ᠬᠤᠶᠠᠷ ᠬᠤᠷᠠᠯ ᠤᠨ ᠲᠠᠭᠤᠨ᠄ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠱᠧᠨ ᠵᠢᠶᠠ ᠰᠢᠩ
ᠨᠡᠶᠢᠲᠡᠯᠡᠭᠰᠡᠨ ᠴᠠᠭ᠄
2025/3/26
2025-02-12-52d54516a6-0b23-4a29-9d6f-98d2b6171158.png
        ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠱᠧᠨ ᠵᠢᠶᠠ ᠰᠢᠩ ᠢᠯᠡᠷᠬᠡᠶᠢᠯᠡᠬᠦ ᠳᠡᠭᠡᠨ᠄ ᠡᠨᠡ ᠵᠢᠯ ᠤᠨ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠡᠳᠦᠪ ᠨᠢ ᠢᠯᠡ ᠲᠣᠳᠣ᠂ ᠤᠳᠬ᠎ᠠ ᠰᠠᠨᠠᠭ᠎ᠠ ᠨᠢ ᠭᠦᠨ  ᠭᠦᠨᠵᠡᠭᠡᠢ᠂ ᠵᠣᠭᠰᠣᠴᠠ ᠨᠢ ᠥᠨᠳᠥᠷ᠂ ᠰᠡᠳᠬᠢᠮᠵᠢ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠪᠣᠳᠠᠲᠠᠢ᠂  ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠢᠯᠡᠳᠬᠡᠯ ᠳᠤ ᠣᠷᠣᠨ ᠪᠦᠰᠡ ᠶᠢᠨ ᠡᠮᠴᠢᠯᠡᠭᠡᠨ ᠤ  ᠥᠨᠳᠦᠷᠯᠢᠭ ᠢ ᠬᠦᠴᠦ ᠪᠠᠨ ᠲᠥᠪᠯᠡᠷᠡᠭᠦᠯᠦᠨ ᠪᠠᠶᠢᠭᠤᠯᠤᠨ᠎ᠠ ᠭᠡᠵᠦ ᠳᠤᠷᠠᠳᠪᠠ᠃ ᠡᠮᠴᠢᠯᠡᠭᠡ ᠭᠤᠶᠣᠯᠠᠯ ᠵᠠᠰᠠᠯ ᠤᠨ  ᠠᠵᠢᠯ ᠬᠢᠵᠦ ᠪᠠᠶᠢᠭ᠎ᠠ ᠦᠨᠳᠦᠰᠦᠨ ᠱᠠᠲᠤᠨ ᠤ ᠭᠡᠰᠢᠭᠦᠨ ᠪᠣᠯᠤᠭᠰᠠᠨ ᠤ ᠬᠤᠪᠢ ᠳᠤ᠂ ᠤᠯᠤᠰ ᠲᠥᠷᠥ ᠶᠢᠨ  ᠵᠥᠪᠯᠡᠯᠭᠡᠨ ᠤ ᠭᠡᠰᠢᠭᠦᠨ ᠪᠣᠯ ᠨᠢᠭᠡᠨ ᠢᠷᠠᠭᠤ ᠠᠯᠳᠠᠷ ᠮᠥᠨ ᠪᠥᠭᠡᠳ ᠨᠢᠭᠡ ᠵᠦᠢᠯ ᠤᠨ ᠬᠦᠨᠳᠦ ᠬᠠᠷᠢᠭᠤᠴᠠᠯᠭ᠎ᠠ  ᠮᠥᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠨᠠᠮᠠᠶᠢ ᠲᠤᠶᠢᠯ ᠢᠶᠠᠷ ᠤᠷᠮᠠᠰᠢᠭᠤᠯᠤᠨ ᠵᠣᠷᠢᠭᠵᠢᠭᠤᠯᠵᠤ᠂  ᠢᠷᠡᠭᠡᠳᠦᠢ ᠶᠢᠨ ᠤᠷᠤᠭᠰᠢᠯᠠᠯᠲᠠ ᠶᠢᠨ ᠴᠢᠭᠯᠡᠯ ᠪᠠ ᠲᠡᠮᠡᠴᠡᠬᠦ ᠬᠠᠷᠠᠯᠲᠠ ᠶᠢ ᠴᠤ ᠨᠠᠩ ᠲᠣᠳᠣᠷᠬᠠᠢ ᠪᠣᠯᠭᠠᠵᠠᠢ᠃ ᠪᠢ  ᠥᠪᠡᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠣᠨ ᠣᠨᠴᠠᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠮ  ᠡᠮᠨᠡᠯᠭᠡ ᠭᠤᠸ᠎ᠠ ᠰᠠᠶᠢᠬᠠᠨ ᠤ ᠦᠢᠯᠡᠰ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ  ᠭᠤᠸ᠎ᠠ ᠰᠠᠶᠢᠬᠠᠨ ᠤ ᠲᠤᠬᠠᠢ ᠴᠥᠬᠦᠷᠡᠰᠢ ᠦᠭᠡᠢ ᠬᠥᠭᠡᠭᠡᠴᠡᠯᠳᠦᠯ ᠢ ᠲᠠᠶᠢᠯᠪᠤᠷᠢᠯᠠᠵᠤ᠂ ᠨᠡᠶᠢᠭᠡᠮ ᠳᠤ ᠭᠤᠶᠠᠴᠢ  ᠦᠭᠡᠢ ᠬᠤᠪᠢ ᠨᠡᠮᠡᠷᠢ ᠦᠵᠡᠭᠦᠯᠵᠦ᠂ ᠠᠵᠢᠯ ᠲᠦᠷᠦᠯ ᠤᠨ ᠬᠥᠭᠵᠢᠯᠲᠡ ᠪᠣᠯᠣᠨ ᠨᠡᠶᠢᠭᠡᠮ ᠤᠨ ᠲᠠᠪᠰᠢᠯᠳᠠ ᠳᠤ ᠨᠡᠩ  ᠤᠯᠠᠨ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号