ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠬᠢᠯᠭᠠᠨ ᠮᠡᠳᠡᠭᠡ 3 ᠰᠠᠷ᠎ᠠ ᠶᠢᠨ 22 ᠤᠨ | ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ | ᠲᠥᠪ ᠬᠤᠷᠢᠶ᠎ᠠ ᠳᠤ ᠴᠠᠬᠢᠯᠭᠠᠨ ᠴᠢᠮᠡᠭᠡ ᠶᠠᠪᠤᠭᠤᠯᠵᠤ᠂ ᠯᠠᠤᠰ ᠤᠨ ᠠᠷᠠᠳ ᠤᠨ ᠬᠤᠪᠢᠰᠬᠠᠯᠲᠤ ᠨᠠᠮ ᠪᠠᠶᠢᠭᠤᠯᠤᠭᠳᠠᠭᠰᠠᠨ | 70 ᠵᠢᠯ ᠤᠨ ᠣᠶ ᠳᠤ ᠪᠠᠶᠠᠷ ᠬᠦᠷᠭᠡᠪᠡ᠃ ᠪᠠᠶᠠᠷ ᠤᠨ ᠴᠠᠬᠢᠯᠭᠠᠨ ᠮᠡᠳᠡᠭᠡ ᠳᠡᠭᠡᠨ᠄ | 70 ᠵᠢᠯ ᠤᠨ ᠲᠤᠷᠰᠢ᠂ ᠯᠠᠤᠰ ᠤᠨ ᠠᠷᠠᠳ ᠤᠨ ᠬᠤᠪᠢᠰᠬᠠᠯᠲᠤ ᠨᠠᠮ ᠯᠠᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠴᠢᠯᠦᠭᠡᠯᠡᠯᠲᠡ ᠪᠣᠯᠣᠨ ᠤᠯᠤᠰ ᠤᠨ ᠨᠢᠭᠡᠳᠦᠯ ᠢᠶᠠᠨ ᠪᠡᠶᠡᠯᠡᠭᠦᠯᠵᠦ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠰᠢᠨᠡᠴᠢᠯᠡᠯᠲᠡ ᠶᠢᠨ ᠦᠢᠯᠡᠰ ᠤᠨ ᠭᠡᠷᠡᠯ ᠰᠠᠴᠤᠷᠠᠩᠭᠤᠢ | ᠠᠮᠵᠢᠯᠲᠠ ᠶᠢ ᠣᠯᠪᠠ᠃ ᠢᠯᠠᠩᠭᠤᠶ᠎ᠠ ᠯᠠᠤᠰ ᠤᠨ ᠨᠠᠮ ᠤᠨ ᠠᠷᠪᠠᠨ ᠨᠢᠭᠡᠳᠦᠭᠡᠷ ᠶᠡᠭᠡ ᠬᠤᠷᠠᠯ ᠠᠴᠠ ᠨᠠᠭᠠᠰᠢ᠂ ᠯᠠᠤᠰ ᠤᠨ | ᠨᠠᠮ ᠤᠨ ᠲᠥᠪ ᠬᠤᠷᠢᠶ᠎ᠠ ᠨᠠᠮ ᠤᠨ ᠤᠳᠤᠷᠢᠳᠤᠯᠭ᠎ᠠ ᠪᠠᠨ ᠬᠦᠴᠦᠯᠡᠨ ᠪᠠᠬᠢᠵᠢᠭᠦᠯᠦᠨ ᠲᠡᠭᠦᠯᠳᠡᠷᠵᠢᠭᠦᠯᠵᠦ᠂ ᠤᠯᠤᠰ ᠲᠦᠷᠦ | ᠨᠡᠶᠢᠭᠡᠮ ᠲᠣᠭᠲᠠᠭᠤᠨ ᠪᠠᠶᠢᠵᠤ᠂ ᠠᠵᠤ ᠠᠬᠤᠢ ᠦᠷᠭᠦᠯᠵᠢᠯᠡᠨ ᠬᠥᠭᠵᠢᠵᠦ᠂ ᠠᠷᠠᠳ ᠤᠨ ᠠᠮᠢᠳᠤᠷᠠᠯ ᠡᠳᠦᠷ ᠢᠷᠡᠬᠦᠶ᠎ᠡ | ᠰᠠᠶᠢᠵᠢᠷᠠᠵᠤ᠂ ᠳᠡᠯᠡᠬᠡᠢ ᠳᠡᠭᠡᠷᠡᠬᠢ ᠨᠥᠯᠥᠭᠡ ᠲᠠᠰᠤᠷᠠᠯᠳᠠ ᠦᠭᠡᠢ ᠳᠡᠭᠡᠭᠰᠢᠯᠡᠭᠰᠡᠨ ᠳᠤ ᠳᠤᠮᠳᠠᠳᠤ ᠤᠯᠤᠰ ᠤᠨ ᠨᠠᠮ ᠪᠣᠯᠣᠨ | ᠠᠷᠠᠳ ᠲᠦᠮᠡᠨ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠶᠡᠷᠦᠩᠬᠡᠢ ᠱᠦᠵᠢ ᠲᠦᠩᠯᠦ᠋ᠨ ᠢᠶᠠᠷ | ᠲᠦᠷᠦᠭᠦᠯᠡᠭᠦᠯᠦᠭᠰᠡᠨ ᠯᠠᠤᠰ ᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠤᠰ ᠤᠨ ᠨᠠᠮ | ᠪᠣᠯᠣᠨ ᠠᠷᠠᠳ ᠲᠦᠮᠡᠨ ᠯᠠᠪᠲᠠᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠰᠢᠨᠡᠴᠢᠯᠡᠯᠲᠡ ᠶᠢᠨ ᠦᠢᠯᠡᠰ ᠢ | ᠬᠦᠴᠦᠲᠡᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠯᠠᠤᠰ ᠤᠨ ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ ᠤᠨ | ᠢᠯᠠᠯᠲᠠ ᠲᠠᠢ ᠬᠤᠷᠠᠯᠳᠤᠬᠤ ᠪᠠᠨ ᠤᠭᠲᠤᠬᠤ ᠶᠢ ᠢᠲᠡᠭᠡᠵᠦ ᠪᠠᠶᠢᠨ᠎ᠠ᠃ | ᠨᠡᠶᠢᠭᠡᠮ ᠵᠢᠷᠤᠮ ᠤᠨ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠨᠠᠮ᠂ | ᠵᠠᠰᠠᠭ ᠤᠨ ᠣᠷᠳᠣᠨ᠂ ᠠᠷᠠᠳ ᠲᠦᠮᠡᠨ ᠢᠮᠠᠭᠲᠠ ᠯᠠᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠢ | ᠨᠠᠶᠢᠳᠠᠪᠤᠷᠢᠲᠠᠢ ᠨᠠᠶᠢᠵᠠ ᠪᠠ ᠬᠠᠨᠢᠲᠠᠨ ᠢᠶᠠᠷ ᠦᠵᠡᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠬᠡᠳᠤ ᠶᠢᠨ | ᠬᠠᠷᠠᠭᠠᠰᠤ ᠠᠴᠠ ᠳᠤᠮᠳᠠᠳᠤ ᠯᠠᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠴᠢᠬᠤᠯᠠᠴᠢᠯᠠᠪᠠ᠃ 2023 ᠣᠨ ᠤ 10 | ᠰᠠᠷ᠎ᠠ ᠳᠤ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠲᠦᠩᠯᠦ᠋ᠨ ᠲᠠᠢ ᠬᠠᠮᠲᠤ ᠪᠠᠷ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠰᠢᠨ᠎ᠡ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠭᠠᠷ ᠤᠨ ᠦᠰᠦᠭ ᠵᠢᠷᠤᠵᠤ᠂ ᠰᠢᠨ᠎ᠡ ᠴᠠᠭ | ᠦᠶ᠎ᠡ ᠶᠢᠨ ᠳᠤᠮᠳᠠᠳᠤ ᠯᠠᠤᠰ ᠤᠨ ᠬᠠᠷᠢᠯᠴᠠᠭᠠᠨ ᠤ ᠬᠥᠭᠵᠢᠯᠲᠡ ᠪᠣᠯᠣᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠰᠠᠶᠢᠨ ᠰᠠᠶᠢᠬᠠᠨ ᠵᠢᠷᠤᠭ ᠲᠥᠰᠥᠪ ᠢ ᠵᠢᠷᠤᠭᠯᠠᠪᠠ᠃ ᠬᠤᠶᠠᠷ ᠨᠠᠮ ᠬᠤᠶᠠᠷ ᠤᠯᠤᠰ ᠤᠨ ᠬᠠᠮᠤᠭ ᠤᠨ | ᠳᠡᠭᠡᠳᠦ ᠤᠳᠤᠷᠢᠳᠬᠤ ᠬᠥᠮᠥᠨ ᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠳᠤᠮᠳᠠᠳᠤ ᠯᠠᠤᠰ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠳᠡ ᠦᠭᠡᠢ ᠭᠦᠨᠵᠡᠭᠡᠶᠢᠷᠡᠨ ᠪᠣᠳᠠᠲᠠᠶᠢᠵᠢᠵᠤ᠂ ᠠᠯᠢ ᠤᠯᠠᠨ | ᠰᠢᠨ᠎ᠡ ᠦᠷ᠎ᠡ ᠪᠦᠲᠦᠭᠡᠯ ᠰᠢᠨ᠎ᠡ ᠠᠬᠢᠴᠠ ᠲᠠᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ | ᠦᠢᠯᠡᠳᠦᠭᠰᠡᠨ ᠪᠠᠶᠢᠨ᠎ᠠ᠃ | ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ | ᠠᠬᠢᠭᠤᠯᠵᠤ ᠪᠤᠢ᠂ ᠯᠠᠤᠰ ᠴᠤ ᠤᠯᠤᠰ ᠤᠨ ᠬᠥᠭᠵᠢᠯ ᠮᠠᠨᠳᠤᠯ ᠤᠨ ᠴᠢᠬᠤᠯᠠ ᠱᠠᠲᠤᠨ ᠳᠤ ᠣᠷᠣᠰᠢᠵᠤ ᠪᠠᠶᠢᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠷᠠᠲᠠᠶ᠎ᠠ ᠯᠠᠤᠰ ᠤᠨ ᠠᠷᠠᠳ ᠤᠨ ᠬᠤᠪᠢᠰᠬᠠᠯᠲᠤ ᠨᠠᠮ ᠯᠤᠭ᠎ᠠ ᠬᠠᠮᠲᠤ ᠪᠠᠷ᠂ ᠬᠤᠶᠠᠷ ᠨᠠᠮ | ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠨᠠᠮ ᠢ ᠵᠠᠰᠠᠬᠤ ᠲᠦᠷᠦ ᠶᠢ ᠵᠠᠰᠠᠬᠤ | ᠤᠨᠤᠯ ᠪᠣᠯᠣᠨ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ ᠭᠦᠨᠵᠡᠭᠡᠶᠢᠷᠡᠭᠦᠯᠵᠦ᠂ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠬᠥᠭᠵᠢᠯᠲᠡ ᠶᠢᠨ ᠵᠠᠮ ᠢ ᠬᠠᠮᠲᠤ ᠪᠠᠷ ᠰᠦᠪᠡᠭᠴᠢᠯᠡᠵᠦ᠂ | ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ᠂ ᠴᠢᠨᠠᠷ | ᠰᠠᠶᠢᠲᠠᠢ᠂ ᠥᠨᠳᠥᠷ ᠲᠦᠪᠰᠢᠨ ᠪᠦ᠋ᠬᠦᠢ ᠴᠢᠭᠯᠡᠯ ᠢᠶᠠᠷ ᠲᠠᠰᠤᠷᠠᠯᠳᠠ ᠦᠭᠡᠢ ᠤᠷᠤᠭᠰᠢᠯᠠᠬᠤ ᠶᠢ ᠠᠬᠢᠭᠤᠯᠤᠨ᠎ᠠ ᠭᠡᠪᠡ᠃ | |