3 ᠳ᠋ᠤᠭᠠᠷ ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ | ᠢᠦᠶ ᠪᠦᠯᠬᠦᠮ ᠳᠠᠭᠠᠭᠤᠯᠤᠨ ᠥᠪᠥᠷ ᠮᠣᠩᠭᠤᠯ ᠤᠨ ᠪᠣᠦ ᠵᠢᠶᠠᠨ ᠬᠡᠷᠡᠯ ᠴᠡᠨᠡᠭ ᠤᠨ ᠲᠤᠯᠭᠠᠭᠤᠷᠢᠯᠠᠬᠤ ᠲᠥᠷᠥᠯ | ᠵᠦᠢᠯ ᠂ ᠥᠪᠥᠷ ᠮᠣᠩᠭᠤᠯ ᠤᠨ ᠶᠦᠩ ᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠶᠢᠨ | ᠲᠥᠷᠥᠯ ᠵᠦᠢᠯ ᠂ ᠮᠧᠩ ᠨᠧᠩ ᠪᠤᠭᠤᠲᠤ ᠶᠢᠨ ᠨᠡᠭᠦᠷᠡᠰᠦ ᠴᠠᠬᠢᠯᠭᠠᠨ ᠤ ᠲᠥᠷᠥᠯ ᠵᠦᠢᠯ ᠵᠡᠷᠭᠡ ᠪᠠᠷᠢᠯᠭ᠎ᠠ ᠶᠢᠨ | ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ | ᠠᠶᠤᠯ ᠦᠭᠡᠢ ᠦᠢᠯᠡᠳᠪᠦᠷᠢᠯᠡᠯ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠪᠥᠲᠥᠭᠡᠨ ᠪᠠᠶᠢᠭᠤᠯᠤᠯᠲᠠ ᠶᠢᠨ | ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠭᠠᠢ ᠯᠢᠶᠠᠨ ᠢᠦᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ︽ᠭᠤᠷᠪᠠ ᠠᠴᠠ | ᠬᠤᠶᠠᠷ ᠢ ᠡᠷᠢᠬᠦ︾ ᠪᠠᠷ ᠭᠠᠷᠳᠠᠴᠠ ᠪᠣᠯᠭᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠨᠡᠨ ᠬᠦ | ᠰᠢᠯᠢᠳᠡᠭᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠵᠦ ᠠᠵᠤ | ᠠᠬᠤᠶᠢᠯᠠᠯ ᠤᠨ ᠡᠵᠡᠩᠨᠡᠯᠲᠡ ᠶᠢᠨ ᠪᠣᠭᠤᠮᠢ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠠᠷᠰᠢ | ᠰᠠᠭᠠᠳ᠂ ᠶᠠᠷᠢᠯᠴᠠᠵᠤ ᠪᠠᠶᠢᠭ᠎ᠠ ᠲᠦᠷᠦᠯ ᠢ ᠠᠬᠢᠭᠤᠯᠬᠤ ᠬᠦᠴᠢᠷ ᠠᠰᠠᠭᠤᠳᠠᠯ ᠢ ᠣᠨᠤᠪᠴᠢᠲᠠᠢ ᠰᠢᠢᠳᠪᠦᠷᠢᠯᠡᠵᠦ ᠂ | ᠵᠠᠬ᠎ᠠ ᠳᠡᠯᠭᠡᠭᠦᠷ ᠤᠨ ᠡᠬᠢ ᠪᠠᠶᠠᠯᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠡᠯᠡ ᠲᠣᠬᠢᠷᠠᠭᠤᠯᠭ᠎ᠠ ᠶᠢᠨ ᠵᠠᠮ ᠢ ᠥᠷᠭᠡᠳᠬᠡᠵᠦ᠂ ᠠᠵᠤ | ᠠᠬᠤᠶᠢᠯᠠᠯ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ ᠳᠤ ᠬᠦᠴᠦ ᠨᠡᠮᠡᠷᠢᠯᠡᠬᠦ ᠬᠡᠷᠡᠭᠲᠡᠢ᠃ ᠭᠤᠣᠯᠳᠠᠯᠭ᠎ᠠ ᠪᠣᠯᠬᠤ | ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠲᠦᠭᠵᠢᠷᠡᠯ ᠢ ᠴᠠᠭ ᠲᠤᠬᠠᠢ ᠳᠤᠨᠢ ᠨᠡᠪᠲᠡᠷᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ | ᠲᠦᠷᠦᠯ ᠵᠦᠢᠯ ᠤᠨ ᠤᠷᠤᠭᠰᠢᠲᠠᠢ ᠠᠬᠢᠬᠤ᠂ ᠵᠢᠱᠢᠭᠰᠡᠨ ᠦᠷ᠎ᠡ ᠠᠰᠢᠭ ᠲᠠᠢ ᠪᠣᠯᠬᠤ ᠶᠢ ᠪᠠᠲᠤᠯᠠᠬᠤ ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ︽ᠭᠤᠷᠪᠠᠨ ᠬᠠᠷᠢᠭᠤᠴᠠᠯᠭ᠎ᠠ︾ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠵᠢᠯᠯᠠᠭᠠᠨ ᠤ ᠲᠦᠷᠢᠮ ᠪᠣᠯᠤᠨ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠬᠦᠭᠡᠷᠦᠮᠵᠢ ᠶᠢᠨ ᠬᠠᠮᠠᠭᠠᠯᠠᠯᠲᠠ ᠶᠢ ᠴᠢᠩᠭᠠᠳᠬᠠᠬᠤ᠂ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ | ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠭᠤᠣᠯᠳᠠᠯᠭ᠎ᠠ ᠲᠠᠢ ᠴᠢᠩᠭᠠᠳᠬᠠᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ | ᠰᠠᠭᠤᠷᠢ ᠶᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠴᠧᠨ ᠵᠢᠶᠠ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |