ᠴᠠᠭ ᠦᠶ᠎ᠡ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠡᠨᠡ ᠬᠦ ᠠᠭᠤᠤ ᠶᠡᠭᠡ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠰᠢᠨ ᠸᠠᠩ ᠨᠡᠶᠢᠭᠡᠮ ᠲᠣᠭᠤᠷᠢᠭ ᠤᠨ ᠬᠢᠨ ︽ᠬᠠᠶᠢᠷ᠎ᠠ | ᠬᠠᠪᠤᠷ ᠤᠨ ᠤᠯᠠᠷᠢᠯ ᠳᠤ ᠦᠢᠯᠡᠳᠦᠯᠭᠡ ᠤᠭ ᠰᠠᠨᠠᠭ᠎ᠠ ᠶᠢ ᠭᠡᠷᠡᠴᠢᠯᠡᠨ᠎ᠡ︾ ᠭᠡᠬᠦ ᠯᠸᠢ ᠹᠧᠩ ᠠᠴᠠ ᠲᠠᠭᠠᠨ | ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ ᠡᠨᠡ ᠨᠢ ᠡᠯᠪᠡᠭ ᠪᠠᠶᠠᠯᠢᠭ | ᠠᠭᠤᠯᠭ᠎ᠠ ᠲᠠᠢ ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠯᠸᠢ ᠹᠧᠩ ᠤᠨ ᠵᠣᠷᠢᠭ ᠰᠠᠨᠠᠭ᠎ᠠ ᠶᠢ ᠨᠡᠶᠢᠭᠡᠮ | ᠲᠣᠭᠤᠷᠢᠭ ᠤᠨ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ | ᠲᠦᠮᠡᠨ ᠳᠤ ᠦᠢᠯᠡᠴᠢᠯᠡᠵᠦ᠂ ᠨᠡᠶᠢᠭᠡᠮ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ | ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠭᠢᠯᠪᠠᠭ᠎ᠠ ᠰᠠᠴᠤᠷᠠᠭᠤᠯᠬᠤ ᠶᠢᠨ ᠲᠥᠯᠥᠭᠡ | ᠶᠤᠮ᠃ | ᠵᠣᠷᠢᠭ ᠰᠠᠨᠠᠭ᠎ᠠ ᠶᠢ ᠨᠢ ᠰᠤᠷᠤᠯᠴᠠᠵᠤ᠂ ᠤᠭ ᠰᠠᠨᠠᠭ᠎ᠠ ᠶᠢ ᠨᠢ ᠤᠬᠠᠵᠤ᠂ ᠦᠯᠢᠭᠡᠷ ᠳᠠᠭᠤᠷᠢᠶᠠᠯ ᠤᠨ | ᠬᠦᠴᠦᠨ ᠢ ᠤᠯᠠᠮᠵᠢᠯᠠᠬᠤ | ᠠᠵᠢᠯᠯᠠᠭ᠎ᠠ ᠨᠢ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠬᠥᠰᠢᠭᠡ ᠪᠠᠨ ᠰᠡᠬᠦᠵᠦ᠂ | ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠪᠠ ᠰᠠᠭᠤᠭᠠᠯᠢ ᠠᠷᠠᠳ ᠢ | ᠵᠣᠬᠢᠶᠠᠨ ᠪᠠᠶᠢᠭᠤᠯᠤᠨ ᠯᠸᠢ ᠹᠧᠩ ᠤᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠰᠤᠷᠤᠯᠴᠠᠭᠤᠯᠵᠤ᠂ ᠤᠨᠤᠯ ᠤᠨ | ᠬᠥᠮᠦᠵᠢᠯ ᠪᠠ ᠦᠯᠢᠭᠡᠷ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠤᠯᠠᠨ ᠲᠦᠮᠡᠨ ᠤ ᠬᠠᠯᠠᠭᠤᠨ ᠰᠡᠳᠬᠢᠯᠭᠡ ᠶᠢ | ᠬᠥᠭᠵᠢᠭᠡᠪᠡ᠃ ᠠᠭᠤᠯᠭ᠎ᠠ ᠨᠢ ᠯᠸᠢ ᠹᠧᠩ ᠤᠨ ᠨᠢᠭᠡ ᠨᠠᠰᠤᠨ ᠤ ᠦᠢᠯᠡ ᠠᠵᠢᠯᠯᠠᠭ᠎ᠠ᠂ ᠰᠢᠨ᠎ᠡ ᠴᠠᠭ ᠦᠶ᠎ᠡ ᠶᠢᠨ | ᠯᠸᠢ ᠹᠧᠩ ᠤᠨ ᠵᠣᠷᠢᠭ ᠰᠠᠨᠠᠭᠠᠨ ᠤ ᠠᠭᠤᠯᠤᠭᠳᠠᠬᠤᠨ ᠵᠢᠴᠢ ᠦᠢᠯᠡᠳᠦᠯᠭᠡ ᠶᠢᠨ ᠠᠷᠭ᠎ᠠ ᠵᠠᠮ ᠢ ᠬᠠᠮᠤᠷᠴᠤ᠂ ᠦᠨᠡᠨ | ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠦᠨᠳᠦᠰᠦᠨ | ᠱᠠᠲᠤᠨ ᠤ ᠵᠠᠰᠠᠯᠲᠠ ᠳᠤᠮᠳᠠᠬᠢ ᠪᠣᠳᠠᠲᠤ ᠠᠴᠢ ᠬᠤᠯᠪᠣᠭᠳᠠᠯ ᠢ ᠢᠯᠡᠷᠡᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ | ︽ᠪᠢᠴᠢᠯ ᠠᠵᠢᠯᠯᠠᠭ᠎ᠠ︾ ᠪᠣᠯᠭᠠᠨ ᠬᠤᠪᠢᠷᠠᠭᠤᠯᠵᠤ᠂ ᠬᠠᠶᠢᠷ᠎ᠠ ᠬᠠᠯᠠᠮᠵᠢ ᠶᠢᠨ ᠬᠦᠴᠦᠨ ᠴᠢᠳᠠᠯ ᠢ ᠳᠠᠮᠵᠢᠭᠤᠯᠪᠠ᠃ | | ᠣᠷᠴᠢᠨ ᠲᠣᠭᠤᠷᠢᠨ ᠢ ᠬᠠᠮᠠᠭᠠᠯᠠᠵᠤ᠂ ᠪᠣᠯᠪᠠᠰᠤᠨ ᠢ ᠰᠠᠨᠠᠭᠠᠴᠢᠯᠠᠵᠤ᠂ ᠰᠠᠶᠢᠨ ᠰᠠᠶᠢᠬᠠᠨ ᠭᠡᠷ | ᠣᠷᠣᠨ ᠢᠶᠠᠨ ᠬᠠᠮᠲᠤᠪᠠᠷ ᠪᠠᠶᠢᠭᠤᠯᠬᠤ | ᠣᠨᠣᠯ ᠤᠨ ᠰᠤᠷᠤᠯᠴᠠᠯᠭ᠎ᠠ ᠶᠢᠨ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶᠠᠲᠤ | ᠲᠣᠭᠤᠷᠢᠭ ᠤᠨ ᠵᠡᠭᠡᠯᠢ ᠭᠤᠳᠤᠮᠵᠢ ᠵᠢᠴᠢ ᠣᠯᠠᠨ ᠨᠡᠶᠢᠲᠡ ᠶᠢᠨ ᠣᠷᠣᠨ ᠪᠦᠰᠡ ᠳᠤ ᠭᠦᠨᠵᠡᠭᠡᠶᠢᠷᠡᠵᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠤᠯᠠᠨ ᠢᠶᠠᠷ ᠢᠶᠠᠨ ᠬᠤᠭ | ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠰᠠᠭᠤᠭᠠᠯᠢ ᠠᠷᠠᠳ ᠤᠨ ᠪᠣᠯᠪᠠᠰᠤᠨ ᠠᠵᠢᠯᠯᠠᠭ᠎ᠠ ᠶᠢ ᠢᠳᠬᠠᠵᠤ᠂ ᠤᠯᠠᠨ | ᠲᠦᠮᠡᠨ ᠢ ᠲᠠᠶᠢᠴᠢᠯᠠᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠮᠲᠤ ᠪᠠᠷ ᠣᠷᠣᠯᠴᠠᠭᠤᠯᠵᠤ᠂ ︽ᠬᠥᠮᠦᠨ | ᠪᠦᠬᠦᠨ ᠬᠠᠮᠲᠤ ᠪᠠᠷ ᠪᠠᠶᠢᠭᠤᠯᠵᠤ᠂ ᠬᠥᠮᠦᠨ ᠪᠦᠬᠦᠨ ᠬᠠᠮᠲᠤ ᠪᠠᠷ ᠡᠳ᠋ᠯᠡᠬᠦ︾ ᠪᠣᠯᠪᠠᠰᠤᠨ ᠤ ᠣᠶᠢᠯᠠᠭᠠᠭᠳᠠᠬᠤᠨ ᠢ | ᠤᠯᠠᠮᠵᠢᠯᠠᠵᠤ᠂ ᠨᠡᠶᠢᠭᠡᠮ ᠲᠣᠭᠤᠷᠢᠭ ᠲᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠮᠡᠷᠢᠯᠡᠭᠰᠡᠨ | ᠪᠠᠶᠢᠨ᠎ᠠ᠃ | | ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠠᠯᠠᠭᠤᠨ ᠰᠡᠳᠭᠢᠯᠭᠡ ᠶᠢ ᠤᠯᠠᠮᠵᠢᠯᠠᠵᠤ᠂ ᠠᠷᠠᠳ ᠲᠤ ᠲᠦᠬᠦᠮ | ᠦᠵᠡᠭᠦᠯᠬᠦ ᠦᠢᠯᠡᠴᠢᠯᠡᠭᠡ ᠬᠥᠮᠦᠰ ᠤᠨ ᠰᠡᠳᠬᠢᠯ ᠢ ᠳᠤᠯᠠᠭᠠᠴᠠᠭᠤᠯᠬᠤ | ᠵᠡᠷᠭᠡ ᠪᠠᠷ ᠥᠷᠨᠢᠭᠦᠯᠦᠭᠰᠡᠨ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠬᠠᠶᠢᠴᠢᠯᠠᠯ︾ ᠤᠨ | ᠠᠵᠢᠯᠯᠠᠭ᠎ᠠ ᠨᠢ ᠮᠠᠰᠢ ᠣᠯᠠᠨ ᠰᠠᠭᠤᠭᠠᠯᠢ ᠠᠷᠠᠳ ᠢ ᠲᠠᠲᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠶᠠᠲᠤ | ᠲᠣᠭᠤᠷᠢᠭ ᠤᠨ ᠨᠠᠰᠤᠲᠠᠨ᠂ ᠬᠦᠴᠢᠷᠳᠡᠯᠲᠡᠶ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠦᠰᠦ | ᠵᠠᠰᠠᠵᠤ᠂ ᠨᠢᠭᠡ ᠲᠠᠯ᠎ᠠ ᠪᠠᠷ ᠨᠠᠷᠢᠨ ᠨᠢᠮᠪᠠᠶ ᠭᠡᠵᠢᠭᠡ ᠬᠠᠶᠢᠴᠢᠯᠠᠵᠤ᠂ ᠨᠥᠭᠦᠭᠡ ᠲᠠᠯ᠎ᠠ ᠪᠠᠷ ᠰᠠᠭᠤᠭᠠᠯᠢ ᠠᠷᠠᠳ ᠲᠠᠢ | ᠳᠣᠲᠣᠨᠣ ᠪᠠᠷ ᠶᠠᠷᠢᠯᠴᠠᠨ᠎ᠠ᠂ ᠬᠠᠶᠢᠴᠢ ᠶᠢᠨ ︽ᠲᠠᠭᠤᠨ︾ ᠳᠤᠮᠳᠠ ᠬᠥᠷᠰᠢ ᠵᠡᠷᠭᠡᠯᠡᠳᠡᠭᠡ ᠶᠢᠨ ᠬᠠᠶᠢᠷ᠎ᠠ | ᠰᠡᠳᠬᠢᠯᠭᠡ ᠶᠢ ᠳᠠᠮᠵᠢᠭᠤᠯᠵᠤ᠂ ᠲᠥᠬᠦᠮ ᠮᠥᠷᠲᠡᠭᠡᠨ ᠬᠠᠯᠠᠭᠤᠨ ᠳᠤᠯᠠᠭᠠᠨ ᠦᠢᠯᠡᠴᠢᠯᠡᠭᠡ ᠨᠢ ᠰᠠᠭᠤᠭᠠᠯᠢ | ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠬᠥᠷ ᠬᠥᠭᠵᠢᠶᠡᠨ ᠢᠶᠠᠷ ᠪᠢᠯᠬᠠᠵᠤ᠂ ᠰᠠᠭᠤᠭᠠᠯᠢ ᠠᠷᠠᠳ ᠤᠨ | ᠠᠮᠢᠳᠤᠷᠠᠯ ᠳᠤ ᠤᠢᠢᠷᠠᠳᠤᠭᠰᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠠᠯᠢ ᠤᠯᠠᠨ ᠲᠦᠷᠦᠯ ᠵᠦᠢᠯ | ᠬᠦᠷ ᠬᠥᠭᠵᠢᠶᠡᠨ ᠲᠠᠢ ᠶᠠᠪᠤᠭᠳᠠᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠷᠰᠠᠷ ᠬᠦᠴᠢᠷ ᠠᠰᠠᠭᠤᠳᠠᠯ ᠢ | ᠦᠨᠡᠨ ᠪᠣᠳᠠᠲᠠᠢ ᠰᠢᠢᠳᠪᠦᠷᠢᠯᠡᠵᠦ᠂ ᠯᠸᠢ ᠹᠧᠩ ᠤᠨ ᠵᠣᠷᠢᠭ ᠰᠠᠨᠠᠭ᠎ᠠ ᠶᠢ ᠠᠷᠠᠳ ᠲᠤ ᠲᠦᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠪᠣᠳᠠᠲᠠᠢ ᠠᠵᠢᠯᠯᠠᠭ᠎ᠠ ᠪᠣᠯᠭᠠᠪᠠ᠃ | ᠯᠧᠢ ᠹᠧᠩ ᠨᠢ ᠵᠥᠪᠬᠡᠨ ᠨᠢᠭᠡ ᠯᠡ ᠨᠡᠷ᠎ᠡ ᠲᠡᠳᠦᠢ ᠪᠢᠰᠢ᠂ ᠨᠡᠩ ᠴᠤ ᠨᠢᠭᠡ ᠵᠦᠢᠯ ᠤᠨ ᠵᠣᠷᠢᠭ ᠰᠠᠨᠠᠭ᠎ᠠ᠂ | ᠨᠢᠭᠡᠨ ᠬᠦᠰᠢᠶ᠎ᠡ ᠪᠣᠯᠤᠨ᠎ᠠ᠃ ᠲᠣᠰ ᠤᠳᠠᠭᠠᠨ ᠤ ᠯᠸᠢ ᠹᠧᠩ ᠤᠨ ᠥᠯᠢᠭᠡᠷ ᠳᠠᠭᠤᠷᠢᠶᠠᠯ ᠤᠨ ᠰᠠᠷ᠎ᠠ ᠶᠢᠨ ᠭᠤᠤᠯ | ᠰᠡᠳᠦᠪᠲᠦ ᠠᠵᠢᠯᠯᠠᠭ᠎ᠠ ᠨᠢ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ | ᠦᠨᠳᠦᠰᠦᠯᠡᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠦᠨᠳᠦᠰᠦᠨ ᠱᠠᠲᠤᠨ ᠤ ᠵᠠᠰᠠᠯᠲᠠ ᠳᠠᠬᠢ ᠴᠢᠬᠤᠯᠠ ᠦᠢᠯᠡᠳᠦᠯ ᠢ ᠬᠠᠷᠠᠭᠤᠯᠵᠠᠶ᠃ | ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠯᠧᠢ ᠹᠧᠩ ᠤᠨ ᠵᠣᠷᠢᠭ ᠰᠠᠨᠠᠭᠠᠨ ᠤ ᠴᠠᠭ | ᠦᠶ᠎ᠡ ᠶᠢᠨ ᠠᠭᠤᠯᠤᠭᠳᠠᠬᠤᠨ ᠢ ᠤᠯᠠᠮ ᠨᠢᠭᠡ ᠠᠯᠬᠤᠮ ᠭᠦᠨᠵᠡᠭᠡᠢ ᠡᠵᠡᠮᠳᠡᠵᠦ᠂ ᠤᠯᠠᠭᠠᠨ ᠡᠰ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ | ᠬᠡᠯᠪᠡᠷᠢ ᠶᠢᠨ ᠰᠢᠨ᠎ᠡ ᠶᠢ ᠡᠭᠦᠳᠴᠦ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠳᠤᠮ ᠤᠨ | ᠠᠵᠢᠯ ᠳᠠᠭᠠᠨ ᠠᠭᠤᠰᠤᠯᠴᠠᠭᠤᠯᠤᠨ᠎ᠠ᠃ | ᠬᠦᠯᠢᠴᠡᠩᠭᠦᠢ ᠪᠠᠷ ᠲᠠᠶᠢᠯᠪᠤᠷᠢᠯᠠᠬᠤ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︔ | ᠪᠡᠶ᠎ᠡ ᠪᠥᠬᠦ᠋ᠢᠵᠦ ᠴᠡᠪᠡᠷᠯᠡᠬᠦ ᠨᠢ ᠯᠧᠢ ᠹᠡᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ︔ | ᠳᠣᠲᠣᠨᠣ ᠦᠢᠯᠡᠴᠢᠯᠡᠭᠡ ᠪᠦᠷᠢ ᠨᠢ ᠬᠠᠷᠠᠮ ᠦᠭᠡᠢ ᠵᠣᠷᠢᠭᠤᠯᠬᠤ ᠬᠤᠷᠢᠶᠠᠩᠭᠤᠢ ᠳᠦᠷᠰᠦ︔ | ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠤᠪᠢ ᠨᠡᠮᠡᠷᠢ ᠳᠤ ᠲᠠᠯᠠᠷᠬᠠᠵᠤ ᠰᠠᠭᠤᠭᠠᠯᠢ ᠠᠷᠠᠳ ᠤᠨ | ᠳᠡᠮᠵᠢᠯᠭᠡ ᠳᠤ ᠲᠠᠯᠠᠷᠬᠠᠵᠤ ᠪᠠᠶᠢᠨ᠎ᠠ᠃ | ᠯᠧᠢ ᠹᠧᠩ ᠤᠨ ᠵᠣᠷᠢᠭ ᠰᠠᠨᠠᠭ᠎ᠠ ᠶᠢ ᠬᠠᠮᠲᠤᠪᠠᠷ ᠤᠯᠠᠮᠵᠢᠯᠠᠨ ᠵᠠᠯᠭᠠᠮᠵᠢᠯᠠᠶ᠎ᠠ᠃ | ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠢ | ᠭᠡᠷᠡᠯᠲᠦᠭᠦᠯᠦᠶ᠎ᠡ︕ | |