ᠡᠷᠡᠯᠬᠡᠭᠯᠡᠨ ᠤᠷᠤᠭᠰᠢᠯᠠᠬᠤ ᠬᠠᠪᠤᠷ — ︽ᠲᠠᠷᠢᠶᠠᠯᠠᠬᠤ︾ ᠰᠢᠭᠤᠶᠢᠲᠤ ᠲᠠᠷᠢᠬᠤ ᠨᠢ ᠶᠠᠭ ᠴᠠᠭ ᠲᠤ ᠪᠠᠨ ᠪᠠᠶᠢᠨ᠎ᠠ
ᠨᠡᠶᠢᠲᠡᠯᠡᠭᠰᠡᠨ ᠴᠠᠭ᠄
2025/3/26
        ︽ᠨᠢᠳᠦᠨᠦᠨ ᠵᠢᠯ ᠤᠨ ᠭᠠᠷᠤᠯᠳᠠ ᠦᠨᠡᠬᠡᠷ ᠰᠠᠶᠢᠨ︕ ᠡᠨᠡ ᠵᠢᠯ ᠡᠨᠡ ᠡᠷᠳᠡᠨᠢ ᠰᠢᠰᠢ ᠶᠢ ᠶᠠᠭᠠᠬᠢᠵᠤ ᠲᠠᠷᠢᠬᠤ ᠪᠤᠢ︖ ᠬᠡᠳᠦᠢ ᠲᠠᠷᠢᠬᠤ ᠪᠤᠢ︖︾ ᠪᠠᠳᠺᠠᠷ ᠰᠦᠮ᠎ᠡ ᠪᠠᠯᠭᠠᠰᠤᠨ ᠤ ᠰᠢᠨ ᠱᠦ ᠭᠤᠸᠠᠩ ᠲᠣᠰᠬᠤᠨ ᠤ ᠡᠷᠳᠡᠨᠢ ᠰᠢᠰᠢ ᠶᠢ ᠬᠠᠲᠠᠭᠠᠬᠤ ᠦᠢᠯᠡᠳᠪᠦᠷᠢ ᠶᠢᠨ ᠳᠣᠲᠣᠷ᠎ᠠ᠂ 10 ᠭᠠᠷᠤᠢ ᠢᠵᠢ ᠣᠳᠣᠬᠢᠴᠢᠯᠠᠭᠰᠠᠨ ᠲᠠᠷᠢᠶᠠᠯᠠᠩ ᠤᠨ ᠮᠠᠰᠢᠨ ᠪᠠᠭᠠᠵᠢ ᠲᠠᠢ ᠬᠠᠮᠲᠤᠪᠠᠷ ︽ᠴᠤᠭ ᠵᠢᠪᠬᠤᠭ᠎ᠠ ᠪᠠᠳᠠᠷᠠᠩᠭᠤᠶ︾ ᠪᠠᠷ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠦ︾ ᠶᠢ ᠭᠡᠷᠡᠴᠢᠯᠡᠬᠦ ᠶᠢ ᠬᠦᠯᠢᠶᠡᠵᠦ ᠪᠠᠶᠢᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠶᠠᠭ ᠡᠨᠡ ᠵᠢᠯ ᠤᠨ ᠲᠠᠷᠢᠶᠠᠯᠠᠬᠤ ᠲᠤᠬᠠᠢ ᠶᠠᠷᠢᠯᠴᠠᠵᠤ ᠪᠠᠶᠢᠯ᠎ᠠ᠃        ᠬᠤᠯᠠ ᠳᠤ᠂ ᠰᠠᠶ᠋ᠢ ᠲᠣᠰᠣ ᠨᠡᠮᠡᠵᠦ ᠠᠷᠠᠴᠢᠯᠠᠬᠤ ᠪᠠᠷᠠᠭᠰᠠᠨ ᠡᠷᠭᠢᠯᠳᠦᠨ ᠬᠠᠭᠠᠯᠪᠤᠷᠢᠯᠠᠬᠤ ᠮᠠᠰᠢᠨ᠂ ᠬᠠᠳᠤᠵᠤ ᠬᠤᠷᠢᠶᠠᠬᠤ ᠮᠠᠰᠢᠨ᠂ ᠲᠠᠷᠢᠶᠠᠯᠠᠩ ᠳᠤ ᠬᠡᠷᠡᠭᠯᠡᠬᠦ ᠭᠤᠷᠪᠠᠨ ᠬᠦᠷᠳᠦᠲᠦ ᠲᠡᠷᠭᠡ ᠵᠡᠷᠭᠡ ︽ᠪᠣᠯᠣᠳ ᠲᠡᠮᠦᠷ ᠤᠨ ᠪᠠᠶᠢᠯᠳᠤᠭᠴᠢ︾ ᠮᠣᠷᠳᠠᠬᠤ ᠪᠠᠷ ᠪᠡᠯᠡᠬᠡᠨ ᠪᠠᠶᠢᠨ᠎ᠠ᠂ ᠬᠥᠳᠡᠯᠭᠡᠭᠦᠷ ᠮᠠᠰᠢᠨ ᠤ ᠬᠦᠩᠭᠢᠨᠡᠬᠦ ᠲᠠᠭᠤᠨ ᠢ ᠳᠠᠭᠠᠯᠳᠤᠨ᠂ ᠲᠠᠷᠢᠶᠠᠯᠠᠩ ᠤᠨ ᠮᠠᠰᠢᠨ ᠤ ᠵᠢᠯᠤᠭᠤᠴᠢᠳ ᠲᠷᠠᠺᠲ᠋ᠣᠷ᠂ ᠲᠠᠷᠢᠬᠤ ᠮᠠᠰᠢᠨ ᠵᠡᠷᠭᠡ ᠣᠳᠣᠬᠢᠴᠢᠯᠠᠭᠰᠠᠨ ᠲᠠᠷᠢᠶᠠᠯᠠᠩ ᠤᠨ ᠮᠠᠰᠢᠨ ᠪᠠᠭᠠᠵᠢ ᠶᠢ ᠵᠢᠯᠣᠭᠤᠳᠤᠨ ᠲᠠᠷᠢᠶᠠᠨ ᠭᠠᠵᠠᠷ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠥᠰᠢᠭᠡ ᠶᠢ ᠰᠡᠬᠦᠪᠡ᠃
图片6.png
        ︽ᠨᠢᠳᠤᠨᠤᠨ ᠠᠴᠠ ᠡᠬᠢᠯᠡᠨ᠂ ᠪᠢᠳᠡ ᠬᠤᠲᠠ ᠯᠤᠭ᠎ᠠ ᠰᠤᠷᠤᠯᠴᠠᠵᠤ ᠣᠯᠤᠭᠰᠠᠨ ᠨᠢᠭᠲᠠ ᠳᠠᠷᠢᠬᠤ ᠮᠡᠷᠭᠡᠵᠢᠯ ᠢ ᠬᠡᠷᠡᠭᠯᠡᠵᠦ᠂ ᠡᠭᠦᠨ ᠤ ᠳᠡᠭᠡᠷ᠎ᠡ ᠡᠮᠦᠨᠡᠬᠢ ᠨᠢᠭᠡᠴᠢ ᠶᠢᠨ ᠤᠨᠠᠯᠲᠠ ᠶᠢᠨ ᠮᠡᠷᠭᠡᠵᠢᠯ ᠢ ᠨᠡᠮᠡᠪᠡᠯ ᠡᠷᠳᠡᠨᠢ ᠰᠢᠰᠢ ᠶᠢᠨ ᠬᠤᠷᠢᠶᠠᠯᠲᠠ 2200 ᠵᠢᠩ ᠮᠥ ᠪᠦᠷᠢ ᠳᠤ ᠬᠦᠷᠴᠦ ᠳᠡᠶᠢᠯᠦᠨ᠎ᠡ᠂ ᠡᠨᠡ ᠵᠢᠯ ᠤᠨ ᠡᠷᠳᠡᠨᠢ ᠰᠢᠰᠢ ᠵᠢᠱᠢᠯᠲᠡ ᠪᠠᠷ 10 ᠳ᠋ᠤᠭᠠᠷ ᠰᠠᠷ᠎ᠠ ᠶᠢᠨ ᠳᠤᠮᠳᠠᠴᠢ ᠪᠠᠷ ︿ᠡᠯᠪᠡᠭ ᠬᠤᠷᠢᠶᠠᠯᠲᠠ﹀ ᠪᠠᠨ ᠤᠭᠲᠤᠨ ᠠᠪᠴᠢᠷᠠᠬᠤ ᠪᠣᠯᠤᠨ᠎ᠠ︾ ᠭᠡᠵᠦ ᠪᠠᠳᠺᠠᠷ ᠰᠦᠮ᠎ᠡ ᠪᠠᠯᠭᠠᠰᠤᠨ ᠤ ᠰᠢᠨ ᠱᠦ ᠭᠤᠸᠠᠩ ᠲᠣᠰᠬᠤᠨ ᠤ ᠨᠠᠮ ᠤᠨ ᠡᠭᠦᠷ ᠤᠨ ᠱᠦᠵᠢ ᠸᠧᠨ ᠺᠤᠸᠠᠨ ᠰᠤᠷᠪᠤᠯᠵᠢᠯᠠᠭᠴᠢ ᠳᠤ ᠬᠡᠯᠡᠪᠡ᠃        ᠤᠢᠢᠷ᠎ᠠ ᠶᠢᠨ ᠵᠢᠯ ᠠᠴᠠ᠂ ᠰᠢᠨ ᠱᠦ ᠭᠤᠸᠠᠩ ᠲᠣᠰᠬᠤᠨ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠵᠤ᠂ ᠲᠣᠰᠬᠤᠨ ᠤ ᠠᠷᠠᠳ ᠤᠨ ᠭᠠᠵᠠᠷ ᠰᠢᠷᠣᠢ ᠶᠢ 700 ᠭᠠᠷᠤᠢ ᠮᠦ ᠨᠠᠶᠢᠳᠠᠨ ᠬᠠᠮᠢᠶᠠᠷᠴᠤ᠂ ᠲᠤᠰᠬᠠᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠬᠢ ᠶᠢ 3 ᠪᠠᠶᠢᠭᠤᠯᠵᠤ᠂ ᠶᠡᠭᠡ ᠪᠠᠭ᠎ᠠ ᠲᠠᠷᠢᠶᠠᠯᠠᠩ ᠤᠨ ᠮᠠᠰᠢᠨ ᠪᠠᠭᠠᠵᠢ ᠶᠢ 30 ᠭᠠᠷᠤᠢ ᠬᠠᠮᠢᠶᠠᠷᠤᠨ᠎ᠠ᠃ ︽ᠭᠠᠭᠴᠠᠭᠠᠷ ᠲᠡᠮᠡᠴᠡᠬᠦ︾ ᠬᠥᠭᠵᠢᠯᠲᠡ ᠶᠢᠨ ᠵᠠᠭᠪᠤᠷ ᠠᠴᠠ ᠠᠯᠬᠤᠮ ᠠᠯᠬᠤᠮ ᠢᠶᠠᠷ ᠠᠩᠭᠢᠵᠢᠷᠠᠵᠤ᠂ ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠣᠯᠠᠨ ᠴᠡᠭ ᠣᠯᠠᠨ ᠱᠤᠭᠤᠮ ᠢᠶᠠᠷ ᠬᠥᠭᠵᠢᠯᠲᠡ ᠶᠢ ᠬᠥᠭᠵᠢᠭᠦᠯᠵᠦ᠂ ᠲᠠᠷᠢᠶᠠᠯᠠᠩ ᠤᠨ ᠲᠠᠷᠢᠮᠠᠯ ᠪᠠ ᠦᠢᠯᠡᠳᠪᠦᠷᠢᠯᠡᠯ ᠪᠣᠷᠣᠯᠠᠭᠤᠯᠭ᠎ᠠ ᠶᠢ ᠬᠡᠯᠬᠢᠶᠡᠵᠢᠭᠦᠯᠦᠨ ᠦᠢᠯᠡᠴᠢᠯᠡᠬᠦ ᠣᠶᠢᠯᠠᠭᠠᠭᠳᠠᠬᠤᠨ ᠢᠶᠠᠷ ᠾᠧᠦ ᠶᠢᠩᠽᠢ ᠲᠣᠰᠬᠤᠨ᠂ ᠭᠠᠩ ᠹᠠᠩ ᠳ᠋ᠢ ᠲᠣᠰᠬᠤᠨ᠂ ᠰᠠᠨ ᠴᠠ ᠺᠸᠦ ᠵᠡᠷᠭᠡ ᠵᠠᠰᠠᠭ ᠵᠠᠬᠢᠷᠭᠠᠨ ᠤ ᠲᠣᠰᠬᠤᠨ ᠲᠠᠢ ︽ᠲᠣᠰᠬᠤᠨ ᠬᠤᠯᠪᠣᠭᠠᠯᠠᠨ ᠬᠥᠳᠡᠯᠦᠯᠴᠡᠬᠦ︾ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠲᠤ ᠰᠠᠭᠤᠷᠢᠯᠠᠨ᠂ ︽ ᠪᠦᠯᠬᠦᠮ ᠪᠠᠶᠢᠭᠤᠯᠵᠤ ᠳᠤᠯᠠᠭᠠᠴᠠᠬᠤ︾ ᠬᠥᠭᠵᠢᠯᠲᠡ ᠶᠢᠨ ᠪᠠᠶᠢᠷᠢᠰᠢᠯ ᠢ ᠪᠡᠶᠡᠯᠡᠭᠦᠯᠪᠡ᠃        ᠣᠶᠢᠯᠠᠭᠠᠭᠰᠠᠨ ᠢᠶᠠᠷ᠂ ᠪᠠᠳᠺᠠᠷ ᠰᠦᠮ᠎ᠡ ᠪᠠᠯᠭᠠᠰᠤᠨ ᠤ ᠰᠢᠨ ᠱᠦ ᠭᠤᠸᠠᠩ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ 2019 ᠣᠨ ᠳᠤ ᠪᠠᠶᠢᠭᠤᠯᠤᠭᠳᠠᠵᠤ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠪᠠᠰᠠ ᠲᠣᠰᠬᠤᠨ ᠤ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠶᠡᠭᠡ ᠬᠡᠮᠵᠢᠶ᠎ᠡ ᠪᠠᠷ ᠰᠢᠢᠳᠪᠦᠷᠢᠯᠡᠭᠰᠡᠨ ᠪᠠᠶᠢᠨ᠎ᠠ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠲᠣᠰᠬᠤᠨ ᠤ ᠱᠠᠲᠤᠨ ᠤ ᠬᠤᠷᠰᠢᠶ᠎ᠠ ᠶᠢ ᠬᠦᠳᠦᠯᠦᠨ ᠳᠠᠭᠠᠭᠤᠯᠵᠤ ᠬᠥᠭᠵᠢᠯᠲᠡ ᠶᠢ ᠠᠬᠢᠭᠤᠯᠬᠤ ᠶᠢ ᠢᠳᠡᠪᠬᠢᠲᠡᠢ ᠰᠦᠪᠡᠭᠴᠢᠯᠡᠵᠦ᠂ ᠲᠤᠰ ᠭᠠᠵᠠᠷ ᠤᠨ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠠᠶᠠᠵᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠬᠤᠷᠰᠢᠶ᠎ᠠ ᠶᠢᠨ ᠠᠰᠢᠭ ᠲᠤᠰᠠ ᠶᠢ ᠲᠣᠰᠬᠤᠨ ᠤ ᠠᠷᠠᠳ ᠤᠨ ᠰᠡᠳᠬᠢᠯ ᠳᠤ ᠬᠦᠷᠭᠡᠵᠦ᠂ ᠤᠯᠠᠨ ᠲᠦᠮᠡᠨ ᠢ ᠲᠠᠶᠢᠴᠢᠯᠠᠨ ᠬᠠᠮᠲᠤᠪᠠᠷ ᠪᠠᠶᠠᠵᠢᠵᠦ ᠂ ᠬᠥᠳᠡᠭᠡ ᠲᠣᠰᠬᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠪᠡ ᠃        ᠥᠨᠥᠳᠦᠷ ᠤᠨ ᠰᠢᠨ ᠱᠤ᠋ ᠭᠤᠸᠠᠩ ᠲᠣᠰᠬᠤᠨ ᠵᠠᠮ ᠨᠢ ᠴᠡᠪᠡᠷ ᠴᠡᠮᠴᠡᠭᠡᠷ᠂ ᠲᠣᠰᠬᠤᠨ ᠤ ᠰᠤᠷᠲᠠᠯ ᠪᠣᠯᠪᠠᠰᠤᠨ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠠᠪᠤᠷ ᠤᠨ ᠲᠠᠷᠢᠶᠠᠯᠠᠭ᠎ᠠ ᠵᠤᠨ ᠤ ᠠᠷᠠᠴᠢᠯᠠᠬᠤ ᠨᠠᠮᠤᠷ ᠤᠨ ᠬᠤᠷᠢᠶᠠᠯᠲᠠ ᠡᠪᠦᠯ ᠬᠠᠳᠠᠭᠠᠯᠠᠬᠤ ᠲᠠᠷᠢᠶᠠᠯᠠᠭ᠎ᠠ ᠶᠢᠨ ᠪᠤᠴᠠᠯ ᠳᠤᠮᠳᠠ᠂ ᠬᠠᠪᠤᠷ  ᠰᠠᠶᠢᠬᠠᠨ ᠴᠠᠭ ᠢ ᠬᠥᠰᠡᠷᠳᠡᠭᠦᠯᠬᠦ ᠦᠭᠡᠢ᠂ ᠨᠢᠭᠡ ᠵᠢᠯ ᠤᠨ ᠠᠵᠢᠯ ᠬᠠᠪᠤᠷ ᠲᠤ ᠪᠤᠢ᠂ ᠵᠢᠯ ᠤᠨ ᠰᠠᠶᠢᠨ ᠦᠵᠡᠮᠵᠢ ᠬᠠᠪᠤᠷ ᠤᠨ ᠲᠠᠷᠢᠶᠠᠯᠠᠭ᠎ᠠ ᠳᠤ ᠪᠤᠢ ᠭᠡᠬᠦ ᠳᠤᠮᠳᠠ ᠨᠠᠮ ᠤᠨ ᠪᠠᠶᠢᠭᠤᠯᠤᠯᠲᠠ ᠴᠢᠩᠭ᠎ᠠ᠂ ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠵᠢᠷᠤᠭ ᠢ ᠳᠡᠯᠭᠡᠨ ᠦᠵᠡᠭᠦᠯᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号