ᠰᠢᠨ ᠸᠠᠩ ᠨᠡᠶᠢᠭᠡᠮ ᠲᠣᠭᠤᠷᠢᠭ᠂ ᠨᠠᠮ ᠪᠣᠯᠤᠨ ᠵᠠᠰᠠᠭ ᠤᠨ ᠣᠷᠳᠣᠨ ᠤ ᠣᠯᠠᠨ ᠲᠦᠮᠡᠨ ᠲᠠᠢ | ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠮᠡᠳᠡᠷᠡᠯ ᠤᠨ ᠰᠡᠵᠢᠭᠦᠷ ᠪᠣᠯᠤᠭᠰᠠᠨ ᠤ ᠬᠤᠪᠢ ᠳᠤ᠂ ᠲᠦᠭ | ᠲᠦᠮᠡᠨ ᠠᠶᠢᠯ ᠡᠷᠦᠬᠡ ᠶᠢᠨ ᠪᠤᠶᠠᠨ ᠵᠢᠷᠭᠠᠯ ᠪᠣᠯᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠡᠨᠡ ᠵᠢᠯ ᠠᠴᠠ | ᠨᠠᠭᠠᠰᠢ᠂ ᠰᠢᠨ ᠸᠠᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠰᠢᠨ᠎ᠡ ᠠᠷᠭ᠎ᠠ | ᠵᠠᠮ ᠢ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠴᠢᠳᠠᠮᠵᠢ ᠶᠢ ᠭᠦᠨᠵᠡᠭᠡᠶ ᠠᠭᠤᠰᠤᠯᠴᠠᠭᠤᠯᠬᠤ᠂ ᠡᠬᠢ ᠪᠠᠶᠠᠯᠢᠭ ᠢ | ᠪᠦᠲᠦᠮᠵᠢᠲᠡᠶ ᠡᠮᠬᠢᠯᠡᠨ ᠨᠡᠶᠢᠯᠡᠭᠦᠯᠬᠦ᠂ ᠬᠠᠶᠢᠷ᠎ᠠ ᠰᠡᠳᠬᠢᠯᠭᠡ ᠶᠢᠨ ᠴᠢᠩ ᠦᠨᠡᠨᠴᠢ ᠠᠭᠤᠰᠤᠯᠴᠠᠯ ᠢᠶᠠᠷ ᠳᠠᠮᠵᠢᠭᠤᠯᠤᠨ | ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠳᠣᠲᠣᠨᠣ ᠦᠢᠯᠡᠴᠢᠯᠡᠭᠡ ᠬᠠᠩᠭᠠᠵᠤ᠂ | ᠨᠠᠮ ᠪᠠ ᠣᠯᠠᠨ ᠲᠦᠮᠡᠨ ᠤ ᠦᠢᠯᠡᠴᠢᠯᠡᠭᠡ ᠶᠢ ᠦᠨᠡᠨ ᠬᠦ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ | ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | ᠰᠤᠷᠭᠠᠨ ᠬᠥᠮᠦᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ | ᠤᠯᠤᠰ ᠲᠦᠷᠦ ᠶᠢᠨ ᠬᠡᠪ ᠪᠣᠯᠪᠠᠰᠤᠷᠠᠯ ᠢ ᠴᠢᠩᠭᠠᠳᠬᠠᠪᠠ | ᠰᠢᠨ ᠸᠠᠩ ᠨᠡᠶᠢᠭᠡᠮ ᠲᠣᠭᠤᠷᠢᠭ ᠲᠣᠭᠲᠠᠮᠠᠯ ᠬᠤᠭᠤᠴᠠᠭ᠎ᠠ ᠲᠠᠢ ᠪᠠᠷ ᠪᠠᠶᠠᠯᠢᠭ ᠰᠠᠶᠢᠬᠠᠨ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠦᠶ᠎ᠡ ᠶᠢᠨ ᠬᠡᠪ ᠰᠤᠷᠲᠠᠯ ᠢ ᠬᠦᠳᠦᠯᠦᠨ ᠳᠠᠭᠠᠭᠤᠯᠪᠠ ᠃ | ᠨᠡᠶᠢᠭᠡᠮ ᠲᠣᠭᠤᠷᠢᠭ ᠰᠢᠨ᠎ᠡ ᠶᠢ ᠡᠭᠦᠳᠬᠦ ᠴᠢᠨᠠᠷᠲᠠᠶ ᠪᠠᠷ ︽ ᠰᠢᠨ ᠸᠠᠩ ᠤᠨ ᠳᠠᠭᠤᠨ︾ ᠭᠡᠬᠦ ᠨᠡᠪᠲᠡᠷᠡᠭᠦᠯᠭᠡ ᠶᠢᠨ | ᠥᠷᠲᠡᠭᠡ᠂ ︽ᠤᠭ ᠰᠠᠨᠠᠭᠠᠨ ᠤ ᠬᠢᠴᠢᠶᠡᠯ ᠤᠨ ᠲᠠᠩᠬᠢᠮ︾᠂ ︽ᠪᠢᠴᠢᠯ ᠨᠠᠮ ᠤᠨ ᠬᠢᠴᠢᠶᠡᠯ︾᠂ ︽ᠣᠨᠣᠯ ᠤᠨ | ᠳᠠᠭᠤᠨ︾ ᠵᠡᠷᠭᠡ ᠪᠤᠯᠤᠩ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ | ᠴᠢᠬᠢᠨ ᠳᠤ ᠣᠶᠢᠯᠠᠭᠠᠮᠵᠢᠲᠠᠶ ᠣᠷᠣᠨ ᠨᠤᠲᠤᠭ ᠤᠨ ᠦᠭᠡ ᠬᠡᠯᠡ ᠪᠠᠷ ᠣᠨᠣᠯ ᠤᠨ ᠮᠡᠳᠡᠯᠭᠡ ᠶᠢ ᠳᠥᠭᠦᠮ | ᠣᠶᠢᠯᠠᠭᠠᠮᠵᠢᠲᠠᠶ ︽ᠶᠠᠷᠢᠶᠠᠨ ᠤ ᠬᠡᠯᠡ︾ ᠪᠣᠯᠭᠠᠨ ᠬᠤᠪᠢᠷᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨ | ᠬᠦ ᠡᠭᠡᠯ ᠠᠷᠠᠳ ᠤᠨ ᠭᠡᠷ ᠲᠤ ᠬᠦᠷᠭᠡᠵᠦ᠂ ᠣᠯᠠᠨ ᠲᠦᠮᠡᠨ ᠤ ᠰᠣᠨᠣᠰᠬᠤ ᠳᠤᠷᠠᠲᠠᠶ᠂ ᠣᠶᠢᠯᠠᠭᠠᠵᠤ ᠳᠡᠶᠢᠯᠬᠦ᠂ | ᠪᠠᠲᠤ ᠴᠡᠭᠡᠵᠢᠯᠡᠵᠦ ᠴᠢᠳᠠᠬᠤ ᠪᠣᠯᠭᠠᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠪᠠᠰᠠ ᠬᠤᠪᠢᠰᠬᠠᠯ ᠤᠨ ︽ | ᠪᠢᠴᠢᠯ ᠵᠢᠭᠰᠠᠭᠠᠯ ᠤᠨ ᠭᠠᠵᠠᠷ︾ ᠤᠨ ᠴᠢᠳᠠᠮᠵᠢ ᠶᠢ ᠠᠮᠢᠳᠤᠯᠢᠭ ᠢᠶᠠᠷ ᠬᠡᠷᠡᠭᠯᠡᠵᠦ᠂ ᠨᠣᠮ ᠪᠢᠴᠢᠭ ᠤᠨ ᠲᠠᠰᠤᠭ᠂ | ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ᠂ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠵᠡᠷᠭᠡ | ᠰᠤᠷᠤᠯᠴᠠᠬᠤ ᠬᠡᠯᠪᠡᠷᠢ ᠶᠢ ᠠᠰᠢᠭᠯᠠᠨ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ | ᠨᠠᠮ ᠢᠶᠠᠨ ᠲᠠᠭᠠᠨ ᠤᠷᠤᠭᠰᠢᠯᠠᠬᠤ ᠣᠯᠠᠨ ᠲᠦᠮᠡᠨ ᠤ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠤ ᠳᠤᠷ᠎ᠠ | ᠰᠣᠨᠢᠷᠬᠠᠯ ᠤᠨ ᠠᠰᠠᠭᠤᠯᠲᠠ ᠬᠠᠷᠢᠭᠤᠯᠲᠠ᠂ ᠬᠤᠪᠢᠰᠬᠠᠯ ᠤᠨ ᠱᠠᠯᠯᠦᠩ ᠵᠡᠷᠭᠡ ᠨᠠᠮ ᠤᠨ ᠪᠠᠶᠢᠭᠤᠯᠤᠯᠲᠠ ᠶᠢᠨ | ᠠᠵᠢᠯᠯᠠᠭ᠎ᠠ ᠶᠢ ᠡᠷᠭᠢᠯᠡᠵᠦ᠂ ᠨᠠᠮ ᠤᠨ ᠭᠡᠰᠢᠭᠦᠨ ᠣᠯᠠᠨ ᠲᠦᠮᠡᠨ ᠢ ᠨᠢᠭᠲᠠᠷᠠᠭᠤᠯᠤᠨ᠂ ᠰᠤᠷᠭᠠᠨ ᠬᠥᠮᠦᠵᠢᠯ ᠤᠨ | ᠪᠠᠶᠠᠷ ᠪᠠᠶᠠᠰᠤᠯ ᠤᠨ ᠳᠤᠮᠳᠠ ᠨᠠᠮ ᠤᠨ ᠲᠠᠭᠤᠨ ᠢ ᠨᠠᠩ ᠰᠠᠶᠢᠲᠤᠷ ᠤᠬᠠᠭᠤᠯᠪᠠ᠃ | | | ᠡᠬᠢ ᠪᠠᠶᠠᠯᠢᠭ ᠬᠦᠴᠦᠨ ᠴᠢᠳᠠᠯ ᠢ ᠬᠤᠷᠠᠮᠳᠤᠭᠤᠯᠵᠤ᠂ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠪᠡ | ᠰᠢᠨ ᠸᠠᠩ ᠨᠡᠶᠢᠭᠡᠮ ᠲᠣᠭᠤᠷᠢᠭ ︽ᠬᠤᠶᠠᠷ ᠢ ᠨᠡᠷ᠎ᠡ ᠮᠡᠳᠡᠭᠦᠯᠬᠦ᠂ ᠬᠤᠶᠠᠷ ᠢ ᠦᠢᠯᠡᠴᠢᠯᠡᠬᠦ᠂ ᠬᠤᠶᠠᠷ ᠢ | ᠮᠡᠳᠡᠭᠦᠯᠬᠦ︾᠂ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ︾᠂ ︽ᠨᠡᠶᠢᠭᠡᠮ ᠠᠵᠤ ᠠᠬᠤᠶᠢᠯᠠᠯ ᠢ ᠬᠠᠮᠲᠤ ᠪᠠᠷ | ᠪᠠᠶᠢᠭᠤᠯᠬᠤ︾ ᠵᠡᠷᠭᠡ ᠡᠬᠢ ᠪᠠᠶᠠᠯᠢᠭ ᠤᠨ ᠬᠦᠴᠦᠨ ᠢ ᠭᠦᠢᠴᠡᠳ ᠠᠰᠢᠭᠯᠠᠨ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠬᠠᠮᠲᠤ ᠪᠠᠷ ᠪᠠᠶᠢᠭᠤᠯᠬᠤ ᠨᠢᠭᠡᠴᠢ ᠵᠡᠷᠭᠡ ᠨᠡᠶᠢᠭᠡᠮ ᠤᠨ ᠡᠬᠢ ᠪᠠᠶᠠᠯᠢᠭ ᠲᠠᠢ ᠬᠤᠯᠪᠣᠭᠠᠯᠠᠨ ︽ᠬᠠᠤᠯᠢ | ᠴᠠᠭᠠᠵᠠ ᠶᠢᠨ ᠤᠬᠠᠭᠤᠯᠭ᠎ᠠ︾᠂ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ︾᠂ ︽ᠮᠡᠬᠡᠯᠡᠯ ᠢ | ᠡᠰᠡᠷᠭᠦᠴᠡᠬᠦ ᠤᠬᠠᠭᠤᠯᠭ᠎ᠠ︾ ᠵᠡᠷᠭᠡ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠠᠵᠤ | ᠠᠬᠤᠶᠢᠯᠠᠯ ᠢᠶᠠᠷ ᠨᠡᠶᠢᠭᠡᠮ ᠢ ᠠᠬᠢᠭᠤᠯᠬᠤ᠂ ᠬᠤᠷᠰᠢᠶ᠎ᠠ ᠪᠠᠷ ᠠᠵᠤ ᠠᠬᠤᠶᠢᠯᠠᠯ ᠢ ᠳᠠᠶᠢᠴᠢᠯᠠᠬᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ︾ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ | ᠦᠢᠯᠡᠴᠢᠯᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ ᠠᠵᠤ ᠠᠬᠤᠶᠢᠯᠠᠯ ᠢ ᠵᠡᠭᠡᠯᠢ ᠭᠤᠳᠤᠮᠵᠢ ᠪᠠ | ᠨᠡᠶᠢᠭᠡᠮ ᠲᠣᠭᠤᠷᠢᠭ ᠤᠨ ᠳᠠᠭᠠᠭᠤᠯᠭ᠎ᠠ ᠳᠣᠤᠷ᠎ᠠ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠬᠦᠴᠦᠨ | ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠮᠲᠤ ᠣᠷᠣᠰᠢᠬᠤ ᠳᠤᠮᠳᠠ ᠬᠠᠮᠲᠤᠪᠠᠷ | ᠣᠷᠣᠯᠴᠠᠵᠤ᠂ ᠭᠠᠷ ᠬᠤᠯᠪᠣᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠠᠭᠤᠳᠠᠰᠤ ᠶᠢ ᠵᠢᠷᠤᠭᠯᠠᠪᠠ᠃ | ᠨᠡᠶᠢᠭᠡᠮ ᠲᠣᠭᠤᠷᠢᠭ ᠬᠠᠷᠢᠶ᠎ᠠ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠲᠠᠯ᠎ᠠ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠯᠠ ᠪᠠᠶᠢᠭ᠎ᠠ ᠲᠠᠯᠠᠪᠤᠷ ᠢ ᠠᠮᠢᠯᠠᠭᠤᠯᠵᠤ᠂ ᠰᠢᠭᠤᠶᠢᠲᠤ ᠲᠣᠭᠤᠷᠢᠭ ᠤᠨ | ᠠᠩᠬᠠᠳᠠᠭᠴᠢ ᠨᠡᠶᠢᠭᠡᠮ ᠲᠣᠭᠤᠷᠢᠭ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠂ ᠰᠢᠨ ᠸᠠᠩ ᠢᠷᠡᠭᠡᠳᠦᠶ ᠶᠢᠨ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠠᠮᠵᠢᠯᠲᠠ ᠲᠠᠢ ᠪᠠᠷ | ᠡᠭᠦᠳᠦᠨ ᠪᠠᠶᠢᠭᠤᠯᠪᠠ ᠂ ᠺᠣᠮᠫᠠᠨᠢ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 19 ᠲᠦᠮᠡᠨ ᠲᠥᠭᠦᠷᠢᠭ ᠤᠨ | ᠣᠷᠣᠯᠭ᠎ᠠ ᠣᠯᠵᠤ᠂ ᠴᠥᠮ ᠨᠡᠶᠢᠭᠡᠮ ᠲᠣᠭᠤᠷᠢᠭ ᠤᠨ ᠬᠦᠴᠢᠷᠳᠡᠯ ᠢ ᠬᠠᠪᠰᠤᠷᠤᠨ ᠪᠠᠭᠤᠷᠠᠶ ᠶᠢ ᠲᠤᠰᠠᠯᠠᠬᠤ᠂ | ᠪᠠᠶᠠᠷ ᠤᠨ ᠡᠳᠦᠷ ᠤᠨ ᠲᠣᠬᠤᠨᠢᠭᠤᠯᠤᠯ᠂ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ ᠵᠡᠷᠭᠡ ᠨᠡᠶᠢᠭᠡᠮ | ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠪᠡ᠂ ᠣᠨᠴᠠᠭᠠᠶᠢᠯᠠᠨ ᠲᠦᠮᠡᠨ ᠲᠥᠭᠦᠷᠢᠭ | ᠰᠢᠬᠠᠮ ᠪᠡᠯᠡ ᠣᠷᠣᠭᠤᠯᠵᠤ ᠂ ᠰᠠᠭᠤᠭᠠᠯᠢ ᠠᠷᠠᠳ ᠲᠤ ᠪᠣᠷᠤᠭᠠᠨ ᠲᠠᠢ ᠡᠳᠦᠷ ᠵᠠᠮ ᠬᠤᠲᠣᠭᠤᠷ ᠭᠦᠳᠦᠭᠦᠷ ᠪᠠᠶᠢᠬᠤ᠂ | ᠭᠡᠷ ᠳᠣᠲᠤᠷᠠᠬᠢ ᠭᠡᠷᠡᠯᠲᠦᠭᠦᠯᠭᠡ ᠮᠠᠭᠤᠲᠠᠢ᠂ ᠤᠰᠤ ᠭᠠᠳᠠᠭᠰᠢᠯᠠᠭᠤᠯᠬᠤ ᠬᠤᠭᠤᠯᠠᠶ ᠤᠰᠤ ᠭᠤᠭᠤᠵᠢᠬᠤ ᠵᠡᠷᠭᠡ | ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠪᠡ᠃ | | | ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠨᠠᠮ ᠪᠠ ᠣᠯᠠᠨ ᠲᠦᠮᠡᠨ ᠤ ︽ᠵᠣᠯ ᠵᠢᠷᠭᠠᠯ ᠤᠨ | ᠬᠦᠷᠢᠶ᠎ᠡ︾ ᠶᠢ ᠭᠡᠷᠡᠯᠲᠦᠭᠦᠯᠪᠡ | ᠰᠢᠨ ᠸᠠᠩ ᠨᠡᠶᠢᠭᠡᠮ ᠲᠣᠭᠤᠷᠢᠭ ᠨᠢ ᠠᠵᠢᠯᠯᠠᠭ᠎ᠠ ᠪᠠᠷ ᠬᠤᠯᠪᠣᠭᠠᠰᠤ ᠪᠣᠯᠭᠠᠵᠤ᠂ ᠬᠦᠮᠦᠰ ᠢ | ᠨᠢᠭᠲᠠᠷᠠᠭᠤᠯᠵᠤ ᠂ ᠰᠠᠭᠤᠭᠠᠯᠢ ᠠᠷᠠᠳ ᠤᠨ ᠦᠵᠡᠵᠦ ᠰᠣᠨᠢᠷᠬᠠᠬᠤ ᠳᠤᠷᠠᠲᠠᠶ ᠠᠷᠠᠳ ᠲᠤ ᠲᠥᠬᠦᠮ ᠦᠵᠡᠭᠦᠯᠬᠦ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ | ᠨᠠᠮ ᠤᠨ ᠭᠡᠰᠢᠭᠦᠨ ᠣᠯᠠᠨ ᠲᠦᠮᠡᠨ ᠤ ᠰᠡᠳᠬᠢᠯ ᠳᠠᠬᠢ ︽ᠬᠠᠯᠠᠭᠤᠮᠰᠤᠭ︾ ᠭᠠᠵᠠᠷ ᠪᠣᠯᠭᠠᠪᠠ᠃ ᠨᠡᠶᠢᠭᠡᠮ | ᠲᠣᠭᠤᠷᠢᠭ ᠤᠨ ᠨᠠᠮ ᠤᠨ ᠡᠭᠦᠷ ᠨᠢ ᠦᠢᠯᠡᠴᠢᠯᠡᠭᠡᠨ ᠤ ᠴᠢᠳᠠᠪᠬᠢ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠮ ᠤᠨ | ᠭᠡᠰᠢᠭᠦᠨ᠂ ᠣᠯᠠᠨ ᠲᠦᠮᠡᠨ ᠳᠤ ᠣᠯᠠᠨ ᠲᠦᠮᠡᠨ ᠲᠠᠢ ᠣᠶᠢᠷᠠᠲᠤᠭᠰᠠᠨ ᠨᠠᠩ ᠣᠯᠠᠨ ᠠᠵᠢᠯᠯᠠᠭ᠎ᠠ ᠠᠪᠴᠢᠷᠠᠵᠤ᠂ | DIY ᠭᠠᠷ ᠤᠷᠠᠯᠠᠯ ᠤᠨ ᠠᠵᠢᠯᠯᠠᠭ᠎ᠠ ᠠᠴᠠ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠬᠦᠷᠲᠡᠯ᠎ᠡ᠂ | ᠤᠷᠠᠨ ᠰᠠᠶᠢᠬᠠᠨ ᠤ ᠲᠣᠭᠯᠠᠯᠲᠠ ᠠᠴᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠦᠷᠲᠡᠯ᠎ᠡ᠂ ᠠᠵᠢᠯᠯᠠᠭ᠎ᠠ | ᠨᠢᠭᠡᠪᠦᠷᠢ ᠴᠥᠮ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠨᠡᠶᠢᠴᠡᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠮᠥᠷᠲᠡᠭᠡᠨ ᠪᠠᠰᠠ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠢ | ᠣᠯᠭᠤᠭᠰᠠᠨ ᠪᠠᠶᠢᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠰᠠᠭᠤᠭᠠᠯᠢ ᠠᠷᠠᠳ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ | ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠦᠢᠯᠡᠳᠦᠯ ᠢ | ᠪᠠᠳᠠᠷᠠᠭᠤᠯᠤᠨ᠂ ᠣᠯᠠᠨ ᠶᠠᠩᠵᠤ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ | ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ | ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠲᠠᠰᠤᠷᠠᠯᠲᠠ ᠦᠭᠡᠢ ᠨᠡᠪᠲᠡᠷᠡᠭᠦᠯᠵᠦ᠂ | ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ︽ᠨᠢᠭᠡ ᠭᠡᠷ ᠤᠨ ᠬᠥᠮᠦᠰ︾ ᠢ ᠪᠦᠷᠢᠯᠳᠦᠭᠦᠯᠵᠦ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ | ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠪᠡ᠃ | | | ᠰᠢᠨ ᠸᠠᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠰᠢᠨ᠎ᠡ ᠪᠠᠶᠢᠳᠠᠯ ᠢ | ᠪᠤᠶ ᠪᠣᠯᠭᠠᠭᠰᠠᠨ ᠨᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠨ᠎ᠡ ᠵᠠᠭᠪᠤᠷ ᠤᠨ ᠰᠢᠨ᠎ᠡ ᠶᠢ ᠡᠭᠦᠳᠴᠦ᠂ | ᠠᠷᠠᠳ ᠲᠦᠮᠡᠨ ᠳᠤ ᠦᠢᠯᠡᠴᠢᠯᠡᠬᠦ ᠰᠢᠨ᠎ᠡ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ | ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠤᠨ | ᠪᠣᠳᠠᠲᠠᠢ ᠠᠮᠢᠳᠤᠷᠠᠯ ᠤᠨ ᠬᠦᠴᠢᠷᠳᠡᠯ ᠵᠢᠴᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠠᠷᠢᠨ ᠨᠢᠮᠪᠠᠢ | ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠰᠠᠭᠤᠭᠠᠯᠢ ᠠᠷᠠᠳ ᠲᠤ ᠨᠡᠩ ᠴᠢᠨᠠᠷ | ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠰᠢᠨ᠎ᠡ ᠪᠠᠶᠢᠳᠠᠯ ᠢ ᠨᠡᠩ ᠭᠡᠷᠡᠯ ᠰᠠᠴᠤᠷᠠᠩᠭᠤᠢ ᠪᠣᠯᠭᠠᠨ᠎ᠠ᠃ | |