᠰ ᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠯᠦ ᠢ ᠵᠢᠩ ᠫᠦ᠋ ᠪᠠᠷ ᠬᠥᠲᠥᠴᠢ ᠪᠣᠯᠭᠠᠵᠤ᠂ ᠪᠠᠷᠠᠭᠤᠨ ᠣᠷᠣᠨ ᠤ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠬᠤᠯᠪᠣᠭᠳᠠᠯ ᠪᠥᠬᠦᠶ ᠠᠵᠤ | ᠠᠬᠤᠶᠢᠯᠠᠯ ᠢ ᠳᠠᠬᠢᠨ 2 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠭᠡᠷᠡᠴᠢᠯᠡᠯ ᠤᠨ ᠪᠠᠶᠢᠭᠤᠯᠤᠮᠵᠢ ᠶᠢᠨ ᠲᠥᠪᠯᠡᠷᠡᠨ ᠬᠥᠭᠵᠢᠬᠦ ᠶᠢ ᠬᠥᠲᠥᠯᠦᠨ ᠵᠢᠯᠣᠭᠤᠳᠴᠤ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠭᠡᠷᠡᠴᠢᠯᠡᠯ ᠤᠨ ᠥᠨᠳᠦᠷᠯᠢᠭ ᠢ ᠪᠠᠶᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ᠂ ᠲᠡᠷᠢᠭᠦᠨ ᠤ ᠲᠡᠮᠦᠷᠯᠢᠭ ᠤᠨ ᠮᠠᠲ᠋ᠧᠷᠢᠶᠠᠯ ᠵᠡᠷᠭᠡ ᠳᠠᠪᠠᠭᠤᠯᠢᠭ ᠬᠦᠷᠢᠶᠡᠨ ᠤ | ᠲᠣᠭᠤᠷᠢᠨ ᠳᠤ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠥᠷᠭᠡᠵᠢᠭᠦᠯᠵᠦ᠂ | ᠨᠥᠯᠥᠭᠡᠯᠡᠬᠦ ᠬᠦᠴᠦᠨ ᠲᠠᠢ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠨᠢᠭᠡ ᠪᠦᠯᠦᠭ ᠠᠵᠤ ᠠᠬᠤᠶᠢᠯᠠᠯ ᠢ | ᠣᠷᠣᠭᠤᠯᠵᠤ ᠠᠪᠴᠢᠷᠠᠨ᠎ᠠ᠃ ᠥᠪᠥᠷ ᠮᠣᠩᠭᠤᠯ ᠤᠨ ᠣᠯᠠᠨ ᠬᠥᠮᠦᠨ ᠤ ᠬᠦᠴᠦᠨ ᠤ ᠡᠬᠢ ᠪᠠᠶᠠᠯᠢᠭ᠂ ᠬᠤᠲᠠ ᠶᠢᠨ | ᠣᠲᠣ ᠦᠶ᠎ᠡ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠤᠳᠤᠯᠭᠠᠨ ᠤ ᠬᠦᠷᠢᠶᠡᠯᠡᠩ ᠤᠨ | ᠬᠥᠭᠵᠢᠯᠲᠡ ᠶᠢ ᠳᠡᠮᠵᠢᠵᠦ᠂ ︽ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ +︾ ᠠᠵᠤ | ᠦᠢᠯᠡᠰ ᠤᠨ ᠠᠮᠢ ᠠᠬᠤᠶ ᠶᠢ ᠰᠦᠪᠡᠭᠴᠢᠯᠡᠨ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ ᠣᠳᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ | ᠲᠠᠪᠴᠠᠩ ᠢ ᠶᠡᠭᠡ ᠪᠠᠷ ᠬᠥᠭᠵᠢᠭᠦᠯᠵᠦ᠂ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠪᠦᠲᠦᠮᠵᠢᠲᠡᠶ ᠪᠠᠷ ᠨᠡᠶᠢᠳᠬᠡᠵᠦ | ᠂ ᠪᠠᠷᠠᠭᠠᠨ ᠤ ᠭᠦᠢᠯᠭᠡᠭᠡᠨ ᠤ ᠦᠢᠯᠡᠰ ᠤᠨ ᠦᠢᠯᠡᠳᠬᠦᠨ ᠤ ᠥᠷᠲᠡᠭ ᠪᠠ ᠭᠠᠶᠢᠯᠢ ᠲᠠᠲᠠᠪᠤᠷᠢ ᠶᠢᠨ ᠭᠠᠳᠠᠭᠰᠢ | ᠶᠠᠪᠤᠭᠤᠯᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠡᠭᠦᠨ ᠤ ᠬᠠᠮᠲᠤ᠂ ᠡᠷᠡᠭᠦᠯᠵᠢᠯ ᠰᠤᠪᠢᠯᠠᠯᠲᠠ᠂ ᠰᠣᠶᠣᠯ | ᠵᠢᠭᠤᠯᠴᠢᠯᠠᠯ᠂ ᠬᠥᠮᠦᠵᠢᠯ ᠪᠣᠯᠪᠠᠰᠤᠷᠠᠭᠤᠯᠤᠯ ᠤᠨ ᠦᠢᠯᠡᠰ ᠢ ᠶᠡᠭᠡ ᠪᠠᠷ ᠪᠤᠶᠢᠵᠢᠭᠤᠯᠤᠨ᠎ᠠ᠃ | ᠠᠵᠤ ᠦᠢᠯᠡᠰ ᠤᠨ ᠲᠡᠰ ᠳᠡᠪᠰᠢᠬᠦ ᠶᠢ ᠰᠠᠶᠢᠲᠤᠷ ᠠᠳᠬᠤᠬᠤ ᠳᠤ᠂ ᠲᠦᠷᠦᠯ ᠵᠦᠢᠯ ᠳᠤ | ᠦᠨᠳᠦᠰᠦᠨ ᠠᠴᠠ ᠨᠢ ᠲᠦᠰᠢᠭᠯᠡᠵᠦ᠂ ᠭᠤᠣᠯᠳᠠᠯᠭ᠎ᠠ ᠨᠢ ᠬᠤᠳᠠᠯᠳᠤᠭᠠᠴᠢᠨ ᠤᠷᠢᠬᠤ ᠶᠠᠪᠤᠳᠠᠯ ᠪᠣᠯᠤᠨ᠎ᠠ᠃ ᠡᠨᠡ | ᠵᠢᠯ ᠢ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠣᠨ︾ | ᠢᠶᠠᠷ ᠲᠣᠭᠲᠠᠭᠠᠵᠤ᠂ ᠤᠷᠢᠵᠤ ᠣᠷᠣᠭᠤᠯᠬᠤ ᠴᠢᠳᠠᠪᠤᠷᠢ ᠪᠠ ᠪᠣᠳᠠᠲᠤ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ | ᠲᠥᠷᠥᠯ ᠵᠦᠢᠯ ᠢ 50 ᠠᠴᠠ ᠳᠡᠭᠡᠭᠰᠢ ᠰᠢᠨ᠎ᠡ ᠪᠠᠷ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠢ ᠪᠡᠯᠡ | ᠣᠷᠣᠭᠤᠯᠤᠯᠲᠠ ᠶᠢ 230 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ 40 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢ 600 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠭᠠᠷᠳᠠᠮ ᠢ | ᠭᠦᠢᠴᠡᠳᠬᠡᠬᠦ ᠶᠢ ᠲᠦᠷᠭᠡᠳᠬᠡᠨ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠬᠦᠨ ᠢ ᠠᠵᠢᠯ ᠢᠶᠠᠨ ᠰᠡᠷᠭᠦᠭᠡᠬᠦ ᠶᠢ ᠦᠨᠡᠨ ᠬᠦ ᠪᠠᠲᠤᠯᠠᠵᠤ᠂ ᠰᠢᠨ᠎ᠡ ᠪᠠᠷ ᠪᠠᠶᠢᠭᠤᠯᠬᠤ | ᠲᠥᠷᠥᠯ ᠵᠦᠢᠯ ᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ 15 ᠠᠴᠠ | ᠳᠡᠭᠡᠭᠰᠢ ᠪᠠᠷᠢᠯᠭ᠎ᠠ ᠶᠢ ᠴᠢᠷᠮᠠᠶᠢᠨ ᠳᠠᠭᠤᠰᠬᠠᠵᠤ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ᠃ ︽ᠬᠤᠶᠠᠷ ᠴᠢᠬᠤᠯᠠ︾ ︽ᠬᠤᠶᠠᠷ ᠰᠢᠨ᠎ᠡ︾ ᠶᠢᠨ ᠳᠡᠮᠵᠢᠯᠭᠡ ᠶᠢᠨ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠷᠥᠯ ᠵᠦᠢᠯ ᠢ ᠭᠦᠨᠵᠡᠭᠡᠶ ᠪᠥᠭᠡᠳ | ᠣᠨᠣᠪᠴᠢᠲᠠᠶ ᠲᠥᠯᠥᠪᠯᠡᠵᠦ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠶᠡᠭᠡ ᠲᠠᠯ᠎ᠠ ᠳᠤ | ᠣᠷᠣᠭᠤᠯᠬᠤ ᠪᠠᠷ ᠴᠢᠷᠮᠠᠶᠢᠵᠤ᠂ ᠪᠥᠬᠦ ᠵᠢᠯ ᠳᠤ 200 ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠬᠦ ᠪᠠᠷ | ᠴᠢᠷᠮᠠᠶᠢᠵᠤ᠂ 1000 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠵᠤ᠂ ᠠᠵᠤ ᠦᠢᠯᠡᠰ ᠤᠨ | ᠲᠥᠷᠥᠯ ᠤᠨ ᠲᠥᠷᠥᠯ ᠵᠦᠢᠯ ᠢ 60% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ︵ᠬᠤᠶᠠᠷ︶ ᠠᠮᠢᠵᠢᠷᠠᠯ ᠤᠨ ᠬᠦᠴᠦᠨ ᠪᠠᠳᠠᠷᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠠᠶᠢᠭᠤᠯᠭ᠎ᠠ ᠵᠡᠷᠭᠡ ᠡᠯ᠎ᠡ | ᠬᠦᠷᠢᠶᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠠᠮᠢᠳᠤᠯᠢᠭ | ᠬᠡᠷᠡᠭᠯᠡᠨ᠎ᠡ᠃ | ᠠᠵᠤ ᠠᠬᠤᠶᠢᠯᠠᠯ ᠳᠤ ᠦᠢᠯᠡᠴᠢᠯᠡᠬᠦ ᠶᠢ ᠰᠠᠶᠢᠲᠤᠷ ᠬᠢᠨ᠎ᠡ᠃ ︽ᠭᠤᠷᠪᠠᠨ ᠪᠠᠶᠢᠬᠤ ᠬᠤᠶᠠᠷ ᠢ ᠡᠷᠢᠬᠦ︾ ᠶᠢ | ᠪᠣᠳᠠᠲᠠᠶ ᠪᠥᠭᠡᠳ ᠨᠠᠷᠢᠯᠢᠭ ᠬᠢᠵᠦ᠂ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠴᠢᠳᠠᠪᠤᠷᠢ ᠪᠠᠨ ᠥᠷᠭᠡᠳᠬᠡᠬᠦ ᠶᠢ ᠬᠥᠲᠥᠯᠥᠨ | ᠵᠢᠯᠣᠭᠤᠳᠤᠨ᠎ᠠ᠃ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠡᠷᠲᠡᠬᠡᠨ | ᠠᠰᠢᠭᠯᠠᠯᠲᠠ ᠳᠤ ᠣᠷᠣᠵᠤ ᠦᠷ᠎ᠡ ᠠᠰᠢᠭ ᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠤᠯᠤᠯᠴᠠᠭ᠎ᠠ ᠪᠠ | ᠦᠢᠯᠡᠴᠢᠯᠡᠭᠡ ᠶᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ | ᠶᠠᠪᠤᠴᠠ ᠳᠤ ᠲᠤᠭᠤᠰᠢᠯᠠᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠨᠡᠩ ᠢᠯᠡᠭᠦᠦ ᠲᠦᠯᠬᠢᠨ | ᠠᠬᠢᠭᠤᠯᠤᠨ᠎ᠠ᠃ ᠡᠯ᠎ᠡ ᠱᠠᠲᠤᠨ ᠤ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠬᠦᠴᠦᠨ ᠢ | ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠪᠡᠯᠡ ᠮᠥᠩᠭᠦ | ᠡᠷᠢᠵᠦ᠂ ᠵᠠᠬ᠎ᠠ ᠳᠡᠯᠭᠡᠭᠦᠷ ᠢ ᠥᠷᠭᠡᠳᠬᠡᠵᠦ᠂ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠣᠳᠣ ᠪᠠᠶᠢᠭ᠎ᠠ ᠠᠵᠤ ᠠᠬᠤᠶᠢᠯᠠᠯ ᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠵᠤ᠂ | ᠲᠤᠭ᠎ᠠ ᠬᠡᠮᠵᠢᠶ᠎ᠡ ᠶᠢ ᠪᠠᠭᠠᠰᠬᠠᠨ᠂ ᠢᠯᠡᠭᠦᠴᠡ ᠠᠵᠢᠯᠲᠠᠨ ᠢ ᠪᠠᠭᠠᠰᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ | ᠠᠰᠢᠭ ᠢ ᠳᠡᠭᠡᠭᠰᠢᠯᠡᠭᠦᠯᠬᠦ ᠶᠢᠨ ᠬᠠᠮᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠳᠡᠪᠬᠢᠲᠡᠶ ᠪᠠᠷ | ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠪᠠ | ᠪᠦᠲᠦᠮᠵᠢᠲᠡᠢ ᠵᠠᠬ᠎ᠠ ᠳᠡᠯᠭᠡᠭᠦᠷ ᠤᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠬᠠᠮᠢᠶᠠᠷᠤᠯᠲᠠ᠂ | ᠡᠳ᠋ ᠤᠨ ᠵᠠᠰᠠᠭ ᠭᠠᠶᠢᠯᠢ ᠶᠢᠨ ᠲᠣᠭᠲᠠᠴᠠ ᠵᠡᠷᠭᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ | ᠵᠢᠯ ᠳᠤ ᠨᠡᠩ ᠤᠯᠠᠨ ᠠᠵᠤ ᠦᠢᠯᠡᠰ᠂ ᠦᠢᠯᠡᠳᠬᠦᠨ ᠤ ᠦᠷᠳᠡᠭ᠂ ᠭᠠᠶᠢᠯᠢ ᠲᠠᠲᠠᠪᠤᠷᠢ ᠰᠢᠭᠤᠶᠢᠲᠤ ᠣᠷᠣᠨ ᠳᠤ | ᠦᠯᠡᠳᠡᠵᠦ᠂ ᠳᠡᠭᠡᠳᠦ ᠱᠠᠲᠤᠨ ᠤ ᠪᠡᠯᠡ ᠮᠥᠩᠭᠦ ᠶᠢ 20% ᠠᠴᠠ ᠳᠡᠭᠡᠭᠰᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ | ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠳᠤ ᠲᠣᠬᠢᠷᠠᠭᠤᠯᠤᠯᠲᠠ ᠬᠢᠬᠦ ᠶᠢ ᠯᠠᠪᠳᠠᠭᠤᠨ ᠪᠠᠲᠤᠲᠠᠶ | ᠲᠦᠯᠬᠢᠨ ᠲᠦᠯᠬᠢᠨ ᠠᠬᠢᠭᠤᠯᠵᠤ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢ ᠴᠡᠭᠴᠡᠯᠡᠨ | ᠰᠠᠶᠢᠵᠢᠷᠠᠭᠤᠯᠬᠤ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠦᠢᠯᠡᠳᠪᠦᠷᠢᠯᠡᠯ ᠵᠣᠭᠰᠣᠭᠰᠠᠨ ᠠᠵᠤ | ᠠᠬᠤᠶᠢᠯᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠥᠬᠦ ᠵᠢᠯ ᠳᠤ ᠰᠢᠨ᠎ᠡ ᠪᠠᠷ ᠨᠡᠮᠡᠭᠳᠡᠭᠦᠯᠵᠦ ᠪᠣᠯᠬᠤ | ᠠᠰᠢᠭᠯᠠᠵᠤ ᠪᠣᠯᠬᠤ ᠭᠠᠵᠠᠷ ᠰᠢᠷᠣᠢ ᠶᠢ 1000 ᠮᠦ ᠠᠴᠠ ᠳᠤᠲᠠᠭᠤ ᠪᠠᠶᠢᠯᠭᠠᠬᠤ ᠦᠭᠡᠢ᠃ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ ᠥᠭᠡᠷᠡᠴᠢᠯᠡᠯᠲᠡ ᠶᠢ ᠲᠦᠯᠬᠢᠨ | ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ | ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠂ ᠬᠦᠷᠢᠶᠡᠯᠡᠩ | ᠲᠣᠭᠤᠷᠢᠭ ᠤᠨ ᠪᠦᠬᠦᠯᠢ ᠴᠣᠭᠴᠠ ᠶᠢᠨ ᠲᠠᠰ ᠳᠡᠪᠰᠢᠬᠦ ᠶᠢ ᠪᠡᠶᠡᠯᠡᠭᠦᠯᠦᠨ᠎ᠡ᠃ ᠪᠥᠬᠦ ᠲᠣᠭᠤᠷᠢᠭ ᠤᠨ ᠡᠨᠧᠷᠭᠢ ᠶᠢᠨ | ᠪᠦᠲᠦᠴᠡ ᠶᠢᠨ ᠳᠠᠪᠠᠭᠤᠯᠢᠭ ᠢ ᠪᠠᠳᠠᠷᠠᠭᠤᠯᠵᠤ᠂ ᠶᠡᠷᠦᠩᠬᠡᠶᠢᠯᠡᠭᠰᠡᠨ ᠡᠨᠧᠷᠭᠢ ᠶᠢᠨ ᠠᠷᠠᠯ ᠤᠨ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠳᠠᠭᠠᠭᠠᠴᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠡᠭᠡᠭᠡᠯᠲᠡᠲᠦ ᠬᠥᠭᠵᠢᠯᠲᠡ ᠶᠢ | ᠲᠦᠷᠭᠡᠳᠬᠡᠵᠦ᠂ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠪᠤᠶᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ︽ᠣᠷᠣᠭᠤᠯᠵᠤ ᠢᠷᠡᠬᠦ᠂ ᠭᠠᠳᠠᠭᠰᠢ ᠭᠠᠷᠬᠤ︾ ᠶᠢ | ᠪᠡᠶᠡᠯᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ | 5000 ᠲᠦᠮᠡᠨ ᠲᠥᠭᠦᠷᠢᠭ ᠪᠡᠶᠡᠯᠡᠭᠦᠯᠵᠦ᠂ ᠭᠠᠳᠠᠭᠠᠳᠤ ᠪᠡᠯᠡ ᠶᠢ ᠪᠣᠳᠠᠲᠠᠶ ᠠᠰᠢᠭᠯᠠᠬᠤ ᠳᠤ ᠶᠡᠭᠡ | ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠠᠶᠢᠲᠤᠷ | ᠠᠳᠬᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠡᠨᠡ ᠵᠢᠯ ᠵᠠᠰᠠᠭ ᠤᠨ | ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠦᠷᠭᠦᠯᠵᠢᠯᠡᠨ ᠳᠠᠬᠢᠨ ᠢᠶᠠᠷ ᠨᠡᠮᠡᠭᠳᠡᠭᠦᠯᠵᠦ᠂ ᠪᠦᠬᠦ | ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ 1 ᠳ᠋ᠦᠩᠰᠢᠭᠤᠷ | ᠲᠥᠭᠦᠷᠢᠭ ᠢ ᠳᠠᠪᠠᠵᠤ᠂ ᠰᠤᠳᠤᠯᠤᠨ ᠨᠡᠭᠡᠭᠡᠬᠦ ᠠᠵᠢᠯᠯᠠᠭ᠎ᠠ ᠲᠠᠢ ᠠᠵᠤ ᠠᠬᠤᠶᠢᠯᠠᠯ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠢ 40% ᠠᠴᠠ ᠳᠡᠭᠡᠭᠰᠢ ᠪᠣᠯᠭᠠᠨ᠎ᠠ᠃ ︽ᠳᠥᠷᠪᠡᠨ ᠨᠢᠭᠡ︾ | ᠶᠢᠨ ᠠᠵᠢᠯᠯᠠᠭᠠᠨ ᠢ ᠭᠦᠨᠵᠡᠭᠡᠶᠢᠷᠡᠭᠦᠯᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠲᠠᠪᠴᠠᠩ ᠢ | 2 ᠠᠴᠠ ᠳᠡᠭᠡᠭᠰᠢ ᠪᠠᠶᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠡᠷᠲᠡᠭᠡᠨ | ᠵᠠᠰᠠᠬᠤ ᠣᠷᠣᠨ ᠤ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠂ ᠬᠥᠮᠥᠷᠭᠡ ᠳᠤ ᠣᠷᠣᠭᠤᠯᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠰᠤᠳᠤᠯᠤᠨ | ᠨᠡᠭᠡᠭᠡᠬᠦ ᠲᠥᠪ ᠢ 25 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠥᠪᠡᠷᠲᠡᠭᠡᠨ ᠵᠠᠰᠠᠬᠤ ᠣᠷᠣᠨ ᠤ ︽ᠵᠠᠷᠯᠠᠨ ᠮᠠᠩᠯᠠᠶᠢᠯᠠᠭᠤᠯᠬᠤ︾ ᠵᠡᠷᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠷᠥᠯ ᠵᠦᠢᠯ ᠢ ᠮᠡᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠬᠥᠲᠥᠯᠦᠨ ᠵᠢᠯᠣᠭᠤᠳᠴᠤ ᠱᠠᠩᠨᠠᠯ ᠤᠨ ᠪᠠᠯᠠ ᠮᠥᠩᠭᠦ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠮᠢᠩ ᠶᠠᠩ ᠣᠶᠤᠨᠲᠤ ᠰᠤᠳᠤᠯᠭᠠᠨ ᠤ ᠬᠦᠷᠢᠶᠡᠯᠡᠩ ᠪᠣᠯᠤᠨ ᠤᠯᠤᠰ ᠤᠨ ᠲᠠᠰ ᠤᠨ ᠨᠠᠪᠴᠢᠨ ᠢᠯᠳᠠᠰᠤ ᠶᠢᠨ | ᠲᠤᠷᠰᠢᠯᠲᠠ ᠶᠢᠨ ᠪᠠᠶᠢᠴᠠᠭᠠᠨ ᠬᠡᠮᠵᠢᠬᠦ ᠭᠡᠷᠡᠴᠢᠯᠡᠯ ᠤᠨ ᠲᠥᠪ ᠲᠤ ᠲᠦᠰᠢᠭᠯᠡᠨ᠂ ᠵᠥᠩ ᠴᠧ ᠴᠢ ᠰᠦᠸᠧ ᠯᠦᠭᠡ | ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ | ᠨᠠᠪᠴᠢᠨ ᠲᠠᠮᠠᠬᠢᠨ ᠢᠯᠲᠠᠰᠤ᠂ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦ ᠶᠢᠨ ᠬᠠᠶᠢᠷᠴᠠᠭ᠂ ᠰᠠᠯᠬᠢᠨ | ᠬᠦᠴᠦᠨ ᠤ ᠴᠠᠬᠢᠯᠭᠠᠨ ᠤ ᠬᠤᠯᠬᠤᠪᠴᠢ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠤᠭᠰᠠᠨ ᠳᠤᠮᠳᠠ | ᠵᠡᠷᠭᠡ ᠶᠢᠨ ᠲᠤᠷᠰᠢᠯᠲᠠ ᠶᠢᠨ ᠰᠢᠯᠭᠠᠨ ᠦᠨᠡᠯᠡᠬᠦ ᠲᠠᠪᠴᠠᠩ ᠢ ᠪᠥᠲᠥᠭᠡᠨ ᠪᠠᠶᠢᠭᠤᠯᠵᠤ᠂ ︽ᠭᠤᠷᠪᠠᠨ ᠤᠮᠠᠷᠠᠲᠤ︾ | ᠶᠢ ᠨᠥᠯᠥᠭᠡᠯᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠢ ᠪᠣᠶ ᠪᠣᠯᠭᠠᠨ᠎ᠠ᠃ ᠮᠢᠩ ᠶᠠᠩ | ᠮᠡᠷᠭᠡᠵᠢᠯ ᠤᠨ ᠪᠠᠷᠢᠮᠵᠢᠶ᠎ᠠ ᠶᠢ ᠨᠡᠭᠡᠭᠡᠨ ᠬᠥᠭᠵᠢᠭᠦᠯᠵᠦ ᠰᠢᠯᠭᠠᠨ ᠪᠠᠲᠤᠯᠠᠬᠤ ᠲᠤᠷᠰᠢᠯᠲᠠ ᠶᠢᠨ ᠲᠠᠰᠤᠭ | ᠪᠠᠶᠢᠭᠤᠯᠬᠤ ᠶᠢ ᠳᠡᠮᠵᠢᠵᠦ᠂ ᠤᠯᠤᠰ ᠤᠨ ᠲᠤᠷᠰᠢᠯᠲᠠ ᠶᠢᠨ ᠲᠠᠰᠤᠭ ᠪᠤᠶᠤ ᠢᠨᠵᠧᠨᠧᠷᠢᠩ ᠤᠨ ᠲᠥᠪ ᠢ | ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ | ᠬᠥᠳᠡᠯᠦᠯᠴᠡᠵᠦ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠢ ᠴᠢᠷᠮᠠᠶᠢᠨ ᠣᠯᠵᠤ᠂ 2025 ᠣᠨ ᠪᠣᠯᠬᠤ ᠳᠤ | ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠴᠢᠷᠮᠠᠶᠢᠨ ᠡᠭᠦᠳᠦᠨ᠎ᠡ᠃ ᠴᠢᠳᠠᠪᠤᠷᠢᠲᠠᠨ ᠢ ᠤᠶᠠᠨ ᠬᠠᠳᠠᠨ | ᠴᠢᠨᠠᠷᠲᠠᠢ ᠪᠠᠷ ᠣᠷᠣᠭᠤᠯᠤᠨ ᠠᠪᠴᠢᠷᠠᠬᠤ ᠪᠠ ᠠᠮᠢᠳᠤᠯᠢᠭ ᠢᠶᠠᠷ ᠣᠷᠣᠭᠤᠯᠤᠨ ᠠᠪᠴᠢᠷᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠳᠡᠭᠡᠳᠦ ᠲᠡᠰ ᠳᠠᠪᠬᠤᠷᠭ᠎ᠠ ᠶᠢᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠠ | ᠮᠡᠷᠭᠡᠵᠢᠯ ᠤᠨ ᠠᠵᠢᠯᠴᠢᠨ ᠢ 3000 ᠬᠥᠮᠦᠨ ᠠᠴᠠ ᠳᠤᠲᠠᠭᠤ ᠪᠠᠶᠢᠯᠭᠠᠬᠤ ᠦᠭᠡᠢ᠃ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠤᠰᠬᠠᠶ ᠵᠠᠰᠠᠬᠤ ᠠᠵᠢᠯ ᠢ ᠥᠷᠨᠢᠭᠦᠯᠵᠦ᠂ ᠠᠵᠢᠯ ᠶᠠᠪᠤᠳᠠᠯ | ᠭᠦᠢᠴᠡᠳᠭᠡᠬᠦ ᠦᠷ᠎ᠡ ᠪᠦᠲᠦᠮᠵᠢ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠠᠵᠤ ᠠᠬᠤᠶᠢᠯᠠᠯ ᠪᠠ ᠣᠯᠠᠨ ᠲᠦᠮᠡᠨ ᠤ ᠬᠡᠪ ᠤᠨ ᠶᠠᠪᠤᠳᠠᠯ ᠢ ᠬᠡᠪ ᠤᠨ ᠶᠣᠰᠣᠭᠠᠷ ᠭᠦᠢᠴᠡᠳᠬᠡᠵᠦ᠂ ᠬᠡᠪ ᠤᠨ | ᠶᠠᠪᠤᠳᠠᠯ ᠳᠤ ᠪᠤᠰᠤᠳ ᠢ ᠭᠤᠶᠤᠬᠤ ᠥᠬᠡᠶ ᠪᠣᠯᠭᠠᠨ᠎ᠠ᠃ ᠣᠷᠣᠰᠢᠬᠤᠢ ᠪᠠᠨ ᠮᠡᠳᠡᠷᠡᠭᠦᠯᠬᠦ᠂ ᠵᠣᠷᠢᠭᠤᠳᠠ ᠪᠠᠷ | ᠬᠤᠷᠢᠭ᠎ᠠ ᠲᠠᠯᠪᠢᠬᠤ ᠶᠢ ᠴᠢᠩᠭ᠎ᠠ ᠪᠠᠶᠢᠴᠠᠭᠠᠵᠤ᠂ ᠲᠡᠷᠡᠴᠢᠯᠡᠨ ᠬᠤᠪᠢ ᠬᠤᠪᠢᠨ ᠤ ᠺᠠᠷᠲ ᠠᠪᠬᠤ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠣᠯᠵᠤ ᠮᠡᠳᠡᠮᠡᠭᠴᠡ ᠴᠢᠩᠭ᠎ᠠ ᠰᠢᠢᠳᠬᠡᠨ᠎ᠡ᠃ ᠬᠠᠤᠯᠢ ᠬᠡᠷᠡᠭᠵᠢᠭᠦᠯᠬᠦ ᠶᠢ | ᠴᠢᠩᠭ᠎ᠠ ᠵᠢᠷᠤᠮᠵᠢᠭᠤᠯᠵᠤ᠂ ︽ᠬᠠᠮᠢᠶᠠᠷᠤᠭᠴᠢ ᠶᠢᠨ ᠰᠡᠳᠬᠢᠬᠦᠢ︾ ᠶᠢ ᠡᠷᠡᠰ ᠲᠠᠶᠠᠭᠳᠠᠵᠤ᠂ ᠠᠰᠢᠭ ᠬᠠᠷᠠᠬᠤ | ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠡᠷᠡᠰ ᠬᠤᠷᠢᠭᠯᠠᠵᠤ᠂ ᠭᠤᠶᠤᠴᠢᠯᠠᠯ ᠲᠠᠢ ᠪᠣᠯ ᠵᠠᠪᠠᠯ ᠰᠢᠢᠳᠪᠦᠷᠢᠯᠡᠵᠦ᠂ | ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠵᠥᠭᠡᠯᠡᠨ ᠴᠢᠨᠠᠷᠲᠠᠢ ᠪᠠᠷ ᠬᠠᠤᠯᠢ | ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂ ᠪᠠᠭ᠎ᠠ ᠬᠡᠮᠵᠢᠶ᠎ᠡ ᠪᠠᠷ ᠬᠠᠤᠯᠢ ᠠᠴᠠ ᠠᠩᠬ᠎ᠠ ᠤᠳᠠᠭ᠎ᠠ ᠵᠥᠷᠢᠴᠡᠪᠡᠯ | ᠲᠣᠷᠭᠠᠬᠤ ᠦᠭᠡᠢ ᠪᠠᠶᠢᠵᠤ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠪᠥᠭᠡᠳ ᠬᠠᠶᠢᠷ᠎ᠠ ᠰᠡᠳᠬᠢᠯᠭᠡ ᠲᠠᠢ | ᠪᠣᠯᠭᠠᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠠᠷ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠨ᠂ ︽ᠬᠡᠯᠡᠭᠰᠡᠨ ᠳᠤ ᠪᠠᠨ ᠬᠦᠷᠬᠦ | ︾ ᠦᠨᠡᠨᠴᠢ ᠢᠲᠡᠭᠡᠮᠵᠢ ᠲᠠᠢ ᠵᠠᠰᠠᠭ ᠤᠨ ᠣᠷᠳᠣᠨ ᠤ ᠨᠡᠷᠡᠲᠦ ᠲᠡᠮᠳᠡᠭ ᠢ ᠨᠠᠩ ᠢᠯᠡ ᠲᠣᠳᠣ ᠪᠣᠯᠭᠠᠵᠤ᠂ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠥᠲᠥᠯᠦᠨ ᠳᠠᠭᠠᠭᠤᠯᠵᠤ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ | ᠭᠦᠨᠵᠡᠭᠡᠶᠢᠷᠡᠭᠦᠯᠦᠨ ᠠᠬᠢᠭᠤᠯᠬᠤ ᠶᠢ ᠳᠠᠶᠢᠴᠢᠯᠠᠨ᠎ᠠ᠃ | ︵ᠭᠤᠷᠪᠠ︶ ᠬᠤᠲᠠ ᠶᠢᠨ ᠴᠡᠴᠡᠭᠯᠡᠨ ᠬᠥᠭᠵᠢᠯᠲᠡ ᠪᠠᠷ ᠳᠠᠭᠠᠷᠢᠯᠲᠠ ᠬᠢᠵᠦ᠂ ᠬᠥᠮᠥᠨ ᠤ ᠬᠦᠷᠢᠶᠡᠯᠡᠯ | ᠬᠤᠳᠠᠯᠳᠤᠭᠠᠨ ᠤ ᠬᠦᠷᠢᠶᠡᠯᠡᠯ ᠢ ᠲᠥᠪᠯᠡᠷᠡᠭᠦᠯᠦᠨ᠎ᠡ᠃ ᠬᠥᠮᠦᠨ ᠤ ᠬᠦᠷᠢᠶᠡᠯᠡᠯ ᠢ ᠲᠥᠪᠯᠡᠷᠡᠭᠦᠯᠬᠦ᠂ ᠬᠤᠳᠠᠯᠳᠤᠭᠠᠨ ᠤ | ᠬᠦᠷᠢᠶᠡᠯᠡᠯ ᠢ ᠲᠥᠪᠯᠡᠷᠡᠭᠦᠯᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠬᠢ ᠪᠠᠶᠠᠯᠢᠭ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠤᠷᠰᠤᠴᠠ ᠶᠢ ᠲᠠᠲᠠᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠭᠤᠶᠢᠲᠤ ᠲᠣᠭᠤᠷᠢᠭ ᠢ ᠬᠥᠭᠵᠢᠨ ᠴᠡᠴᠡᠭᠯᠡᠭᠦᠯᠵᠦ᠂ ᠬᠥᠷ ᠨᠠᠷᠭᠢᠶᠠᠨ | ᠲᠠᠢ ᠪᠣᠯᠭᠠᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠪᠥᠬᠦ ᠲᠣᠭᠤᠷᠢᠭ ᠤᠨ | ᠰᠣᠶᠣᠯ ᠵᠢᠭᠤᠯᠴᠢᠯᠠᠯ ᠤᠨ ᠡᠬᠢ ᠰᠤᠷᠪᠤᠯᠵᠢ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠪᠠᠳᠺᠠᠷ | ᠵᠤᠤ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠺᠣᠮᠫᠠᠨᠢ ᠶᠢ ᠨᠢᠭᠡᠳᠦᠯᠲᠡᠶ ᠲᠥᠯᠥᠪᠯᠡᠬᠦ ᠪᠠ ᠨᠡᠭᠡᠭᠡᠨ ᠬᠥᠭᠵᠢᠭᠦᠯᠬᠦ ᠪᠠᠷ | ᠭᠤᠤᠯ ᠪᠣᠯᠭᠠᠵᠤ᠂ ᠪᠤᠰᠤᠳ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠢᠳᠡᠪᠬᠢᠲᠡᠶ ᠣᠷᠣᠭᠤᠯᠤᠨ ᠠᠪᠴᠢᠷᠠᠵᠤ᠂ | ᠡᠯ᠎ᠡ ᠲᠠᠯ᠎ᠠ ᠶᠢᠨ ᠬᠦᠴᠦᠨ ᠢ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠲᠥᠰᠦᠪᠯᠡᠨ᠂ ᠣᠯᠠᠨ | ᠡᠰᠢᠲᠦ ᠪᠡᠯᠡ ᠣᠷᠣᠭᠤᠯᠤᠯᠲᠠ ᠶᠢ ᠳᠠᠶᠢᠴᠢᠯᠠᠵᠤ᠂ ᠪᠥᠬᠦ ᠣᠷᠣᠨ ᠪᠦᠰᠡ ᠶᠢᠨ ᠪᠥᠬᠦ ᠤᠯᠠᠷᠢᠯ ᠤᠨ ᠵᠢᠭᠤᠯᠴᠢᠯᠠᠯ ᠤᠨ | ᠴᠡᠴᠡᠭᠯᠡᠨ ᠬᠥᠭᠵᠢᠬᠦ ᠶᠢ ᠳᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ᠎ᠡ᠃ ︽ᠳ᠋ᠠ ᠹᠠ | 1913︾ ᠣᠨᠴᠠᠯᠢᠭᠲᠤ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠬᠠᠭᠤᠴᠢᠨ | ᠲᠣᠭᠤᠷᠢᠭ ᠤᠨ ᠺᠢᠨᠣ᠋ ᠲᠧᠯᠸᠢᠰ ᠤᠨ ᠬᠤᠳᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠰᠡᠳᠬᠢᠬᠦᠢ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠬᠤ᠂ | ᠡᠵᠡᠩᠨᠡᠯᠲᠡ ᠶᠢ ᠤᠷᠢᠳᠴᠢᠯᠠᠭᠤᠯᠬᠤ ᠶᠢ ᠪᠠᠷᠢᠮᠲᠠᠯᠠᠵᠤ᠂ ᠰᠣᠶᠣᠯ ᠤᠨ ᠦᠵᠡᠭᠦᠯᠦᠯᠭᠡ ᠪᠠ ᠬᠤᠳᠠᠯᠳᠤᠭᠠᠨ ᠤ | ᠡᠵᠡᠩᠨᠡᠯᠲᠡ ᠶᠢᠨ ᠬᠡᠯᠪᠡᠷᠢ ᠶᠢ ᠣᠷᠭᠠᠨᠢᠭ ᠢᠶᠠᠷ ᠠᠭᠤᠰᠤᠯᠴᠠᠭᠤᠯᠵᠤ᠂ ᠴᠢᠰᠤ ᠪᠦᠲᠦᠭᠡᠵᠦ ᠳᠡᠶᠢᠯᠬᠦ᠂ | ᠦᠷᠭᠦᠯᠵᠢᠯᠡᠬᠦᠶᠢᠴᠡ ᠪᠠᠶᠢᠬᠤ ᠶᠢ ᠦᠨᠡᠨ ᠬᠦ ᠪᠠᠲᠤᠯᠠᠨ᠎ᠠ᠃ ᠪᠠᠳᠺᠠᠷ ᠵᠣᠤ ᠶᠢᠨ ᠦᠵᠡᠮᠵᠢ ᠶᠢᠨ ᠲᠣᠭᠤᠷᠢᠭ ᠤᠨ ᠳᠡᠰ | ᠳᠡᠪᠰᠢᠬᠦᠯᠬᠦ ᠶᠢ ᠡᠮᠬᠢ ᠲᠢᠭᠯᠢᠮ ᠲᠠᠢ ᠲᠦᠯᠬᠢᠨ ᠠᠬᠢᠭᠤᠯᠵᠤ᠂ ᠪᠤᠭᠤᠳᠦ ᠶᠢᠨ ᠡᠷᠳᠡᠨ ᠤ ᠬᠤᠳᠠ᠂ ᠬᠤᠸ᠋ᠨ ᠡᠦ | ᠷᠧᠨ ᠵᠢᠶᠠᠨ ᠵᠡᠷᠭᠡ ᠰᠣᠶᠣᠯ ᠵᠢᠭᠤᠯᠴᠢᠯᠠᠯ ᠤᠨ ᠵᠠᠩᠬᠢᠯᠠᠭ᠎ᠠ ᠶᠢᠨ ᠴᠡᠭ ᠤᠨ ᠶᠠᠰᠣ ᠴᠢᠨᠡᠷ ᠢ ᠳᠡᠭᠡᠭᠰᠢᠯᠡᠬᠦᠯᠵᠦ᠂ | ᠪᠠᠳᠺᠠᠷ ᠵᠣᠣ ᠶᠢᠨ ᠵᠢᠭᠤᠯᠴᠢᠯᠠᠯ ᠤᠨ ᠵᠠᠰᠠᠮᠠᠯ ᠵᠠᠮ᠂ ᠭᠡᠯᠬᠢᠶᠡᠵᠢᠭᠰᠡᠨ ᠵᠠᠮ ᠳᠠᠭᠠᠥ ᠶᠢᠨ ᠰᠣᠶᠣᠯ ᠵᠢᠭᠤᠯᠴᠢᠯᠠᠯ ᠤᠨ | ᠡᠬᠢ ᠪᠠᠶᠠᠯᠢᠭ ᠢ ᠨᠡᠪᠳᠡᠷᠡᠬᠦᠯᠵᠦ᠂ 5 ᠰᠣᠳᠣᠨ ᠵᠢᠭᠤᠯᠴᠢᠯᠠᠯ ᠤᠨ ᠵᠠᠮ ᠱᠣᠭᠤᠮ ᠢ ᠨᠡᠭᠡᠭᠡᠡ ᠨᠡᠪᠳᠡᠷᠡᠬᠦᠯᠵᠦ᠂ 3 | ᠵᠦᠢᠯ ᠤᠨ ᠭᠠᠵᠡᠷ ᠣᠷᠣᠨ ᠤ ᠢᠯᠭᠠᠬᠤ ᠳᠡᠮᠳᠡᠭ ᠲᠠᠢ ᠰᠣᠶᠣᠯ ᠤᠨ ᠡᠭᠦᠳᠦᠯᠲᠡ ᠶᠢᠨ ᠦᠢᠯᠡᠳᠬᠦᠨ ᠢ ᠨᠡᠭᠡᠭᠡᠨ | ᠬᠦᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠬᠦᠳᠡᠭᠡ ᠲᠣᠰᠬᠤᠨ ᠤ ᠵᠢᠭᠤᠯᠴᠢᠯᠠᠯ ᠤᠨ | 3 ᠭᠤᠣᠯᠳᠠᠯᠭ᠎ᠠ ᠲᠠᠢ ᠲᠣᠰᠬᠤᠨ ᠪᠠᠯᠭᠠᠰᠣ ᠶᠢ ᠪᠤᠢ ᠪᠤᠯᠭᠠᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠳᠦᠪᠯᠡᠷᠡᠬᠦᠯᠦᠨ ᠲᠠᠷᠬᠠᠭᠠᠬᠤ ᠲᠥᠪ ᠢ ᠪᠠᠶᠢᠭᠤᠯᠥᠨ᠎ᠠ᠃ ︽ᠰᠢᠭᠤᠶᠢᠲᠤ ᠲᠠᠢ ᠤᠴᠠᠷᠠᠶ᠎ᠠ︾ ᠲᠣᠮᠣ ᠬᠡᠯᠪᠡᠷᠢ ᠶᠢᠨ | ᠵᠢᠭᠤᠯᠴᠢᠯᠠᠯ ᠤᠨ ᠳᠦᠷᠢ ᠲᠥᠷᠬᠦ ᠶᠢᠨ ᠲᠠᠨᠢᠯᠴᠠᠭᠤᠯᠭ᠎ᠠ ᠶᠢ ᠥᠨᠳᠥᠷ ᠬᠢᠷᠢ ᠲᠦᠪᠰᠢᠨ ᠢᠶᠠᠷ ᠰᠠᠶᠢᠲᠤᠷ ᠡᠷᠭᠢᠯᠡᠵᠦ᠂ | ᠣᠯᠠᠨ ᠬᠡᠮᠵᠢᠯ ᠠᠴᠠ ︽ᠪᠠᠳᠺᠠᠷ ᠵᠤᠤ ᠬᠤᠨᠳᠠᠭᠠᠲᠤ︾ ᠳᠤᠭᠤᠶ ᠲᠡᠷᠭᠡᠨ ᠤ ᠤᠷᠤᠯᠳᠤᠭᠠᠨ ᠤ ᠨᠠᠷᠠᠲᠤ ᠲᠡᠮᠳᠡᠭ ᠢ | ᠡᠵᠡᠩᠨᠡᠨ ᠪᠣᠷᠣᠯᠠᠭᠤᠯᠵᠤ᠂ ︽ᠰᠢᠭᠤᠶᠢᠲᠤ ᠳᠤ ᠵᠤᠭᠠᠴᠠᠨ ᠨᠠᠭᠠᠳᠬᠤ︾ ᠠᠯᠳᠠᠷᠰᠢᠯ᠂ ᠰᠠᠶᠢᠰᠢᠶᠠᠯ ᠢ | ᠳᠡᠭᠡᠭᠰᠢᠯᠡᠭᠦᠯᠦᠨ᠂ ᠪᠥᠬᠦ ᠵᠢᠯ ᠳᠤ ᠵᠢᠭᠤᠯᠴᠢᠯᠠᠭᠴᠢᠳ ᠢ 200 ᠲᠦᠮᠡᠨ ᠬᠥᠮᠦᠨ ᠤᠳᠠᠭ᠎ᠠ ᠠᠴᠠ ᠳᠤᠲᠠᠭᠤ ᠥᠬᠡᠶ | ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 7 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ | ᠬᠡᠷᠡᠭᠯᠡᠭᠡᠨ ᠤ ᠪᠠᠶᠢᠳᠠᠯ ᠢ ᠶᠡᠭᠡ ᠪᠠᠷ ᠪᠤᠶᠢᠵᠢᠭᠤᠯᠤᠨ᠎ᠠ᠃ ᠬᠡᠷᠡᠭᠯᠡᠭᠡ ᠶᠢ ᠬᠥᠭᠵᠢᠭᠡᠬᠦ ᠲᠤᠰᠬᠠᠶ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠲᠥᠪ᠂ ᠢ ᠾᠧ ᠵᠢᠶᠠ ᠶᠤᠸᠠᠨ ᠬᠤᠶᠠᠷ | ᠬᠤᠳᠠᠯᠳᠤᠭᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠣᠲᠣ ᠶᠢᠨ ᠪᠠᠶᠢᠭ᠎ᠠ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰ ᠳᠡᠪᠰᠢᠭᠦᠯᠵᠦ᠂ ᠬᠡᠷᠡᠭᠯᠡᠭᠡᠨ ᠤ ᠰᠢᠨ᠎ᠡ ᠪᠠᠶᠢᠳᠠᠯ ᠢ ᠢᠳᠡᠪᠬᠢᠲᠡᠶ ᠡᠭᠦᠳᠴᠦ | ᠂ ᠳᠠᠶᠢᠴᠢᠯᠠᠬᠤ ᠬᠦᠴᠦᠨ ᠲᠠᠢ ᠭᠠᠵᠠᠷ ᠣᠷᠣᠨ ᠤ ᠲᠡᠮᠳᠡᠭ ᠢ ᠪᠣᠶ ᠪᠣᠯᠭᠠᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ | ᠴᠢᠬᠤᠯᠠ ᠶᠡᠭᠡ ᠲᠥᠷᠥᠯ ᠵᠦᠢᠯ ᠤᠨ ᠬᠥᠮᠦᠨ ᠠᠮᠠ ᠶᠢ ᠲᠥᠪᠯᠡᠷᠡᠭᠦᠯᠬᠦ ᠦᠢᠯᠡᠳᠦᠯ ᠳᠤ ᠲᠦᠰᠢᠭᠯᠡᠨ᠂ | ᠲᠣᠭᠠᠴᠢᠯᠠᠭᠰᠠᠨ ᠬᠡᠷᠡᠭᠯᠡᠭᠡ᠂ ᠪᠣᠬᠢᠷᠲᠤᠯ ᠥᠬᠡᠶ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ | ᠬᠥᠭᠵᠢᠭᠦᠯᠵᠦ᠂ ᠰᠣᠶᠣᠯ ᠵᠤᠭ᠎ᠠ ᠴᠡᠩᠭᠡᠯ᠂ ᠤᠯᠤᠰ ᠤᠨ ᠪᠠᠷᠠᠭ᠎ᠠ ᠶᠢᠨ ︽ᠤᠷᠤᠰᠬᠠᠯ ᠪᠣᠳᠠᠰ︾ ᠵᠡᠷᠭᠡ ᠰᠢᠨ᠎ᠡ ᠬᠡᠪ | ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠪᠤᠶᠢᠵᠢᠭᠤᠯᠵᠤ᠂ ᠰᠥᠨᠢ ᠶᠢᠨ ᠠᠵᠤ ᠠᠬᠤᠶ ᠶᠢ | ᠵᠣᠷᠢᠭᠵᠢᠭᠤᠯᠤᠨ ᠳᠡᠮᠵᠢᠵᠦ᠂ 10 ᠲᠠᠯᠠᠪᠤᠷ ᠠᠴᠠ ᠳᠡᠭᠡᠭᠰᠢᠬᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ | ᠥᠷᠨᠢᠭᠦᠯᠵᠦ᠂ ᠬᠡᠷᠡᠭᠯᠡᠭᠡᠨ ᠤ ᠬᠠᠯᠠᠭᠤᠨ ᠥᠷᠨᠢᠯᠲᠡ ᠶᠢ ᠳᠠᠶᠢᠴᠢᠯᠠᠨ ᠪᠦᠷᠢᠯᠳᠦᠭᠦᠯᠦᠨ᠎ᠡ᠃ ︽ᠲᠠᠶᠠᠭᠳᠠᠬᠤ︾ | ᠰᠡᠳᠬᠢᠬᠦᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠬᠠᠮᠲᠤ ᠪᠠᠷ ᠬᠦᠴᠦᠯᠡᠵᠦ᠂ ᠰᠤᠯᠠ | ᠪᠠᠶᠢᠭ᠎ᠠ ᠳᠡᠯᠭᠡᠭᠦᠷ ᠢ ᠪᠦᠲᠦᠮᠵᠢᠲᠡᠢ ᠠᠮᠢᠯᠠᠭᠤᠯᠵᠤ᠂ ᠡᠯ᠎ᠡ ᠲᠦᠷᠦᠯ ᠤᠨ ᠬᠤᠳᠠᠯᠳᠤᠭᠠᠴᠢᠨ᠂ ᠡᠵᠡᠩᠨᠡᠯᠲᠡ ᠶᠢᠨ | ᠬᠡᠯᠪᠡᠷᠢ ᠶᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠨᠡᠩ ᠤᠯᠠᠨ ᠬᠥᠮᠦᠰ ᠤᠨ ᠬᠦᠷᠢᠶᠡᠯᠡᠯ ᠢ ᠣᠯᠣᠨ᠎ᠠ᠃ | ᠰᠤᠶᠤᠯ ᠤᠨ ᠠᠭᠤᠯᠬᠤᠨ ᠢ ᠶᠡᠭᠡ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ︾ ᠢ ᠨᠠᠶᠢᠳᠠᠪᠤᠷᠢᠵᠢᠭᠤᠯᠵᠤ᠂ | ᠰᠢᠭᠤᠶᠢᠲᠤ ᠲᠣᠭᠤᠷᠢᠭ ᠤᠨ ᠣᠨᠴᠠ ᠪᠠᠶᠢᠳᠠᠭ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ | ᠬᠤᠲᠠ ᠶᠢᠨ ᠬᠥᠭᠵᠢᠯᠲᠡ ᠪᠠ ᠠᠷᠠᠳ ᠣᠯᠠᠨ ᠤ ᠠᠮᠢᠳᠤᠷᠠᠯ ᠯᠤᠭ᠎ᠠ ᠤᠶᠠᠯᠳᠤᠭᠤᠯᠤᠨ᠂ ᠨᠠᠩ ᠣᠯᠠᠨ ︽ᠰᠠᠶᠢᠰᠢᠶᠠᠯ | ᠪᠠ ᠪᠠᠭ᠋ᠠᠷᠬᠠᠯ ᠢ ᠲᠠᠲᠠᠭᠰᠠᠨ︾ ᠰᠣᠶᠣᠯ ᠤᠨ ᠪᠦᠲᠦᠭᠡᠭᠳᠡᠬᠦᠨ ᠢ ᠭᠠᠷᠭᠠᠵᠤ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠨᠠᠷᠢᠯᠢᠭ ᠬᠢᠵᠦ᠂ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢ ᠡᠳᠦᠷ ᠲᠤᠳᠤᠮ ᠤᠨ ᠠᠵᠢᠯ ᠳᠤ ᠪᠠᠨ ᠠᠭᠤᠰᠤᠯᠴᠠᠭᠤᠯᠵᠤ᠂ ︽ᠠᠨᠠᠷ ᠤᠨ ᠴᠡᠴᠡᠭ ᠪᠠᠳᠠᠷᠠᠨ | ᠳᠡᠯᠭᠡᠷᠡᠭᠰᠡᠨ ᠰᠢᠭᠤᠶᠢᠲᠤ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠷᠡᠲᠦ ᠲᠡᠮᠳᠡᠭ ᠢ ᠪᠤᠶᠢᠵᠢᠭᠤᠯᠵᠤ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠤᠳᠠ ᠶᠢᠨ ᠰᠢᠨᠡᠴᠢᠯᠡᠯᠲᠡ ᠯᠦᠭᠡ | ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠦᠰᠡ ᠶᠢ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠨ᠎ᠠ᠃ | ︵ᠲᠦᠷᠪᠡ︶ ᠬᠤᠲᠠ ᠬᠥᠳᠡᠭᠡ ᠶᠢ ᠠᠭᠤᠰᠤᠯᠴᠠᠭᠤᠯᠬᠤ ᠪᠠᠷ ᠳᠠᠭᠠᠷᠢᠯᠲᠠ ᠬᠢᠵᠦ᠂ ᠬᠤᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠪᠢᠳᠡ ᠬᠠᠮᠢᠭ᠎ᠠ ᠠᠴᠠ ᠢᠷᠡᠭᠰᠡᠨ ᠢᠶᠠᠨ ᠡᠭᠦᠷᠢᠳᠡ ᠦᠯᠦ ᠮᠠᠷᠲᠠᠵᠤ᠂ ᠬᠡᠳᠦᠢ ᠬᠤᠯᠠ | ᠶᠠᠪᠤᠭᠰᠠᠨ ᠴᠤ ᠦᠨᠳᠦᠰᠦ ᠪᠠᠨ ᠦᠯᠦ ᠮᠠᠷᠲᠠᠵᠤ᠂ ᠬᠠᠭᠤᠴᠢᠨ ᠪᠠ ᠰᠢᠨ᠎ᠡ ᠲᠣᠭᠤᠷᠢᠭ᠂ ᠲᠣᠰᠬᠤᠨ ᠪᠠ | ᠬᠤᠲᠠ ᠶᠢᠨ ᠲᠣᠭᠤᠷᠢᠭ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠪᠦᠬᠦ ᠰᠢᠭᠤᠶᠢᠲᠤ ᠲᠣᠭᠤᠷᠢᠭ ᠤᠨ | ᠠᠷᠠᠳ ᠢᠷᠭᠡᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | ᠨᠠᠶᠢᠷᠠᠮᠳᠠᠭᠤ ᠰᠠᠶᠢᠬᠠᠨ ᠬᠥᠳᠡᠭᠡ ᠲᠣᠰᠭᠤᠨ ᠤ ᠪᠦᠲᠦᠭᠡᠨ ᠪᠠᠢᠭᠤᠯᠤᠯᠲᠠ ᠶᠢ ᠲᠦᠷᠭᠡᠳᠬᠡᠨ᠎ᠡ᠃ | ᠪᠡᠯᠡᠳᠭᠡᠮᠵᠢᠳᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠬᠤᠸᠠ ᠰᠢ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠳᠤ ᠲᠦᠰᠢᠭᠯᠡᠨ᠂ ᠵᠥᠩ ᠲᠢᠶᠠᠨ ᠺᠣᠮᠫᠠᠨᠢ ᠶᠢᠨ ᠡᠷᠴᠢᠮᠵᠢᠭᠦᠯᠦᠨ ᠴᠢᠬᠢ ᠪᠤᠶᠢᠵᠢᠭᠤᠯᠬᠤ | ᠲᠥᠪ ᠪᠠᠶᠢᠭᠤᠯᠬᠤ ᠶᠢ ᠳᠡᠮᠵᠢᠵᠦ᠂ ᠪᠥᠬᠦ ᠬᠤᠲᠠ ᠶᠢᠨ ᠢᠳᠡᠰᠢᠨ ᠨᠣᠭᠤᠭ᠎ᠠ ᠭᠤᠸ᠎ᠠ ᠵᠢᠮᠢᠰ ᠤᠨ ᠬᠡᠪᠴᠢᠶᠡᠵᠢᠭᠰᠡᠨ | ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠬᠡᠪ ᠵᠠᠭᠪᠤᠷ ᠢ ᠪᠣᠶ ᠪᠣᠯᠭᠠᠨ᠎ᠠ᠃ ᠣᠲᠣ ᠦᠶ᠎ᠡ ᠶᠢᠨ ᠣᠨᠴᠠᠯᠢᠭᠲᠤ | ᠰᠢᠯᠢᠳᠡᠭ ᠴᠢᠨᠠᠷ ᠪᠦᠬᠦᠢ ᠠᠮᠢᠳᠤ ᠭᠠᠭ᠋ᠠᠶ ᠶᠢᠨ ᠡᠭᠦᠯᠳᠡᠷ ᠤᠨ ᠦᠢᠯᠡᠰ ᠢ ᠬᠥᠭᠵᠢᠭᠦᠯᠵᠦ᠂ ᠳ᠋ᠧ ᠺᠠᠩ᠂ ᠪᠠ ᠵᠢᠶᠧ | ᠵᠡᠷᠭᠡ ᠠᠵᠤ ᠠᠬᠤᠶᠢᠯᠠᠯ ᠤᠨ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠵᠤ᠂ ᠽᠧᠩ ᠽᠤ᠋ ᠳ᠋ᠠᠢ ᠡᠭᠦᠯᠳᠡᠷ ᠤᠨ ᠭᠠᠭ᠋ᠠᠶ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ | ᠳᠡᠮᠵᠢᠵᠦ᠂ ᠪᠥᠬᠦ ᠤᠯᠤᠰ ᠤᠨ ᠴᠢᠨᠠᠷ ᠰᠠᠶᠢᠲᠠᠶ ᠡᠭᠦᠯᠳᠡᠷ ᠤᠨ ᠭᠠᠭ᠋ᠠᠶ ᠶᠢ ᠪᠤᠶᠢᠵᠢᠭᠤᠯᠬᠤ ᠰᠠᠭᠤᠷᠢᠨ ᠭᠠᠵᠠᠷ ᠢ ᠪᠣᠶ | ᠪᠣᠯᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠪᠦᠬᠦ ᠲᠣᠭᠤᠷᠢᠭ ᠤᠨ ᠠᠮᠤ | ᠪᠤᠳᠠᠭᠠᠨ ᠤ ᠲᠠᠯᠠᠪᠠᠢ ᠶᠢ 1.8 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠤᠨ᠎ᠠ᠃ ᠬᠥᠳᠡᠭᠡ ᠲᠣᠰᠬᠤᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠲᠦᠯᠬᠢᠨ | ᠠᠬᠢᠭᠤᠯᠵᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ︽ᠪᠠᠳᠺᠠᠷ ᠰᠠᠶᠢᠨ ᠪᠦᠲᠦᠭᠡᠭᠳᠡᠬᠦᠨ︾ ᠤ | ᠨᠠᠷᠠᠲᠤ ᠲᠡᠮᠳᠡᠭ ᠢ ᠪᠤᠶᠢᠵᠢᠭᠤᠯᠵᠤ᠂ ᠰᠤᠮᠤ ᠪᠠᠯᠭᠠᠰᠤᠨ ᠤ ︽ᠣᠯᠠᠨ ᠲᠦᠮᠡᠨ ᠳᠤ ᠲᠠᠨᠢᠭᠳᠠᠭᠰᠠᠨ︾ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭ ᠢ ᠪᠣᠶ ᠪᠣᠯᠭᠠᠬᠤ ᠶᠢ ᠳᠡᠮᠵᠢᠵᠦ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠶᠢ ᠳᠠᠶᠢᠴᠢᠯᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠦᠨ᠂ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠪᠠ | ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠲᠦᠯᠬᠢᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ | 100% ᠳᠤ ᠬᠦᠷᠭᠡᠵᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 70% ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ | ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠤᠨ᠎ᠠ᠃ ᠬᠥᠮᠦᠵᠢᠯ ᠪᠣᠯᠪᠠᠰᠤᠷᠠᠯ᠂ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠬᠠᠭᠤᠴᠢᠨ ᠲᠣᠭᠤᠷᠢᠭ ᠤᠨ ᠳᠦᠷᠢ ᠪᠠᠶᠢᠳᠠᠯ ᠢ ᠬᠦᠴᠦ ᠲᠠᠯᠪᠢᠨ ᠰᠠᠶᠢᠵᠢᠷᠠᠭᠤᠯᠤᠨ᠎ᠠ᠃ ᠬᠠᠭᠤᠴᠢᠨ | ᠲᠣᠭᠤᠷᠢᠭ ᠤᠨ ᠰᠠᠭᠤᠷᠢ ᠪᠡᠯᠡᠳᠬᠡᠮᠵᠢ ᠶᠢ ᠰᠢᠯᠢᠳᠡᠭᠵᠢᠭᠦᠯᠵᠦ᠂ ᠱᠠᠨ ᠴᠧᠩ ᠴᠤᠭᠯᠠᠭ᠎ᠠ ᠮᠠᠶᠢᠮᠠᠶ ᠶᠢᠨ ᠵᠠᠬ᠎ᠠ | ᠳᠡᠯᠭᠡᠭᠦᠷ ᠢ ᠪᠠᠬᠢᠵᠢᠭᠦᠯᠵᠦ᠂ ᠡᠪᠳᠡᠷᠡᠵᠦ ᠬᠠᠭᠤᠴᠢᠷᠬᠠᠰᠠᠨ ᠪᠠ ᠲᠠᠷᠠᠬᠠᠶ ᠪᠤᠲᠠᠷᠬᠠᠶ ᠠᠰᠠᠷ᠂ ᠵᠠᠮ ᠢ ᠰᠡᠯᠪᠢᠨ ᠵᠠᠰᠠᠵᠤ | ᠂ ᠰᠢᠨ ᠱᠢ ᠮᠢᠨ ᠨᠡᠶᠢᠲᠡ ᠶᠢᠨ ᠰᠠᠭᠤᠴᠠ ᠶᠢ ᠥᠭᠡᠷᠡᠴᠢᠯᠡᠨ ᠵᠠᠰᠠᠨ ᠪᠠᠷᠢᠮᠵᠢᠶᠠᠵᠢᠭᠤᠯᠵᠤ᠂ ᠷᠧᠨ ᠸᠧᠢ | ᠭᠤᠳᠤᠮᠵᠢ ᠶᠢᠨ ᠰᠠᠭᠤᠭᠠᠯᠢ ᠠᠷᠠᠳ ᠢ ᠨᠡᠭᠦᠯᠭᠡᠬᠦ ᠶᠢ ᠯᠠᠪᠳᠠᠭᠤᠨ ᠢᠶᠠᠷ ᠲᠦᠯᠬᠢᠨ ᠲᠦᠯᠬᠢᠨ ᠠᠬᠢᠭᠤᠯᠵᠤ᠂ ᠵᠠᠮ | ᠬᠠᠷᠢᠯᠴᠠᠭᠠᠨ ᠤ ᠲᠡᠮᠳᠡᠭ ᠢ ᠲᠡᠭᠦᠯᠳᠡᠷᠵᠢᠭᠦᠯᠵᠦ᠂ ᠬᠠᠭᠤᠴᠢᠨ ᠲᠣᠭᠤᠷᠢᠭ ᠤᠨ ᠣᠷᠣᠨ ᠰᠠᠭᠤᠴᠠ ᠪᠠ ᠶᠠᠪᠤᠵᠤ | ᠰᠠᠭᠤᠬᠤ ᠨᠥᠬᠦᠴᠡᠯ ᠢ ᠰᠠᠶᠢᠵᠢᠷᠠᠭᠤᠯᠤᠨ᠎ᠠ᠃ ᠨᠡᠶᠢᠭᠡᠮ ᠲᠣᠭᠤᠷᠢᠭ ᠤᠨ ᠠᠵᠤ ᠠᠬᠤᠶ ᠶᠢ ᠬᠥᠭᠵᠢᠭᠦᠯᠬᠦ ᠶᠢ ᠳᠡᠮᠵᠢᠵᠦ | ᠂ ᠰᠣᠶᠣᠯ ᠵᠢᠭᠤᠯᠴᠢᠯᠠᠯ ᠤᠨ ᠡᠵᠡᠩᠨᠡᠯᠲᠡ ᠯᠦᠭᠡ ᠬᠤᠯᠪᠣᠭᠠᠯᠠᠨ ᠬᠥᠳᠡᠯᠦᠯᠴᠡᠵᠦ ᠬᠠᠷᠢᠶᠠᠲᠤ ᠲᠣᠭᠤᠷᠢᠭ ᠤᠨ | ᠰᠠᠭᠤᠭᠠᠯᠢ ᠠᠷᠠᠳ ᠤᠨ ᠣᠷᠣᠯᠴᠠᠬᠤ ᠶᠢ ᠳᠠᠶᠢᠴᠢᠯᠠᠨ᠂ ᠬᠤᠳᠠᠯᠳᠤᠭᠠᠴᠢᠨ ᠡᠷᠦᠬᠡ ᠶᠢᠨ ᠪᠣᠷᠣᠯᠠᠭᠤᠯᠭ᠎ᠠ ᠶᠢ | ᠨᠡᠮᠡᠭᠳᠡᠭᠦᠯᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠬᠠᠭᠤᠴᠢᠨ | ᠲᠣᠭᠤᠷᠢᠭ ᠤᠨ ᠣᠨᠴᠠᠯᠢᠭᠲᠤ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠺᠢᠨᠣ᠋ ᠲᠧᠯᠸᠢᠰ ᠤᠨ | ᠬᠤᠳᠠ ᠶᠢ ᠪᠠᠶᠢᠭᠤᠯᠬᠤ ᠯᠤᠭ᠎ᠠ ᠤᠶᠠᠯᠳᠤᠭᠤᠯᠤᠨ᠂ ᠺᠢᠨᠣ᠋ ᠲᠧᠯᠸᠢᠰ ᠵᠣᠬᠢᠶᠠᠨ ᠦᠢᠯᠡᠳᠬᠦ᠂ ᠤᠷᠠᠯᠢᠭ ᠤᠨ | ᠲᠣᠭᠯᠠᠯᠲᠠ ᠵᠡᠷᠭᠡ ᠠᠵᠤ ᠦᠢᠯᠡᠰ ᠢ ᠬᠥᠭᠵᠢᠭᠦᠯᠵᠦ᠂ ᠬᠤᠳᠠ ᠶᠢᠨ ᠣᠨᠴᠠᠯᠢᠭ ᠢ ᠬᠡᠪᠰᠢᠭᠦᠯᠬᠦ ᠶᠢᠨ ᠵᠡᠷᠭᠡ ᠳᠤ | ᠬᠤᠳᠠ ᠶᠢᠨ ᠳᠤᠷᠠᠰᠤᠮᠵᠢ ᠶᠢ ᠬᠥᠭᠵᠢᠭᠡᠵᠦ᠂ ᠡᠬᠢ ᠪᠠᠶᠠᠯᠢᠭ ᠢ ᠠᠰᠢᠭᠯᠠᠬᠤ ᠶᠢ ᠠᠮᠢᠳᠤᠯᠢᠭᠵᠢᠭᠤᠯᠵᠤ᠂ ᠬᠠᠭᠤᠴᠢᠨ | ᠲᠣᠭᠤᠷᠢᠭ ᠤᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ᠰᠢᠨ᠎ᠡ ᠲᠣᠭᠤᠷᠢᠭ ᠤᠨ ᠶᠠᠰᠤ ᠴᠢᠨᠠᠷ ᠢ ᠡᠮᠬᠢ ᠵᠢᠷᠤᠮ ᠲᠠᠢ ᠪᠠᠷ ᠳᠡᠭᠡᠭᠰᠢᠯᠡᠭᠦᠯᠦᠨ᠎ᠡ᠃ ᠬᠤᠲᠠ ᠶᠢᠨ | ᠰᠢᠨᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ | ᠱᠤᠭᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠲᠦᠯᠬᠢᠨ ᠠᠬᠢᠭᠤᠯᠤᠨ᠂ ᠢᠯᠴᠢ ᠬᠠᠩᠭᠠᠬᠤ᠂ ᠤᠰᠤ | ᠬᠠᠩᠭᠠᠬᠤ᠂ ᠤᠰᠤ ᠭᠠᠳᠠᠭᠰᠢᠯᠠᠭᠤᠯᠬᠤ ᠪᠡᠯᠡᠳᠬᠡᠮᠵᠢ ᠶᠢ ᠥᠭᠡᠷᠡᠴᠢᠯᠡᠵᠦ᠂ ᠯᠢ ᠰᠢᠶᠠᠩ ᠶᠤᠸᠠᠨ ᠤ ᠲᠠᠰᠤᠷᠬᠠᠶ ᠵᠠᠮ ᠢ | ᠨᠡᠪᠲᠡᠷᠡᠭᠦᠯᠵᠦ᠂ ᠳᠤᠯᠠᠭᠠᠯᠠᠭ᠎ᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠰᠢᠭᠤᠶᠢᠲᠤ ᠨᠡᠶᠢᠭᠡᠮ | ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ | ᠲᠣᠭᠤᠷᠢᠭ ᠤᠨ ᠴᠢᠳᠠᠮᠵᠢ ᠶᠢᠨ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠨᠢᠭᠡᠨᠲᠡ ᠪᠠᠶᠢᠭ᠎ᠠ | ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠠᠷᠠᠴᠢᠯᠠᠯᠲᠠ ᠬᠠᠮᠠᠭᠠᠯᠠᠯᠲᠠ ᠶᠢ ᠴᠢᠩᠭᠠᠳᠬᠠᠵᠤ᠂ | ᠨᠣᠭᠤᠭᠠᠷᠠᠭᠤᠯᠤᠯᠲᠠ ᠶᠢ ᠵᠣᠬᠢᠬᠤ ᠬᠡᠮᠵᠢᠶ᠎ᠡ ᠪᠠᠷ ᠨᠥᠬᠦᠪᠥᠷᠢᠯᠡᠵᠦ᠂ ᠳ᠋ᠣᠣ ᠳ᠋ᠧ ᠠᠭᠤᠳᠠᠮ ᠲᠠᠯᠠᠪᠠᠢ ᠪᠠ ᠯᠠᠮᠠ ᠶᠢᠨ | ᠭᠤᠣᠯ ᠴᠡᠴᠡᠷᠯᠢᠭ ᠢ ᠥᠭᠡᠷᠡᠴᠢᠯᠡᠨ ᠲᠡᠰ ᠳᠡᠪᠰᠢᠭᠦᠯᠵᠦ᠂ ᠬᠤᠳᠠ ᠶᠢᠨ ᠲᠣᠭᠤᠷᠢᠭ ᠤᠨ ᠠᠮᠢ ᠠᠬᠤᠢ ᠶᠢᠨ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ G210 ᠵᠡᠷᠭᠡ ᠭᠤᠤᠯᠳᠠᠯᠭ᠎ᠠ ᠲᠠᠢ ᠬᠡᠰᠡᠭ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠬᠡᠷᠡᠭᠵᠢᠭᠦᠯᠵᠦ᠂ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠦᠷᠭᠦᠯᠵᠢᠯᠡᠨ ᠲᠦᠯᠬᠢᠨ ᠲᠦᠯᠬᠢᠨ ᠠᠬᠢᠭᠤᠯᠵᠤ᠂ | ᠬᠤᠲᠠ ᠶᠢ ᠠᠯᠬᠤᠮ ᠳᠠᠷᠠᠭ᠎ᠠ ᠲᠠᠢ ᠪᠠᠷ ᠭᠡᠷᠡᠯᠲᠦᠭᠦᠯᠦᠨ ᠭᠤᠶᠣᠯᠠᠵᠤ᠂ ᠬᠤᠲᠠ ᠶᠢᠨ ᠲᠣᠭᠤᠷᠢᠭ ᠤᠨ ᠪᠦᠬᠦᠯᠢ | ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠴᠥᠩ ᠳ᠋ᠧ ᠶᠡᠭᠡ ᠵᠡᠭᠡᠯᠢ ᠶᠢᠨ ᠠᠷᠠᠳ ᠲᠤ ᠲᠥᠬᠦᠮ | ᠦᠵᠡᠭᠦᠯᠬᠦ ᠵᠠᠬ᠎ᠠ ᠳᠡᠯᠭᠡᠭᠦᠷ ᠢ ᠲᠠᠰ ᠳᠡᠪᠰᠢᠭᠦᠯᠵᠦ᠂ ᠱᠧᠨ ᠪᠦᠦ ᠵᠢᠶᠠ ᠶᠤᠸᠠᠨ ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠪᠠ ᠵᠠᠮ ᠱᠤᠭᠤᠮ ᠢ | ᠰᠢᠯᠢᠳᠡᠭᠵᠢᠭᠦᠯᠦᠨ᠂ ᠣᠯᠠᠨ ᠲᠦᠮᠡᠨ ᠳᠤ ᠨᠠᠩ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ | 2 ᠬᠤᠷᠢᠶᠠᠯᠠᠯ ᠢ ᠡᠭᠦᠳᠦᠨ ᠪᠠᠶᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | ᠃ | ᠠᠮᠢ ᠠᠬᠤᠢ ᠶᠢᠨ ᠦᠡᠭᠭᠡ ᠵᠢᠰᠦ ᠶᠢ ᠦᠷᠭᠦᠯᠵᠢᠯᠡᠨ ᠪᠠᠬᠢᠵᠢᠭᠦᠯᠦᠨ᠎ᠡ᠃ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠡᠷᠡᠰ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ | ᠭᠦᠨᠵᠡᠭᠡᠢ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠡᠬᠢ | ᠪᠠᠶᠠᠯᠢᠭ ᠢ ᠠᠰᠢᠭᠯᠠᠬᠤ ᠶᠢ ᠬᠠᠮᠢᠶᠠᠷᠬᠤ᠂ ᠬᠥᠷᠥᠰᠥ ᠰᠢᠷᠣᠢ ᠶᠢᠨ ᠶᠠᠰᠤ ᠴᠢᠨᠠᠷ ᠢ ᠰᠠᠶᠢᠵᠢᠷᠠᠭᠤᠯᠤᠨ | ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠲᠣᠭᠤᠰᠣ ᠰᠢᠷᠣᠢ ᠶᠢᠨ ᠪᠣᠬᠢᠷᠲᠤᠯ ᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠨᠡᠭᠦᠷᠡᠰᠦᠨ ᠴᠢᠯᠠᠭᠤ᠂ ᠪᠤᠯᠤᠳ ᠰᠢᠭᠠᠷᠤ ᠵᠡᠷᠭᠡ ᠶᠡᠭᠡ ᠬᠡᠮᠵᠢᠶᠡᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠤᠰᠤ ᠠᠷᠪᠢᠯᠠᠬᠤ ᠠᠵᠢᠯᠯᠠᠭᠠᠨ ᠢ | ᠨᠠᠶᠢᠳᠠᠪᠤᠷᠢᠵᠢᠭᠤᠯᠤᠨ᠂ ᠤᠰᠤᠨ ᠤ ᠡᠬᠢ ᠰᠤᠷᠪᠤᠯᠵᠢ ᠶᠢᠨ ᠪᠠᠷᠢᠮᠵᠢᠶ᠎ᠠ ᠶᠢᠨ ᠬᠠᠮᠠᠭᠠᠯᠠᠯᠲᠠ ᠶᠢᠨ ᠲᠣᠭᠤᠷᠢᠭ ᠤᠨ | ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ | ᠠᠵᠤ ᠦᠢᠯᠡᠳᠪᠦᠷᠢ ᠶᠢᠨ ᠤᠰᠤ ᠠᠷᠪᠢᠯᠠᠬᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠪᠠ ᠬᠤᠲᠠ | ᠬᠥᠳᠡᠭᠡ ᠶᠢᠨ ᠤᠰᠤ ᠬᠠᠩᠭᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠶ ᠶᠢ | ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠢᠯ ᠤᠨ ᠳᠣᠲᠣᠷ᠎ᠠ ︽ᠭᠤᠷᠪᠠᠨ | ᠤᠮᠠᠷᠠᠲᠤ ᠶᠢᠨ ᠢᠨᠵᠧᠨᠧᠷᠢᠩ︾ ᠢ 4.41 ᠲᠦᠮᠡᠨ ᠮᠥ ᠪᠡᠶᠡᠯᠡᠭᠦᠯᠵᠦ᠂ ᠦᠯᠡᠳᠡᠪᠦᠷᠢ 4 ᠰᠠᠭᠤᠷᠢ ᠦᠯᠡᠳᠡᠭᠳᠡᠯ | ᠬᠦᠳᠡᠷ ᠤᠨ ᠬᠥᠮᠥᠷᠭᠡ ᠶᠢ ᠪᠢᠲᠡᠭᠦᠮᠵᠢᠯᠡᠨ᠎ᠡ᠃ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ | ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠥᠷᠨᠢᠭᠦᠯᠵᠦ᠂ ᠶᠠ ᠰᠢᠨ ᠥᠨᠳᠥᠷ ᠵᠤᠤᠬ᠎ᠠ ᠶᠢᠨ ᠮᠡᠷᠭᠡᠵᠢᠯ ᠤᠨ | ᠥᠭᠡᠷᠡᠴᠢᠯᠡᠯᠲᠡ ᠪᠠ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠵᠡᠷᠭᠡ 6 ᠲᠥᠷᠥᠯ ᠵᠦᠢᠯ ᠢ | ᠵᠢᠯ ᠤᠨ ᠳᠣᠲᠣᠷ᠎ᠠ ᠳᠠᠭᠤᠰᠬᠠᠬᠤ ᠪᠠᠷ ᠴᠢᠷᠮᠠᠶᠢᠵᠤ᠂ 1 ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ 5 ᠪᠣᠬᠢᠷᠲᠤᠯ | ᠥᠬᠡᠶ ᠦᠢᠯᠡᠳᠪᠦᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠢᠶᠠᠷ | ᠨᠡᠭᠦᠷᠡᠰᠦᠲᠥ᠋ᠷᠥᠭᠴᠢ ᠬᠤᠷᠠᠮᠳᠤᠭᠤᠯᠬᠤ ᠳᠤ ᠭᠦᠨᠵᠡᠭᠡᠶ ᠣᠷᠣᠯᠴᠠᠵᠤ᠂ ᠠᠮᠢ ᠠᠬᠤᠶ ᠶᠢᠨ ᠥᠷᠲᠡᠭ ᠢ ᠬᠤᠪᠢᠷᠠᠭᠤᠯᠬᠤ | ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ | ︵ᠲᠠᠪᠤ︶ ᠠᠷᠠᠳ ᠢ ᠬᠠᠷᠠᠭᠠᠯᠵᠠᠵᠤ ᠠᠷᠠᠳ ᠲᠤ ᠠᠰᠢᠭ ᠬᠦᠷᠲᠡᠭᠡᠬᠦ ᠪᠠᠷ ᠳᠠᠭᠠᠷᠢᠯᠲᠠ ᠬᠢᠵᠦ᠂ | ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠦᠨ᠎ᠡ᠃ | ᠮᠠᠨ ᠤ ᠪᠤᠢ ᠪᠦᠬᠦᠢ ᠠᠵᠢᠯ ᠪᠣᠯ ᠴᠥᠮ ᠰᠢᠭᠤᠶᠢᠲᠤ ᠲᠣᠭᠤᠷᠢᠭ ᠤᠨ ᠠᠷᠠᠳ ᠤᠯᠠᠨ ᠢ ᠰᠠᠶᠢᠨ | ᠠᠮᠢᠳᠤᠷᠠᠭᠤᠯᠬᠤ ᠶᠢᠨ ᠲᠥᠯᠥᠭᠡ ᠶᠤᠮ᠂ ᠡᠷᠬᠡᠪᠰᠢ ᠰᠡᠳᠬᠢᠯ ᠰᠠᠨᠠᠭ᠎ᠠ ᠪᠠᠨ ᠢᠮᠠᠭᠲᠠ ᠲᠡᠳᠡᠨ ᠲᠠᠢ ᠨᠢᠭᠲᠠ | ᠬᠤᠯᠪᠣᠵᠤ᠂ ᠤᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ | ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠶᠡᠭᠡ ᠪᠠᠷ ᠲᠦᠯᠬᠢᠨ ᠠᠬᠢᠭᠤᠯᠤᠨ᠎ᠠ᠃ ᠠᠵᠢᠯ ᠣᠯᠭᠤᠯᠲᠠ ᠶᠢ | ᠠᠬᠢᠭᠤᠯᠬᠤ ᠠᠵᠢᠯᠯᠠᠭᠠᠨ ᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠶᠢ ᠪᠠᠷᠢᠮᠲᠠᠯᠠᠨ᠂ ᠠᠵᠤ ᠠᠬᠤᠶᠢᠯᠠᠯ ᠤᠨ ᠣᠶᠢᠷ᠎ᠠ ᠬᠠᠪᠢ ᠲᠤᠬᠠᠶ ᠶᠢᠨ | ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠬᠥᠲᠥᠯᠦᠨ ᠵᠢᠯᠣᠭᠤᠳᠴᠤ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠨᠢ ᠳᠣᠭᠢᠷᠠᠭᠤᠯᠤᠨ ᠨᠡᠶᠢᠭᠡᠮ ᠲᠣᠭᠤᠷᠢᠭ ᠤᠨ ᠪᠢᠴᠢᠯ ᠦᠢᠯᠡᠳᠪᠦᠷᠢ᠂ ᠬᠥᠳᠡᠭᠡ ᠲᠣᠰᠬᠤᠨ ᠤ ᠠᠵᠤ | ᠦᠢᠯᠡᠰ ᠤᠨ ᠬᠦᠷᠢᠶᠡᠯᠡᠩ᠂ ᠠᠮᠢᠳᠤᠯᠢᠭ ᠢᠶᠠᠷ ᠠᠵᠢᠯ ᠣᠯᠭᠤᠬᠤ ᠦᠢᠯᠡᠳᠪᠦᠷᠢ ᠶᠢᠨ ᠲᠠᠰᠤᠭ ᠵᠡᠷᠭᠡ | ᠠᠴᠢᠶᠠᠯᠠᠪᠤᠷᠢ ᠶᠢ ᠬᠥᠭᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠨ᠎ᠠ᠃ ᠠᠵᠢᠯ ᠣᠯᠭᠤᠬᠤ ᠪᠣᠯᠪᠠᠰᠤᠷᠠᠯ ᠤᠨ ᠮᠥᠩᠭᠦ ᠶᠢ ᠰᠠᠶᠢᠲᠤᠷ ᠬᠡᠷᠡᠭᠯᠡᠨ | ᠠᠮᠢᠳᠤᠯᠢᠭ ᠬᠡᠷᠡᠭᠯᠡᠵᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠷᠠᠭᠤᠯᠤᠨ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠶᠢ ᠲᠦᠯᠬᠢᠨ ᠠᠬᠢᠭᠤᠯᠵᠤ᠂ ︽ᠠᠵᠢᠯ ᠣᠯᠬᠤ ᠳᠤ ᠬᠦᠴᠢᠷ︾ ᠪᠠ ︽ᠠᠵᠢᠯᠴᠢᠨ | ᠡᠯᠰᠡᠬᠦ ᠳᠤ ᠬᠦᠴᠢᠷ︾ ᠪᠦᠲᠦᠴᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠲᠡᠮᠦᠷ ᠵᠠᠮ ᠤᠨ ᠠᠵᠢᠯ | ᠮᠡᠷᠭᠡᠵᠢᠯ ᠤᠨ ᠰᠤᠷᠭᠠᠭᠤᠯᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠪᠠᠷ ᠰᠤᠷᠤᠭᠴᠢ ᠡᠯᠰᠡᠬᠦ ᠠᠵᠢᠯᠯᠠᠭᠠᠨ ᠢ | ᠲᠦᠯᠬᠢᠨ ᠠᠬᠢᠭᠤᠯᠵᠤ᠂ ᠳᠠᠬᠢᠨ ᠠᠳᠠᠭ ᠲᠤ ᠪᠠᠨ 1 ᠠᠵᠢᠯ ᠮᠡᠷᠭᠡᠵᠢᠯ ᠤᠨ ᠰᠤᠷᠭᠠᠭᠤᠯᠢ ᠶᠢ ᠣᠷᠣᠭᠤᠯᠤᠨ | ᠠᠪᠴᠢᠷᠠᠵᠤ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ | ᠠᠬᠤᠶᠢᠯᠠᠯ ᠯᠤᠭ᠎ᠠ ︽ᠵᠠᠬᠢᠶᠠᠯᠠᠭ᠎ᠠ ᠶᠢᠨ ᠠᠩᠭᠢ︾ ᠵᠡᠷᠭᠡ ᠬᠡᠪ ᠵᠠᠭᠪᠤᠷ ᠢ ᠥᠷᠭᠡᠳᠬᠡᠵᠦ᠂ ᠰᠤᠷᠤᠭᠴᠢᠳ ᠢ ︽ | ᠲᠡᠭᠦᠰᠦᠮᠡᠭᠴᠡ ᠠᠵᠢᠯ ᠣᠯᠣᠭᠤᠯᠤᠨ᠎ᠠ︾᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯᠯᠠᠭ᠎ᠠ ᠶᠢ | ᠭᠦᠨᠵᠡᠭᠡᠶ ᠲᠦᠯᠬᠢᠨ ᠠᠬᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ | ᠬᠦᠴᠦᠨ ᠢᠶᠠᠷ ᠢᠶᠠᠨ ᠪᠠᠲᠤᠯᠠᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ | ᠬᠥᠮᠦᠵᠢᠯ ᠢ ᠬᠥᠭᠵᠢᠭᠦᠯᠦᠨ ᠮᠠᠨᠳᠤᠭᠤᠯᠬᠤ ᠬᠤᠶᠠᠳᠤᠭᠠᠷ ᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠲᠦᠯᠬᠢᠨ | ᠠᠬᠢᠭᠤᠯᠵᠤ᠂ ᠨᠠᠷᠠᠲᠤ ᠰᠤᠷᠭᠠᠭᠤᠯᠢ ᠶᠢᠨ ᠵᠠᠬᠢᠷᠤᠯ᠂ ᠨᠠᠷᠠᠲᠤ ᠪᠠᠭᠰᠢ᠂ ᠨᠠᠷᠠᠲᠤ ᠵᠢᠭᠠᠨ ᠰᠤᠷᠭᠠᠯᠲᠠ ᠶᠢᠨ ᠪᠦᠯᠬᠦᠮ ᠢ | ᠬᠥᠮᠦᠵᠢᠭᠦᠯᠬᠦ ᠶᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ | ᠳᠠᠪᠰᠢᠬᠤ ᠬᠢᠷᠢ ᠪᠦᠲᠦᠮᠵᠢ ᠶᠢ ᠴᠢᠩᠱᠠᠨ ᠲᠣᠭᠤᠷᠢᠭ ᠤᠨ ᠡᠮᠦᠨ᠎ᠡ ᠡᠩᠨᠡᠭᠡᠨ ᠳᠤ ᠣᠷᠣᠭᠤᠯᠵᠤ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠪᠥᠬᠦ ᠬᠤᠲᠠ ᠶᠢᠨ ᠳᠤᠮᠳᠠ | ᠡᠩᠨᠡᠭᠡᠨ ᠳᠤ ᠣᠷᠣᠭᠤᠯᠵᠤ᠂ ᠵᠢᠩᠬᠢᠨᠢ ᠠᠩᠭᠢ ᠳᠤ ᠣᠷᠣᠭᠰᠠᠨ ᠨᠣᠷᠮ᠎ᠠ ᠶᠢ 80% ᠠᠴᠠ ᠳᠠᠪᠠᠭᠤᠯᠵᠤ᠂ ᠰᠦ᠋ | ᠮᠧᠩ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠥᠬᠦ ᠬᠤᠲᠠ ᠶᠢᠨ ᠵᠢᠩᠬᠢᠨᠢ ᠠᠩᠭᠢ ᠶᠢᠨ ᠨᠢᠭᠡᠳᠦᠭᠡᠷ | ᠪᠦᠯᠦᠭ ᠰᠤᠷᠤᠭᠴᠢ ᠡᠯᠰᠡᠯᠲᠡ ᠳᠤ ᠣᠷᠣᠭᠤᠯᠬᠤ ᠪᠠᠷ ᠴᠢᠷᠮᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠢᠯᠢᠳᠡᠭ ᠴᠢᠨᠠᠷ ᠲᠠᠢ ᠲᠡᠩᠴᠡᠭᠦᠷᠢᠲᠡᠶ ᠪᠠᠶᠢᠬᠤ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠬᠠᠷᠠᠭᠠᠯᠵᠠᠯ ᠦᠵᠡᠭᠦᠯᠬᠦ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠣᠨᠴᠠᠯᠢᠭᠲᠤ ᠰᠢᠶᠠᠨ ᠤ | ᠬᠡᠪᠴᠢᠶᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡ ᠰᠤᠪᠢᠯᠠᠯᠲᠠ ᠶᠢ | ᠤᠶᠠᠯᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠴᠣᠭᠴᠠ ᠬᠤᠶᠠᠷ ᠵᠢᠭᠦᠷ︾ ᠤᠨ ᠡᠮᠴᠢᠯᠡᠭᠡᠨ ᠤ | ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠶᠢᠷᠡᠭᠦᠯᠦᠨ᠂ ᠡᠮᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ | ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ᠂ ᠬᠠᠮᠢᠶᠠᠷᠤᠯᠲᠠ ᠶᠢᠨ ᠲᠦᠷᠢᠮ ᠢ ᠥᠭᠡᠷᠡᠴᠢᠯᠡᠬᠦ ᠵᠡᠷᠭᠡ | ᠭᠤᠤᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠪᠤᠶᠢᠵᠢᠭᠤᠯᠤᠨ᠂ ᠡᠮᠴᠢ ᠰᠤᠪᠢᠯᠠᠭᠴᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠬᠢᠭᠡᠳ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠬᠢᠲᠠᠳ ᠡᠮᠨᠡᠯᠭᠡ + ᠤᠶᠤᠨᠴᠢ︾ ᠡᠷᠡᠭᠦᠯᠵᠢᠯ ᠤᠨ | ᠤᠨᠴᠠᠯᠢᠭᠳᠤ ᠡᠭᠦᠳᠡᠨ ᠡᠮᠨᠡᠯᠭᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠲᠠᠰ ᠳᠡᠪᠰᠢᠭᠦᠯᠵᠦ᠂ ᠤᠨᠴᠠᠯᠢᠬᠳᠤ ᠲᠤᠰᠬᠠᠶ ᠮᠡᠷᠭᠡᠵᠢᠯ ᠤᠨ ᠪᠥᠬᠦ ᠬᠤᠲᠠ ᠳᠠᠬᠢ | ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠤᠯᠠᠨ ᠨᠡᠶᠢᠲᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠴᠢᠩᠭᠠᠷᠠᠭᠤᠯᠵᠤ᠂ | ᠪᠡᠯᠡ ᠮᠥᠩᠭᠦ᠂ ᠭᠤᠣᠯᠯᠠᠭᠴᠢ ᠴᠢᠳᠠᠪᠤᠷᠢᠲᠠᠨ ᠵᠡᠷᠭᠡ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠵᠤ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠢ ᠳᠤᠲᠠᠭᠤ ᠭᠦᠶᠦᠯᠭᠡᠵᠦ᠂ | ᠵᠣᠭᠤᠰ ᠳᠤᠲᠠᠭᠤ ᠵᠠᠷᠤᠭᠤᠯᠵᠤ᠂ ᠡᠪᠡᠳᠴᠢᠨ ᠢ ᠨᠢ ᠰᠠᠶᠢᠲᠤᠷ ᠡᠮᠨᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢ ᠰᠢᠯᠢᠳᠡᠭᠵᠢᠭᠦᠯᠵᠦ᠂ ︽ᠬᠠ ᠨᠦᠩ ᠤᠯᠠᠨ ᠤᠯᠤᠰ ᠤᠨ ᠠᠮᠢᠳᠤᠷᠠᠯ +︾ ᠨᠡᠶᠢᠭᠡᠮ | ᠲᠣᠭᠤᠷᠢᠭ ᠤᠨ ᠮᠠᠶ᠋ᠢᠭ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠬᠡᠪ ᠳᠠᠭᠤᠷᠢᠶᠠᠯ ᠢ ᠪᠤᠢ ᠪᠣᠯᠭᠠᠵᠤ᠂ | ᠣᠷᠣᠨ ᠪᠦᠰᠡ ᠶᠢᠨ ᠡᠷᠡᠭᠦᠯᠵᠢᠯ ᠰᠤᠪᠢᠯᠠᠯᠲᠠ ᠶᠢᠨ ᠵᠢᠱᠢᠶ᠎ᠡ ᠦᠵᠡᠭᠦᠯᠬᠦ ᠲᠥᠪ ᠢ ᠡᠭᠦᠳᠦᠨ ᠪᠠᠶᠢᠭᠤᠯᠤᠨ᠎ᠠ᠃ | ᠤᠯᠤᠰ ᠤᠨ ᠨᠢᠯᠬ᠎ᠠ ᠬᠡᠤᠬᠡᠳ ᠢ ᠵᠣᠯᠭᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠢᠯᠬ᠎ᠠ | ᠬᠡᠤᠬᠡᠳ ᠤᠨ ᠣᠷᠣᠨ ᠪᠠᠶᠢᠷᠢ ᠬᠠᠩᠭᠠᠵᠤ ᠥᠭᠬᠦ ᠶᠢ ᠥᠷᠭᠡᠳᠬᠡᠨ᠂ 60ᠣᠷᠣᠨ ᠪᠠᠶᠢᠷᠢ ᠰᠢᠨ᠎ᠡ ᠪᠠᠷ | ᠨᠡᠮᠡᠭᠳᠡᠭᠦᠯᠦᠨ᠎ᠡ᠃ ᠠᠮᠢᠳᠤᠷᠠᠯ ᠤᠨ ᠳᠣᠣᠷ᠎ᠠ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠪᠠ ᠠᠰᠠᠷᠠᠨ | ᠬᠠᠷᠠᠭᠠᠯᠵᠠᠬᠤ ᠬᠠᠷᠠᠭᠠᠯᠵᠠᠯ ᠤᠨ ᠮᠥᠩᠭᠦ ᠲᠠᠷᠬᠠᠭᠠᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠢ | ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠰᠡᠷᠭᠡᠶᠢᠯᠡᠨ᠎ᠡ᠃ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠶᠢ ᠰᠠᠶᠢᠲᠤᠷ ᠠᠳᠬᠤᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠵᠤ | ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠴᠢᠳᠠᠪᠤᠷᠢ ᠶᠢ | ᠦᠨᠡᠨ ᠬᠦ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠲᠤᠰᠬᠠᠢ ᠴᠡᠭᠴᠡᠯᠡᠨ | ᠵᠠᠰᠠᠬᠤ ᠠᠵᠢᠯ ᠢ ᠥᠷᠨᠢᠭᠦᠯᠵᠦ᠂ ᠪᠦᠬᠦ ᠬᠡᠯᠬᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠭᠦᠨᠵᠡᠭᠡᠶᠢᠷᠡᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠨᠢᠭᠲᠠ ᠰᠦᠯᠵᠢᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠲᠦᠯᠬᠢᠨ | ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ | ᠳᠡᠯᠭᠡᠷᠡᠭᠦᠯᠵᠦ᠂ ︽1 + 7︾ ᠶᠡᠷᠦᠩᠬᠡᠶᠢᠯᠡᠨ ᠵᠠᠰᠠᠬᠤ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ | ᠨᠢᠭᠡ ᠪᠦᠯᠦᠭ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠵᠤ᠂ ᠪᠦᠬᠦ | ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ︽ᠤᠶᠤᠨᠲᠤ | ᠳᠣᠲᠣᠭᠠᠳᠤ ᠶᠢ ᠬᠠᠮᠠᠭᠠᠯᠠᠬᠤ︾ ᠶᠢ ᠪᠠᠶᠢᠭᠤᠯᠵᠤ᠂ ᠪᠥᠬᠦ ᠴᠠᠭ ᠤᠨ ᠪᠥᠬᠦ ᠣᠷᠣᠨ ᠪᠦᠰᠡ ᠶᠢᠨ ᠨᠡᠶᠢᠭᠡᠮ ᠤᠨ ᠠᠮᠤᠷ | ᠲᠦᠪᠰᠢᠨ ᠤ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ | ᠥᠨᠳᠥᠷ ᠬᠢᠷᠢ ᠲᠦᠪᠰᠢᠨ ᠪᠥᠬᠦᠶ ᠠᠮᠤᠷ ᠠᠮᠤᠭᠤᠯᠠᠩ ᠰᠢᠭᠤᠶᠢᠲᠤ ᠲᠣᠭᠤᠷᠢᠭ ᠢ ᠪᠥᠲᠥᠭᠡᠨ ᠪᠠᠶᠢᠭᠤᠯᠤᠨ᠎ᠠ᠃ | ᠲᠥᠯᠥᠭᠡᠯᠡᠭᠴᠢᠳ ᠡ᠂ ᠰᠢᠨ᠎ᠡ ᠡᠭᠦᠷᠭᠡ ᠨᠢ ᠵᠠᠰᠠᠭ ᠤᠨ ᠣᠷᠳᠣᠨ ᠳᠤ ᠨᠡᠩ ᠥᠨᠳᠥᠷ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ︽ᠪᠣᠢ ᠪᠣᠯᠭᠠᠬᠤ ᠳᠡᠭᠡᠭᠰᠢᠯᠡᠭᠦᠯᠬᠦ | ᠴᠢᠷᠮᠠᠶᠢᠬᠤ︾ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠵᠠᠯᠬᠠᠭᠠᠨ ᠰᠢᠢᠳᠬᠡᠵᠦ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠰᠤᠷᠤᠯᠴᠠᠨ | ᠰᠤᠳᠤᠯᠬᠤ ᠪᠠᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠵᠢᠯ ᠤᠨ | ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠴᠢᠩᠭᠠᠷᠠᠭᠤᠯᠵᠤ᠂ | ᠪᠣᠳᠠᠲᠠᠢ ᠶᠢ ᠡᠷᠬᠢᠮᠯᠡᠬᠦ ᠰᠤᠷᠲᠠᠯ ᠢᠶᠠᠨ ᠪᠠᠲᠤᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠳᠦᠷᠰᠦ | ᠪᠠᠶᠢᠳᠠᠯ ᠢ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠭᠠᠷᠭᠠᠶ᠎ᠠ᠃ | ᠲᠥᠯᠥᠭᠡᠯᠡᠭᠴᠢᠳ ᠡ︕ ᠰᠢᠨ᠎ᠡ ᠨᠢᠭᠡ ᠵᠢᠯ ᠨᠢᠭᠡᠨᠲᠡ ᠡᠬᠢᠯᠡᠵᠦ᠂ ᠴᠠᠭ ᠬᠤᠭᠤᠴᠠᠭ᠎ᠠ ᠬᠥᠮᠦᠨ ᠢ | ᠬᠦᠯᠢᠶᠡᠬᠦ ᠦᠭᠡᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠠᠷᠦ᠋ᠢᠬᠠᠨ ᠬᠥᠳᠡᠯᠦᠯᠴᠡᠵᠦ᠂ ᠲᠤᠭᠤᠷᠢᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ | ᠡᠨᠡ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠨ᠂ ᠤᠷᠤᠭᠰᠢᠯᠠᠶ᠎ᠠ︕ | | | | | | | ᠨᠡᠷ᠎ᠡ ᠦᠭᠡ ᠶᠢᠨ ᠲᠠᠶᠢᠯᠪᠤᠷᠢ | | 1. ︽ᠶᠢᠰᠦᠨ ᠵᠦᠢᠯ ᠤᠨ ᠠᠵᠢᠯᠯᠠᠭᠠᠨ︾᠄ ᠲᠤᠬᠠᠶᠢᠯᠠᠪᠠᠯ ᠲᠤᠭᠤᠷᠢᠭ ᠤᠨ ᠨᠠᠮ ᠤᠨ ᠬᠤᠷᠢᠶᠠᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯᠳᠤᠭᠠᠨ ᠠᠴᠠ ᠳᠤᠷᠠᠳᠤᠭᠰᠠᠨ ᠰᠢᠨ᠎ᠡ ᠠᠵᠤ | ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭᠠᠨ᠂ ᠤᠯᠠᠮᠵᠢᠯᠠᠯᠲᠤ ᠠᠵᠤ ᠦᠢᠯᠡᠰ ᠢ ᠰᠢᠨ᠎ᠡ ᠪᠠᠷ ᠲᠡᠰ | ᠳᠡᠪᠰᠢᠭᠦᠯᠬᠦ ᠠᠵᠢᠯᠯᠠᠭᠠᠨ᠂ ᠢᠷᠡᠭᠡᠳᠦᠢ ᠶᠢᠨ ᠠᠵᠤ ᠦᠢᠯᠡᠰ ᠢ ᠭᠦᠨᠵᠡᠭᠡᠢ ᠪᠤᠶᠢᠵᠢᠭᠤᠯᠬᠤ ᠠᠵᠢᠯᠯᠠᠭᠠᠨ᠂ | ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠢ ᠠᠮᠤᠷᠵᠢᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ | ᠠᠵᠢᠯᠯᠠᠭᠠᠨ᠂ ᠬᠥᠭᠵᠢᠯᠲᠡ ᠶᠢᠨ ᠡᠯᠧᠮᠧᠨ᠋ᠲ ᠤᠨ ᠪᠠᠭᠲᠠᠭᠠᠮᠵᠢ ᠶᠢ ᠥᠷᠭᠡᠳᠬᠡᠨ ᠰᠠᠭᠤᠷᠢ ᠶᠢ ᠬᠦᠴᠦᠷᠬᠡᠭᠵᠢᠭᠦᠯᠬᠦ | ᠠᠵᠢᠯᠯᠠᠭᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠠᠵᠢᠯᠯᠠᠭᠠᠨ | ᠂ ᠰᠣᠶᠣᠯ ᠵᠢᠭᠤᠯᠴᠢᠯᠠᠯ ᠠᠯᠤᠰᠯᠠᠨ ᠴᠢᠨᠠᠷ ᠢ ᠱᠤᠭᠤᠵᠤ ᠬᠡᠯᠪᠡᠷᠢ ᠶᠢ ᠢᠯᠡᠷᠡᠭᠦᠯᠬᠦ ᠠᠵᠢᠯᠯᠠᠭᠠᠨ᠂ ᠦᠵᠡᠰᠬᠦᠯᠡᠩᠲᠦ | ᠰᠠᠶᠢᠬᠠᠨ ᠰᠢᠭᠤᠶᠢᠲᠤ ᠲᠣᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷᠳᠡᠭ ᠢ ᠨᠡᠮᠡᠭᠳᠡᠭᠦᠯᠬᠦ ᠠᠵᠢᠯᠯᠠᠭᠠᠨ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠠᠵᠢᠯᠯᠠᠭᠠᠨ᠃ | 2. ︽ᠭᠤᠷᠪᠠᠨ ᠪᠠᠶᠢᠭ᠎ᠠ ᠬᠤᠶᠠᠷ ᠢ ᠡᠷᠢᠬᠦ︾᠂ ︽ᠭᠤᠷᠪᠠᠨ ᠪᠠᠶᠢᠬᠤ︾ ᠭᠡᠳᠡᠭ ᠨᠢ ᠪᠠᠶᠢᠭᠤᠯᠵᠤ | ᠪᠠᠶᠢᠭ᠎ᠠ᠂ ᠦᠢᠯᠡᠳᠪᠦᠷᠢᠯᠡᠵᠦ ᠪᠠᠶᠢᠭ᠎ᠠ᠂ ᠶᠠᠷᠢᠯᠴᠠᠵᠤ ᠪᠠᠶᠢᠭ᠎ᠠ ᠲᠥᠷᠥᠯ ᠵᠦᠢᠯ ᠢ ᠵᠢᠭᠠᠨ᠎ᠠ︔ ︽ᠬᠤᠶᠠᠷ ᠢ ᠡᠷᠢᠬᠦ︾ | ᠭᠡᠳᠡᠭ ᠨᠢ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ᠂ ᠪᠡᠯᠡ ᠮᠥᠩᠭᠦ ᠡᠷᠢᠬᠦ ᠶᠢ ᠵᠢᠭᠠᠵᠤ ᠪᠠᠶᠢᠨ᠎ᠠ᠃ | 3. ︽8 + 4︾ ᠦᠢᠯᠡᠴᠢᠯᠡᠭᠡᠨ ᠤ ᠦᠢᠯᠡᠰ᠄ ᠲᠤᠬᠠᠶᠢᠯᠠᠪᠠᠯ ᠰᠤᠳᠤᠯᠤᠨ ᠨᠡᠭᠡᠭᠡᠵᠦ ᠵᠢᠷᠤᠵᠤ | ᠲᠥᠯᠥᠪᠯᠡᠬᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠮᠡᠳᠡᠭᠡ | ᠵᠠᠩᠭᠢ ᠶᠢᠨ ᠮᠡᠷᠭᠡᠵᠢᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ | 8 ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠡᠷᠡᠭᠦᠯᠵᠢᠯ ᠰᠤᠪᠢᠯᠠᠯᠲᠠ᠂ ᠰᠣᠶᠣᠯ | ᠵᠢᠭᠤᠯᠴᠢᠯᠠᠯ᠂ ᠪᠥᠭᠡᠮ ᠢᠶᠠᠷ ᠬᠤᠳᠠᠯᠳᠤᠵᠤ ᠬᠥᠮᠥᠷᠭᠡᠯᠡᠨ ᠬᠠᠳᠠᠭᠠᠯᠠᠬᠤ᠂ ᠰᠤᠷᠭᠠᠨ ᠬᠥᠮᠥᠵᠢᠯ ᠪᠣᠯᠪᠠᠰᠤᠷᠠᠯ ᠵᠡᠷᠭᠡ | 4 ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠣᠯᠤᠨ᠎ᠠ᠃ | 4. ︽ᠬᠤᠶᠠᠷ ᠭᠤᠣᠯᠳᠠᠯᠭ᠎ᠠ︾᠄ ᠤᠯᠤᠰ ᠤᠨ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠪᠠ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ | 5. ︽ᠬᠤᠶᠠᠷ ᠰᠢᠨ᠎ᠡ︾᠄ ᠰᠢᠨ᠎ᠡ ᠨᠢᠭᠡᠨ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ | ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠰᠣᠯᠢᠬᠤ ᠲᠥᠷᠥ ᠶᠢᠨ ᠪᠣᠳᠣᠯᠭ᠎ᠠ ᠶᠢ ᠲᠦᠯᠬᠢᠨ | ᠠᠬᠢᠭᠤᠯᠤᠨ᠎ᠠ᠃ | 6. ︽ᠪᠣᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ ᠲᠤᠰᠬᠠᠶ ᠰᠡᠳᠦᠪᠲᠦ ᠠᠵᠢᠯᠯᠠᠭ᠎ᠠ᠄ ᠬᠤᠲᠠ ᠶᠢᠨ | ᠨᠠᠮ ᠤᠨ ᠬᠤᠷᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠦᠭᠰᠡᠨ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠢ | ᠪᠣᠯᠭᠠᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢ ᠵᠢᠭᠠᠵᠤ ᠪᠤᠶ᠃ | |