ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2025/3/20
        1. ᠰᠢᠭᠤᠶᠢᠲᠤ ᠲᠣᠭᠤᠷᠢᠭ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠦᠶ᠎ᠡ ᠳᠤ ᠬᠡᠷ ᠪᠠᠶᠢᠰᠢᠩ ᠬᠤᠳᠠᠯᠳᠤᠨ ᠠᠪᠬᠤ ᠵᠢᠯ ᠤᠨ ᠬᠢᠵᠠᠭᠠᠷᠯᠠᠯ ᠲᠠᠢ ᠤᠤ︖        ᠭᠡᠷ ᠬᠤᠳᠠᠯᠳᠤᠨ ᠠᠪᠴᠤ ᠪᠦᠬᠦᠯᠢ ᠨᠢᠭᠡ ᠵᠢᠯ ᠪᠠᠶᠢᠬᠤ ᠬᠡᠷᠡᠭᠲᠡᠢ ᠮᠥᠷᠲᠡᠭᠡᠨ ᠪᠣᠳᠠᠲᠠᠢ ᠰᠠᠭᠤᠵᠤ  ᠪᠠᠶᠢᠬᠤ ᠬᠡᠷᠡᠭᠲᠡᠢ᠃        2. ᠬᠤᠳᠠᠯᠳᠤᠭᠠᠨ ᠤ ᠳᠡᠯᠭᠡᠭᠦᠷ ᠰᠤᠷᠭᠠᠭᠤᠯᠢ ᠳᠤ ᠣᠷᠣᠬᠤ ᠭᠡᠷ ᠪᠣᠯᠵᠤ ᠪᠣᠯᠣᠨ᠎ᠠ ᠦᠦ︖        ᠲᠡᠷᠭᠡᠨ ᠬᠥᠮᠥᠷᠭᠡ᠂ ᠢᠷᠣᠭᠠᠷ ᠤᠨ ᠳᠡᠯᠭᠡᠭᠦᠷ ᠵᠡᠷᠭᠡ ᠣᠷᠣᠨ ᠰᠠᠭᠤᠴᠠ ᠶᠢᠨ ᠪᠤᠰᠤ ᠭᠡᠷ ᠰᠤᠷᠭᠠᠭᠤᠯᠢ ᠳᠤ ᠣᠷᠣᠬᠤ ᠭᠡᠷ ᠪᠠᠶᠢᠰᠢᠩ ᠪᠣᠯᠵᠤ ᠪᠣᠯᠬᠤ ᠦᠭᠡᠢ᠃        3. ᠰᠤᠷᠭᠠᠭᠤᠯᠢ ᠶᠢᠨ ᠬᠠᠷᠢᠶᠠᠯᠠᠯ ᠢ ᠰᠢᠯᠵᠢᠭᠦᠯᠦᠨ ᠵᠣᠯᠭᠠᠭᠤᠯᠬᠤ ᠠᠵᠢᠯ ᠤᠨ ᠠᠬᠢᠴᠠ ᠶᠢ ᠬᠡᠷᠬᠢᠨ ᠪᠠᠶᠢᠴᠠᠭᠠᠨ ᠯᠠᠪᠯᠠᠬᠤ ᠪᠣᠶ︖        ᠰᠤᠷᠭᠠᠭᠤᠯᠢ ᠰᠢᠯᠵᠢᠬᠦ ᠠᠬᠢᠴᠠ ᠶᠢᠨ ᠲᠤᠬᠠᠶ ᠰᠤᠷᠤᠭᠴᠢ ᠪᠣᠯᠤᠨ ᠭᠡᠷ ᠤᠨ ᠠᠬᠠᠮᠠᠳ ᠰᠢᠯᠵᠢᠵᠦ ᠣᠷᠣᠬᠤ ᠰᠤᠷᠭᠠᠭᠤᠯᠢ ᠠᠴᠠ ᠯᠠᠪᠯᠠᠭ᠎ᠠ ᠠᠪᠤᠨ᠎ᠠ᠃ ᠰᠢᠯᠵᠢᠨ ᠣᠷᠣᠬᠤ ᠰᠤᠷᠭᠠᠭᠤᠯᠢ ᠰᠤᠷᠤᠭᠴᠢ ᠪᠣᠯᠤᠨ ᠭᠡᠷ ᠤᠨ ᠠᠬᠠᠮᠠᠳ ᠤᠨ ᠪᠠᠶᠢᠴᠠᠭᠠᠨ ᠯᠠᠪᠯᠠᠬᠤ ᠶᠢ ᠬᠦᠯᠢᠶᠡᠨ ᠠᠪᠬᠤ ᠡᠭᠦᠷᠭᠡ ᠲᠠᠢ᠂ ᠡᠯᠧᠺᠲᠷᠣᠨ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ ᠢᠶᠠᠷ ᠳᠠᠮᠵᠢᠨ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃        4. ᠰᠤᠷᠤᠭᠴᠢᠳ ᠮᠤᠵᠢ ᠠᠯᠤᠰᠯᠠᠨ ᠰᠤᠷᠭᠠᠭᠤᠯᠢ ᠰᠢᠯᠵᠢᠬᠦ ᠦᠶ᠎ᠡ ᠳᠤ᠂ ᠡᠯᠧᠺᠲᠷᠣᠨ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ ᠳᠤ ᠣᠷᠣᠭᠤᠯᠤᠭᠰᠠᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠪᠠ ᠡᠷᠦᠬᠡ ᠠᠮᠠ ᠶᠢᠨ ᠲᠠᠩᠰᠠ ᠪᠤᠶᠤ ᠪᠡᠶ᠎ᠡ ᠶᠢᠨ ᠦᠨᠡᠮᠯᠡᠯ ᠳᠡᠭᠡᠷᠡᠬᠢ ᠮᠡᠳᠡᠭᠡ ᠵᠠᠩᠭᠢ ᠨᠢ ᠪᠦᠷᠢᠨ ᠨᠢᠭᠡᠳᠦᠯᠲᠡᠶ ᠪᠠᠶᠢᠳᠠᠭ᠂ ᠭᠡᠪᠡᠴᠦ ᠰᠢᠰᠲ᠋ᠧᠮ ᠠᠴᠠ ︽ᠮᠤᠵᠢ ᠶᠢᠨ ᠬᠢᠨᠠᠨ ᠰᠢᠯᠭᠠᠯᠲᠠ ᠨᠢ ᠪᠤᠷᠤᠭᠤ︾ ᠰᠢᠯᠵᠢᠭᠦᠯᠦᠨ ᠭᠠᠷᠭᠠᠵᠤ ᠪᠣᠯᠬᠤ ᠥᠬᠡᠶ ᠭᠡᠬᠦ ᠰᠠᠨᠠᠭᠤᠯᠤᠮᠵᠢ ᠥᠭᠴᠦ᠂ ᠰᠤᠷᠭᠠᠭᠤᠯᠢ ᠰᠢᠯᠵᠢᠭᠦᠯᠬᠦ ᠭᠤᠶᠤᠴᠢᠯᠠᠯ ᠢᠶᠠᠨ ᠲᠤᠰᠢᠶᠠᠵᠤ ᠳᠡᠶᠢᠯᠬᠦ ᠦᠭᠡᠢ ᠂ ᠲᠡᠭᠡᠪᠡᠯ ᠶᠠᠭᠠᠬᠢᠪᠠᠯ ᠵᠣᠬᠢᠬᠤ ᠪᠣᠶ︖        ᠡᠶᠢᠮᠦ ᠪᠠᠶᠢᠳᠠᠯ ᠭᠠᠷᠤᠭᠰᠠᠨ ᠭᠤᠣᠯ ᠰᠢᠯᠲᠠᠭᠠᠨ ᠪᠣᠯ᠂ ᠠᠩᠬ᠎ᠠ ᠤᠳᠠᠭ᠎ᠠ ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠢ ᠪᠠᠶᠢᠭᠤᠯᠬᠤ ᠦᠶ᠎ᠡ ᠳᠤ ᠪᠢᠴᠢᠵᠦ ᠣᠷᠣᠭᠤᠯᠤᠭᠰᠠᠨ ᠬᠠᠮᠢᠶ᠎ᠠ ᠪᠦᠬᠦᠢ ᠮᠡᠳᠡᠭᠡ ᠵᠠᠩᠭᠢ ᠨᠢ ᠪᠤᠷᠤᠭᠤ ᠲᠠᠢ ᠪᠠᠶᠢᠵᠤ᠂ ᠰᠤᠷᠭᠠᠭᠤᠯᠢ ᠶᠢᠨ ᠬᠠᠷᠢᠶᠠᠯᠠᠯ ᠤᠨ ᠰᠢᠰᠲ᠋ᠧᠮ ᠳᠤ ᠲᠤᠰ ᠰᠤᠷᠤᠭᠴᠢ ᠶᠢᠨ ᠮᠡᠳᠡᠭᠡ ᠵᠠᠩᠭᠢ ᠶᠢ ᠡᠷᠢᠵᠦ ᠣᠯᠬᠤ ᠦᠭᠡᠢ ᠪᠣᠯᠬᠤᠷ ᠰᠤᠷᠭᠠᠭᠤᠯᠢ ᠰᠢᠯᠵᠢᠬᠦ ᠭᠠᠷ ᠭᠦᠢᠴᠡᠳᠬᠡᠯ ᠬᠢᠬᠦ ᠶᠢᠨ ᠠᠷᠭ᠎ᠠ ᠦᠭᠡᠢ᠃ ᠪᠣᠳᠠᠲᠠᠶ ᠰᠢᠢᠳᠪᠦᠷᠢᠯᠡᠬᠦ ᠠᠷᠭ᠎ᠠ ᠭᠡᠪᠡᠯ ᠂ ᠰᠢᠯᠵᠢᠨ ᠭᠠᠷᠬᠤ ᠰᠤᠷᠭᠠᠭᠤᠯᠢ ᠲᠠᠢ ᠬᠠᠷᠢᠯᠴᠠᠵᠤ ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠰᠤᠷᠤᠭᠴᠢ ᠶᠢᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠵᠤ᠂ ᠳᠠᠬᠢᠨ ᠰᠤᠷᠭᠠᠭᠤᠯᠢ ᠰᠢᠯᠵᠢᠬᠦ ᠭᠤᠶᠤᠴᠢᠯᠠᠯ ᠢᠶᠠᠨ ᠲᠤᠰᠢᠶᠠᠨ᠎ᠠ᠃        5. ᠰᠤᠷᠭᠠᠭᠤᠯᠢ ᠰᠢᠯᠵᠢᠬᠦ ᠴᠣᠪᠣᠷᠠᠯ ᠨᠢ ᠬᠡᠳᠦᠢ ᠬᠤᠭᠤᠴᠠᠭ᠎ᠠ ᠬᠡᠷᠡᠭᠰᠡᠬᠦ ᠪᠤᠢ︖        ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠰᠤᠷᠭᠠᠭᠤᠯᠢ ᠰᠢᠯᠵᠢᠬᠦ ᠳᠤ ᠳᠥᠷᠪᠡᠨ ᠭᠤᠭᠴᠤᠭ᠎ᠠ ᠪᠠᠷ ᠬᠢᠨᠠᠨ ᠰᠢᠢᠳᠪᠦᠷᠢᠯᠡᠬᠦ ᠴᠢᠬᠤᠯᠠᠲᠠᠢ ᠪᠠᠶᠢᠵᠤ᠂ ᠭᠤᠭᠴᠤᠭ᠎ᠠ ᠨᠢᠭᠡᠪᠦᠷᠢ ᠨᠢ 10 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠵᠤ᠂ ᠤᠨᠤᠯ ᠤᠨ ᠲᠠᠯ᠎ᠠ ᠪᠠᠷ ᠬᠠᠮᠤᠭ ᠤᠨ ᠠᠷᠪᠢᠨ ᠳᠠᠭᠠᠨ 40 ᠠᠵᠢᠯᠯᠠᠬᠤ ᠡᠳᠦᠷ ᠬᠡᠷᠡᠭᠰᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号