3 ᠳ᠋ᠤᠭᠠᠷ ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 142 ᠳ᠋ᠤᠭᠠᠷ ᠤᠳᠠᠭᠠᠨ ᠤ ᠬᠤᠷᠠᠯ ᠵᠢᠴᠢ ᠰᠢᠭᠤᠶᠢᠲᠤ | ᠲᠣᠭᠤᠷᠢᠭ ᠤᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠵᠤ | ᠠᠬᠤᠢ ᠶᠢᠨ ᠠᠵᠢᠯᠯᠠᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠵᠢᠴᠢ ︽ᠭᠤᠷᠪᠠ ᠠᠴᠠ ᠬᠤᠶᠠᠷ ᠢ ᠡᠷᠢᠬᠦ︾ ᠵᠡᠷᠭᠡ ᠭᠤᠣᠯᠳᠠᠯᠭ᠎ᠠ ᠪᠣᠯᠬᠤ ᠡᠭᠦᠷᠭᠡ ᠶᠢ ᠴᠢᠨᠠᠷ | ᠰᠠᠶᠢᠲᠠᠢ ᠠᠬᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ᠤᠮᠠᠷᠠᠲᠤ ᠶᠢᠨ ᠭᠤᠷᠪᠠᠨ ᠣᠷᠣᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠰᠢᠭᠤᠶᠢᠲᠤ ᠲᠣᠭᠤᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ | ᠨᠦᠭᠦᠴᠡᠯ ᠢ ᠬᠦᠴᠦᠯᠡᠨ ᠰᠢᠯᠢᠳᠡᠭᠵᠢᠭᠦᠯᠵᠦ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ ᠵᠡᠷᠭᠡ ᠠᠵᠢᠯ ᠢ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠰᠢᠭᠤᠶᠢᠲᠤ ᠲᠣᠭᠤᠷᠢᠭ ᠤᠨ ᠲᠣᠭᠤᠷᠢᠨ ᠪᠠᠶᠢᠴᠠᠭᠠᠯᠲᠠ ᠶᠢᠨ ᠠᠵᠢᠯ ᠤᠨ | ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ | ᠠᠳᠬᠤᠬᠤ ᠬᠡᠷᠡᠭᠲᠡᠶ᠃ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠭᠦᠨᠵᠡᠭᠡᠶᠢᠷᠡᠭᠦᠯᠵᠦ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠲᠦᠷᠭᠡᠨ ᠰᠠᠶᠢᠲᠤᠷ ᠠᠳᠬᠤᠬᠤ ᠬᠡᠷᠡᠭᠲᠡᠢ᠃ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠦᠳᠲᠡᠷ ᠲᠦᠷᠭᠡᠨ ᠬᠥᠳᠡᠯᠦᠯᠴᠡᠬᠦ ᠪᠠᠷ | ᠪᠠᠷᠠᠬᠤ ᠥᠬᠡᠶ ᠪᠠᠰᠠ ᠦᠷᠭᠦᠯᠵᠢᠯᠡᠨ ᠬᠦᠴᠦᠯᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ | ᠠᠭᠤᠳᠠᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠪᠦᠬᠦᠯᠢ ᠴᠣᠭᠴᠠ ᠶᠢᠨ ᠠᠵᠢᠯ ᠤᠨ ᠬᠢᠷᠢ ᠲᠦᠪᠰᠢᠨ ᠤ | ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠰᠢᠭᠤᠶᠢᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ︾᠂ ︽ᠤᠯᠤᠰ ᠲᠥᠷᠥ ᠶᠢᠨ | ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ | 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ | |