ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠪᠠᠷ ᠬᠦᠴᠦᠨ ᠴᠢᠳᠠᠯ ᠣᠯᠭᠤᠬᠤ ᠶᠢᠨ | ᠲᠦᠯᠦᠭᠡ᠂ ᠵᠡᠭᠡᠯᠢ ᠭᠤᠳᠤᠮᠵᠢ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠭᠵᠢᠭᠦᠯᠬᠦ ᠶᠢ ᠦᠨᠡᠨ ᠬᠦ ᠪᠠᠲᠤᠯᠠᠪᠠ᠃ | ᠨᠢᠭᠡ ᠳᠤ᠂ ᠰᠠᠭᠤᠷᠢ ᠴᠢᠨᠠᠷᠲᠠᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃ ᠵᠡᠭᠡᠯᠢ | ᠭᠤᠳᠤᠮᠵᠢ ᠶᠢᠨ ᠪᠣᠳᠠᠲᠤ ᠪᠠᠶᠢᠳᠠᠯ ᠢ ᠦᠨᠳᠦᠰᠦᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ | ᠬᠡᠷᠡᠭᠯᠡᠬᠦ ᠳᠤᠮᠳᠠ ᠢᠯᠡᠷᠡᠭᠰᠡᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠵᠦ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠡᠶ᠎ᠡ ᠪᠠᠷ ᠢᠶᠠᠨ ᠠᠳᠬᠤᠬᠤ᠂ ᠬᠤᠪᠢᠳᠠᠨ | ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠠᠳᠬᠤᠬᠤ᠂ ᠬᠠᠮᠢᠶ᠎ᠠ ᠪᠥᠬᠦᠶ ᠰᠠᠯᠠᠭ᠎ᠠ ᠲᠠᠰᠤᠭ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠭᠡᠬᠦ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠪᠠ᠃ | ᠬᠤᠶᠠᠷ ᠲᠤ᠂ ᠴᠢᠩᠭ᠎ᠠ ᠬᠦᠴᠦᠲᠡᠶ ᠴᠢᠳᠠᠪᠤᠷᠢᠲᠠᠨ ᠢ ᠰᠢᠯᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠢ | ᠪᠠᠶᠢᠭᠤᠯᠪᠠ᠃ ᠵᠡᠭᠡᠯᠢ ᠭᠤᠳᠤᠮᠵᠢ ᠶᠢᠨ ᠬᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠰᠢᠨᠵᠢᠯᠡᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠣᠷᠣᠭᠤᠯᠤᠨ | ᠠᠪᠴᠢᠷᠠᠭᠰᠠᠨ ᠴᠢᠳᠠᠪᠤᠷᠢᠲᠠᠨ ᠤ ᠶᠠᠰᠤ ᠴᠢᠨᠠᠷ ᠪᠠ ᠵᠣᠬᠢᠴᠠᠬᠤ ᠴᠢᠨᠠᠷ ᠢ ᠦᠨᠡᠨ ᠬᠦ ᠪᠠᠲᠤᠯᠠᠪᠠ᠃ | ᠭᠤᠷᠪᠠ ᠳᠤ᠂ ᠤᠯᠠᠨ ᠴᠢᠭᠯᠡᠯ ᠤᠯᠠᠨ ᠲᠠᠯ᠎ᠠ ᠠᠴᠠ ᠰᠢᠨᠵᠢᠯᠡᠨ ᠪᠠᠶᠢᠴᠠᠭᠠᠪᠠ᠃ ᠲᠤᠰᠬᠠᠢ ᠶᠠᠷᠢᠯᠴᠠᠬᠤ᠂ | ᠰᠢᠨᠵᠢᠯᠡᠨ ᠪᠠᠶᠢᠴᠠᠭᠠᠬᠤ ᠡᠲᠡᠭᠡᠳ ᠲᠠᠢ ᠨᠢᠭᠤᠷᠳᠠᠨ ᠶᠠᠷᠢᠯᠴᠠᠬᠤ᠂ ᠰᠢᠨᠵᠢᠯᠡᠨ ᠪᠠᠶᠢᠴᠠᠭᠠᠬᠤ ᠡᠲᠡᠭᠡᠳ ᠤᠨ ᠲᠠᠩᠰᠠ | ᠡᠪᠬᠡᠮᠡᠯ ᠢ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠᠷ ᠰᠢᠨᠵᠢᠯᠡᠨ ᠪᠠᠶᠢᠴᠠᠭᠠᠬᠤ ᠡᠲᠡᠭᠡᠳ ᠤᠨ ᠦᠵᠡᠯ ᠰᠠᠨᠠᠭ᠎ᠠ | ᠤᠯᠤᠰ ᠲᠦᠷᠦ ᠶᠢᠨ ᠢᠯᠡᠷᠡᠯ᠂ ᠶᠣᠰᠣ ᠰᠤᠷᠲᠠᠬᠤᠨ ᠤ ᠰᠤᠷᠲᠠᠯ᠂ ᠴᠢᠳᠠᠪᠤᠷᠢ ᠬᠡᠪ ᠪᠣᠯᠪᠠᠰᠤᠷᠠᠯ᠂ ᠰᠤᠷᠤᠯᠴᠠᠯᠭ᠎ᠠ | ᠪᠠ ᠠᠵᠢᠯ ᠤᠨ ᠢᠯᠡᠷᠡᠯ᠂ ᠠᠵᠢᠯ ᠤᠨ ᠪᠣᠳᠠᠲᠤ ᠠᠮᠵᠢᠯᠲᠠ ᠵᠢᠴᠢ ᠤᠯᠠᠨ ᠲᠦᠮᠡᠨ ᠤ ᠮᠠᠭᠲᠠᠭᠠᠯ ᠰᠠᠶᠢᠰᠢᠶᠠᠯ ᠵᠡᠷᠭᠡ | ᠡᠯ᠎ᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠵᠡᠭᠡᠯᠢ ᠭᠤᠳᠤᠮᠵᠢ ᠪᠣᠯᠤᠨ ᠴᠢᠳᠠᠪᠤᠷᠢᠲᠠᠨ ᠤ ︽ | ᠬᠤᠣᠰ ᠴᠢᠭᠯᠡᠯ ᠢᠶᠠᠷ ᠤᠷᠤᠭᠰᠢᠯᠠᠬᠤ︾ ᠶᠢ ᠤᠯᠠᠮ ᠨᠢᠭᠡ ᠠᠯᠬᠤᠮ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | ᠰᠢᠭᠤᠶᠢᠳᠤ ᠵᠡᠭᠡᠯᠢ ᠭᠤᠳᠤᠮᠵᠢ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠵᠢᠯ ᠢᠶᠠᠷ ᠠᠵᠠ ᠲᠣᠬᠢᠶᠠᠯ ᠪᠣᠯᠭᠠᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠵᠡᠭᠡᠯᠢ ᠭᠤᠳᠤᠮᠵᠢ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ | ᠴᠢᠳᠠᠪᠤᠷᠢᠲᠠᠨ ᠤ ᠪᠠᠲᠤᠯᠠᠭ᠎ᠠ ᠬᠠᠩᠭᠠᠵᠤ᠂ ᠵᠡᠭᠡᠯᠢ ᠭᠤᠳᠤᠮᠵᠢ ᠶᠢᠨ ᠬᠥᠭᠵᠢᠯᠲᠡ ᠳᠤ ᠨᠠᠩ ᠣᠯᠠᠨ ᠠᠮᠢᠵᠢᠷᠠᠯ ᠤᠨ | ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠪᠡ᠃ |