ᠤᠷᠢᠬᠠᠨ ᠬᠠᠪᠤᠷ ᠤᠨ ᠭᠤᠷᠪᠠᠨ ᠰᠠᠷ᠎ᠠ ᠳᠤ ᠲᠦᠮᠡᠨ ᠪᠤᠳᠠᠰ ᠲᠦᠯᠵᠢᠨ ᠠᠮᠢᠯᠠᠨ᠎ᠠ᠃ 115 ᠳ᠋ᠤᠭᠠᠷ ︽ | 3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ | ᠂ ᠦᠨᠳᠦᠰᠦᠨ ᠱᠠᠲᠤᠨ ᠤ ᠡᠮᠡᠭᠲᠡᠢ ᠠᠵᠢᠯᠴᠢᠳ ᠪᠣᠯᠤᠨ ᠬᠠᠷᠢᠶᠠᠲᠤ ᠲᠣᠭᠤᠷᠢᠭ ᠤᠨ ᠡᠮᠡᠭᠲᠡᠶᠢᠴᠦᠳ ᠲᠤ ᠪᠠᠶᠠᠷ ᠤᠨ | ᠡᠳᠦᠷ ᠤᠨ ᠬᠠᠶᠢᠷ᠎ᠠ ᠬᠠᠯᠠᠮᠵᠢ ᠬᠦᠷᠭᠡᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ | ᠬᠤᠯᠪᠣᠭ᠎ᠠ ︽ᠭᠡᠷᠡᠯ ᠣᠶᠢᠯᠤᠨ ᠤᠷᠤᠭᠰᠢᠯᠠᠵᠤ᠂ ᠡᠮᠡᠭᠲᠡᠶᠢᠴᠦᠳ ᠤᠨ ᠭᠡᠷᠡᠯ ᠭᠢᠯᠪᠠᠭ᠎ᠠ ᠶᠢ ᠰᠠᠴᠤᠷᠠᠭᠤᠯᠬᠤ︾ | ᠡᠮᠡᠭᠲᠡᠶᠢᠴᠦᠳ ᠤᠨ ᠪᠠᠶᠠᠷ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠡᠮᠡᠭᠲᠡᠶᠢᠴᠦᠳ ᠤᠷᠠᠨ ᠰᠠᠶᠢᠬᠠᠨ ᠴᠡᠴᠡᠭ ᠬᠤᠸᠠᠷ ᠬᠠᠳᠬᠤᠵᠤ ᠠᠩᠬᠢᠯᠤᠮ᠎ᠠ ᠰᠠᠶᠢᠬᠠᠨ ᠦᠨᠦᠷ ᠨᠡᠶᠢᠭᠡᠮ | ᠲᠣᠭᠤᠷᠢᠭ ᠲᠤ ᠲᠠᠷᠬᠠᠨ᠎ᠠ | ᠰᠢᠭᠤᠶᠢᠲᠤ ᠵᠡᠭᠡᠯᠢ ᠭᠤᠳᠤᠮᠵᠢ ᠬᠠᠷᠢᠶᠠᠲᠤ ᠲᠣᠭᠤᠷᠢᠭ ᠤᠨ ᠡᠮᠡᠭᠲᠡᠶᠢᠴᠦᠳ ᠲᠤ ᠬᠤᠸᠠᠷ ᠬᠠᠳᠬᠤᠬᠤ | ᠬᠥᠳᠡᠯᠭᠡᠭᠡᠨ ᠢ ᠨᠠᠷᠢᠨ ᠨᠢᠮᠪᠠᠢ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠡᠮᠡᠭᠲᠡᠶᠢᠴᠦᠳ ᠴᠡᠴᠡᠭ ᠤᠨ ᠲᠥᠷᠥᠯ | ᠠᠩᠭᠢᠯᠠᠯ᠂ ᠥᠩᠭᠡ ᠪᠤᠳᠤᠭ ᠢ ᠲᠣᠬᠢᠷᠠᠭᠤᠯᠬᠤ ᠵᠢᠴᠢ ᠠᠳᠠᠯᠢ ᠪᠤᠰᠤ ᠰᠣᠷᠭᠤᠭ ᠴᠡᠴᠡᠭ ᠢᠶᠠᠷ ᠲᠥᠯᠥᠭᠡᠯᠡᠭᠦᠯᠦᠭᠰᠡᠨ | ᠤᠷᠠᠨ ᠦᠭᠡ ᠪᠠ ᠵᠥᠩᠨᠡᠯ ᠢ ᠦᠨᠳᠦᠰᠦᠯᠡᠨ᠂ ᠳᠦᠷᠰᠦᠯᠡᠨ ᠪᠣᠳᠣᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ | ᠭᠦᠢᠴᠡᠳ ᠪᠠᠳᠠᠷᠠᠭᠤᠯᠵᠤ᠂ ᠶᠠᠷᠢᠯᠴᠠᠬᠤ ᠶᠢᠨ ᠳᠠᠭᠠᠤ ᠰᠣᠷᠭᠤᠭ ᠴᠡᠴᠡᠭ ᠤᠨ ᠮᠠᠲ᠋ᠧᠷᠢᠶᠠᠯ ᠠᠪᠬᠤ᠂ ᠨᠠᠪᠴᠢ | ᠬᠠᠶᠢᠴᠢᠯᠠᠬᠤ ᠶᠢ ᠰᠡᠳᠬᠢᠵᠦ᠂ ᠰᠠᠷᠭᠠᠢ᠂ ᠠᠩᠭᠢᠯᠤᠮ᠎ᠠ ᠪᠠᠱᠠᠭ᠎ᠠ᠂ ᠨᠢᠷᠠᠢ ᠣᠳᠪᠠᠯᠠ ᠵᠡᠷᠭᠡ ᠣᠯᠠᠨ ᠵᠦᠢᠯ ᠤᠨ | ᠴᠡᠴᠡᠭ ᠢ ᠬᠠᠶᠢᠴᠢᠯᠠᠨ ᠵᠠᠰᠠᠵᠤ᠂ ᠳᠡᠰ ᠳᠠᠪᠬᠤᠷᠭ᠎ᠠ ᠲᠠᠢ ᠪᠠᠷ ᠬᠠᠮᠲᠤ ᠲᠣᠬᠢᠷᠠᠭᠤᠯᠪᠠ᠂ ᠲᠤᠬᠠᠶ ᠶᠢᠨ ᠲᠠᠯᠠᠪᠠᠢ ᠶᠢᠨ | ᠠᠭᠤᠷ ᠠᠮᠢᠰᠬᠤᠯ ᠳᠦᠭᠦᠷᠡᠩ ᠪᠢᠯᠬᠠᠵᠤ᠂ ᠨᠢᠭᠡ ᠪᠠᠭᠴᠠ ᠥᠪᠡᠷᠮᠢᠴᠡ ᠤᠷᠠᠨ ᠠᠪᠢᠶᠠᠰ ᠲᠠᠢ᠂ ᠰᠡᠳᠬᠢᠯ | ᠬᠠᠩᠭᠠᠮᠵᠢᠲᠠᠶ ᠴᠡᠴᠡᠭ ᠬᠠᠳᠬᠤᠬᠤ ᠪᠦᠲᠦᠭᠡᠯ ᠣᠯᠠᠨ ᠤ ᠡᠮᠦᠨ᠎ᠡ ᠢᠯᠡᠷᠡᠪᠡ᠂ ᠥᠪᠡᠷ ᠤᠨ ᠭᠠᠷ ᠢᠶᠠᠷ ᠢᠶᠠᠨ | ᠵᠣᠬᠢᠶᠠᠭᠰᠠᠨ ᠪᠦᠲᠦᠭᠡᠯ ᠢᠶᠠᠨ ᠦᠵᠡᠵᠦ᠂ ᠣᠯᠠᠨ ᠢᠶᠠᠷ ᠢᠶᠠᠨ ᠮᠠᠰᠢ ᠪᠠᠶᠠᠷᠯᠠᠨ ᠰᠡᠭᠦᠳᠡᠷ ᠲᠠᠲᠠᠨ ᠳᠤᠷᠠᠰᠬᠠᠯ | ᠦᠯᠡᠳᠡᠭᠡᠪᠡ᠃ ᠰᠠᠭᠤᠭᠠᠯᠢ ᠠᠷᠠᠳ ᠵᠠᠩ ᠠᠨᠢᠶ᠎ᠠ ᠥᠪᠡᠷ ᠤᠨ ᠪᠦᠲᠦᠭᠡᠯ ᠢᠶᠠᠨ ᠦᠵᠡᠵᠦ᠂ ᠰᠡᠭᠦᠳᠡᠷ ᠲᠠᠲᠠᠬᠤ ᠶᠢᠨ | ᠳᠠᠭᠠᠤ ᠪᠠᠶᠠᠷᠯᠠᠨ᠄ ︽ᠵᠢᠯ ᠪᠦᠷᠢ ᠪᠢ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠳᠤ | ᠣᠷᠣᠯᠴᠠᠨ᠎ᠠ᠂ ᠵᠡᠭᠡᠯᠢ ᠭᠤᠳᠤᠮᠵᠢ ᠶᠢᠨ ᠡᠨᠡ ᠬᠦ ᠰᠡᠳᠬᠢᠯ ᠰᠠᠨᠠᠭ᠎ᠠ ᠳᠤ ᠮᠠᠰᠢ ᠲᠠᠯᠠᠷᠬᠠᠵᠤ ᠪᠠᠶᠢᠨ᠎ᠠ᠂ ᠪᠢ ᠪᠠᠰᠠ | ᠨᠢᠭᠡᠴᠢ ᠶᠢᠨ ᠳᠠᠷᠤᠭ᠎ᠠ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠵᠡᠭᠡᠯᠢ ᠭᠤᠳᠤᠮᠵᠢ ᠶᠢᠨ ᠨᠡᠶᠢᠭᠡᠮ | ᠲᠣᠭᠤᠷᠢᠭ ᠤᠨ ᠡᠯ᠎ᠡ ᠵᠦᠢᠯ ᠤᠨ ᠠᠵᠢᠯ ᠢ ᠳᠡᠮᠵᠢᠨ᠎ᠡ︾ ᠭᠡᠪᠡ᠃ | | | | ᠡᠮᠡᠭᠲᠡᠶᠢᠴᠦᠳ ᠤᠨ ᠰᠡᠳᠬᠢᠯ ᠨᠠᠮ ᠢᠶᠠᠨ ᠲᠠᠭᠠᠨ᠂ ᠡᠮᠡᠭᠲᠡᠶᠢᠴᠦᠳ ᠤᠨ ᠬᠦᠴᠦᠨ ᠢ ᠪᠠᠳᠠᠷᠠᠭᠤᠯᠤᠨ᠎ᠠ | ᠡᠮᠡᠭᠲᠡᠶ ᠠᠵᠢᠯᠴᠢᠳ ᠵᠡᠭᠡᠯᠢ ᠭᠤᠳᠤᠮᠵᠢ ᠶᠢᠨ ᠪᠥᠬᠦ ᠠᠵᠢᠯᠲᠠᠨ ᠤ 70% ᠠᠴᠠ ᠳᠡᠭᠡᠭᠰᠢᠬᠢ ᠶᠢ ᠡᠵᠡᠯᠡᠵᠦ | ᠂ ᠵᠡᠭᠡᠯᠢ ᠭᠤᠳᠤᠮᠵᠢ ᠶᠢᠨ ᠨᠡᠷ᠎ᠡ ᠨᠢᠳᠡᠷ ᠲᠡᠭᠡᠨ ᠨᠡᠶᠢᠴᠡᠭᠰᠡᠨ ︽ᠬᠠᠭᠠᠰ ᠲᠩᠷᠢ︾ ᠪᠠᠶᠢᠵᠤ᠂ ᠵᠡᠭᠡᠯᠢ ᠭᠤᠳᠤᠮᠵᠢ ᠶᠢᠨ | ᠪᠦᠬᠦᠯᠢ ᠴᠣᠭᠴᠠ ᠶᠢᠨ ᠠᠵᠢᠯ ᠤᠨ ᠳᠤᠮᠳᠠ ᠴᠢᠬᠤᠯᠠ ᠦᠢᠯᠡᠳᠦᠯ ᠦᠵᠡᠭᠦᠯᠵᠦ᠂ ᠲᠦᠢᠯ ᠤᠨ ᠴᠢᠬᠤᠯᠠ ᠪᠠᠶᠢᠷᠢ | ᠰᠠᠭᠤᠷᠢ ᠶᠢ ᠡᠵᠡᠯᠡᠵᠦ ᠪᠠᠶᠢᠭ᠎ᠠ ᠶᠤᠮ᠃ ᠡᠭᠦᠨ ᠤ ᠲᠤᠯᠠᠳᠠ᠂ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ | ᠬᠤᠯᠪᠣᠭ᠎ᠠ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠡᠮᠡᠭᠲᠡᠶ ᠠᠵᠢᠯᠲᠠᠨ ᠨᠢᠭᠡᠪᠦᠷᠢ ᠳᠤ ᠦᠵᠡᠰᠬᠦᠯᠡᠩᠲᠦ ᠰᠠᠶᠢᠬᠠᠨ | ᠴᠡᠴᠡᠭ ᠤᠨ ᠪᠠᠭᠴᠠ ᠬᠦᠷᠭᠡᠵᠦ᠂ ᠢᠷᠥᠭᠡᠯ ᠵᠥᠩᠨᠡᠯ ᠪᠠ ᠬᠠᠶᠢᠷ᠎ᠠ ᠬᠠᠯᠠᠮᠵᠢ ᠶᠢ ᠲᠡᠭᠦᠨ ᠳᠤ ᠠᠭᠤᠰᠤᠯᠴᠠᠭᠤᠯᠪᠠ᠃ | ᠪᠠᠭᠴᠠ ᠨᠢᠭᠡᠪᠦᠷᠢ ᠰᠣᠷᠭᠤᠭ ᠴᠡᠴᠡᠭ ᠢ ᠡᠮᠡᠭᠲᠡᠢ ᠠᠵᠢᠯᠴᠢᠳ ᠤᠨ ᠭᠠᠷ ᠲᠤ ᠬᠦᠷᠭᠡᠬᠦ ᠳᠤ᠂ ᠲᠡᠳᠡᠨ ᠤ ᠴᠢᠷᠠᠢ ᠳᠤ | ᠰᠣᠴᠢᠨ ᠪᠠᠶᠠᠷᠯᠠᠬᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ᠡᠲᠡᠭᠡᠷ ᠴᠡᠴᠡᠭ ᠨᠢ ᠲᠡᠳᠡᠨ ᠤ | ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠢ ᠨᠤᠲᠠᠯᠠᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠲᠡᠳᠡᠨ ᠤ ᠠᠵᠢᠯ᠂ | ᠬᠡᠷ ᠪᠦᠯᠢ ᠪᠠ ᠨᠡᠶᠢᠭᠡᠮ ᠳᠤ ᠲᠣᠭᠯᠠᠭᠰᠠᠨ ᠣᠯᠠᠨ ᠵᠦᠢᠯ ᠤᠨ ᠳᠦᠷᠢ ᠳᠤ ᠬᠦᠨᠳᠦᠳᠬᠡᠯ ᠢᠶᠠᠨ ᠳᠡᠪᠰᠢᠭᠦᠯᠵᠦ | ᠪᠠᠶᠢᠭ᠎ᠠ ᠶᠠᠪᠤᠳᠠᠯ ᠪᠣᠯᠤᠨ᠎ᠠ᠃ | | | | ᠲᠤᠰ ᠤᠳᠠᠭᠠᠨ ᠤ ᠡᠮᠡᠭᠲᠡᠶᠢᠴᠦᠳ ᠤᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠨᠢ ᠡᠮᠡᠭᠲᠡᠢ | ᠠᠵᠢᠯᠲᠠᠨ ᠪᠠ ᠡᠮᠡᠭᠲᠡᠶᠢᠴᠦᠳ ᠢ ᠠᠩᠭᠢᠯᠤᠮ᠎ᠠ ᠰᠠᠶᠢᠬᠠᠨ ᠴᠡᠴᠡᠭ ᠤᠨ ᠦᠨᠦᠷ ᠤᠨ ᠳᠤᠮᠲᠠ ᠪᠡᠶ᠎ᠡ ᠰᠡᠳᠬᠢᠯ ᠢ ᠨᠢ | ᠠᠮᠠᠷᠠᠭᠠᠵᠤ᠂ ᠴᠡᠴᠡᠭ ᠬᠠᠳᠬᠤᠬᠤ ᠤᠷ᠎ᠠ ᠮᠡᠷᠭᠡᠵᠢᠯ ᠢ ᠨᠢ ᠳᠡᠭᠡᠭᠰᠢᠯᠡᠭᠦᠯᠵᠦ᠂ ᠬᠤᠭᠤᠷᠣᠨᠳᠣᠬᠢ ᠰᠣᠯᠢᠯᠴᠠᠭ᠎ᠠ ᠪᠠ | ᠨᠥᠬᠦᠷᠯᠡᠯ ᠢ ᠨᠢ ᠵᠤᠵᠠᠭᠠᠳᠬᠠᠵᠠᠶ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ | ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠡᠮᠡᠭᠲᠡᠶᠢᠴᠦᠳ ᠤᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠩ ᠤᠯᠠᠨ ᠪᠠᠶᠠᠯᠢᠭ ᠰᠠᠶᠢᠬᠠᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠶᠢᠷ᠎ᠠ | ᠬᠠᠯᠠᠮᠵᠢ ᠶᠢ ᠦᠷᠭᠦᠯᠵᠢᠯᠡᠨ ᠳᠠᠮᠵᠢᠭᠤᠯᠵᠤ᠂ ᠬᠠᠷᠢᠶ᠎ᠠ ᠲᠣᠭᠤᠷᠢᠭ ᠤᠨ ᠡᠮᠡᠭᠲᠡᠶᠢᠴᠦᠳ ᠤᠨ ᠨᠡᠩ ᠦᠵᠡᠰᠬᠦᠯᠡᠩᠲᠦ | ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠳᠤ ᠬᠦᠴᠦᠨ ᠨᠡᠮᠡᠷᠢᠯᠡᠨ᠎ᠡ᠃ | |