ᠰᠢᠭᠤᠶᠢᠲᠤ ᠲᠣᠭᠤᠷᠢᠭ ︽ᠭᠤᠷᠪᠠ ᠠᠴᠠ ᠬᠤᠶᠠᠷ ᠢ ᠡᠷᠢᠬᠦ︾ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/26
        3 ᠳ᠋ᠤᠭᠠᠷ ᠰᠠᠷ᠎ᠠ ᠶᠢᠨ 13 ᠤ ᠡᠳᠦᠷ᠂ ᠰᠢᠭᠤᠶᠢᠲᠤ ᠲᠣᠭᠤᠷᠢᠭ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠲᠤᠭᠤᠷᠢᠭ ᠤᠨ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠵᠤ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠥᠬᠦ ᠲᠤᠭᠤᠷᠢᠭ ᠤᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠳᠠᠶᠢᠴᠢᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠶ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠦ ᠪᠢᠶᠣᠣ ᠬᠤᠷᠠᠯ ᠢ ᠡᠷᠭᠢᠯᠡᠭᠰᠡᠨ ᠪᠥᠭᠡᠳ ︽ᠰᠢᠭᠤᠶᠢᠲᠤ ᠲᠣᠭᠤᠷᠢᠭ ᠤᠨ ︿ᠭᠤᠷᠪᠠ ᠠᠴᠠ ᠬᠤᠶᠠᠷ ᠢ ᠡᠷᠢᠬᠦ﹀ ᠠᠵᠢᠯ ᠢ ᠠᠬᠢᠭᠤᠯᠵᠤ ᠨᠠᠶᠢᠳᠠᠪᠤᠷᠢᠵᠢᠭᠤᠯᠬᠤ ᠲᠥᠰᠦᠯ︾ ᠢ ᠤᠩᠰᠢᠨ ᠲᠠᠶᠢᠯᠪᠤᠷᠢᠯᠠᠬᠤ ᠶᠢᠨ ᠬᠠᠮᠲᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠵᠠᠩ ᠰᠢᠶᠤᠤ ᠹᠸᠢ᠂ ᠠᠵᠤ ᠠᠬᠤᠶᠢᠯᠠᠯ ᠪᠣᠯ ᠣᠷᠣᠨ ᠨᠤᠲᠤᠭ ᠤᠨ ᠬᠥᠭᠵᠢᠯᠲᠡ ᠶᠢᠨ ᠬᠠᠮᠤᠭ ᠤᠨ ᠵᠠᠩᠭᠢᠯᠠᠭ᠎ᠠ ᠶᠢᠨ ᠬᠦᠴᠦᠨ ᠮᠥᠨ᠂ ᠠᠵᠤ ᠠᠬᠤᠶᠢᠯᠠᠯ ᠳᠤ ᠰᠠᠶᠢᠨ ᠪᠠᠶᠢᠬᠤ ᠪᠣᠯ ᠳᠠᠷᠤᠢ ᠭᠠᠵᠠᠷ ᠣᠷᠣᠨ ᠤ ᠬᠥᠭᠵᠢᠯᠲᠡ ᠳᠤ ᠰᠠᠶᠢᠨ ᠪᠠᠶᠢᠬᠤ ᠶᠠᠪᠤᠳᠠᠯ ᠮᠥᠨ᠃ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠥᠷᠨᠢᠭᠦᠯᠬᠦ ᠪᠣᠯ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠵᠢᠯᠯᠠᠭ᠎ᠠ ᠮᠥᠨ᠂ ᠪᠠᠰᠠ ᠴᠤ ᠭᠠᠵᠠᠷ ᠣᠷᠣᠨ ᠤ ᠨᠡᠮᠡᠭᠳᠡᠯ ᠢ ᠠᠳᠬᠤᠬᠤ᠂ ᠰᠢᠨ᠎ᠡ ᠨᠡᠮᠡᠭᠳᠡᠯ ᠤᠨ ᠴᠡᠭ ᠢ ᠠᠳᠬᠤᠬᠤ ︽ᠵᠠᠩᠭᠢᠯᠠᠭ᠎ᠠ ᠶᠢᠨ ᠬᠥᠳᠡᠯᠭᠡᠭᠦᠷ︾ ᠮᠥᠨ᠃ ᠦᠨᠡᠨ ᠬᠦ ᠬᠦᠳᠡᠯᠦᠯᠴᠡᠬᠦ ᠬᠡᠷᠡᠭᠲᠡᠢ᠃ ᠣᠳᠣᠬᠠᠨ ᠤ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠪᠠ ᠪᠣᠳᠠᠲᠤ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠬᠦᠴᠦᠨ ᠢᠶᠠᠷ ᠢᠶᠠᠨᠴᠢᠷᠮᠠᠶᠢᠵᠤ᠂ ᠬᠠᠷᠠᠯᠲᠠ ᠪᠠᠨ ᠴᠢᠩᠭ᠎ᠠ ᠠᠩᠬᠠᠷᠴᠤ ᠱᠠᠯᠠᠪᠳᠠᠨ ᠬᠥᠳᠡᠯᠦᠯᠴᠡᠨ᠎ᠡ᠃ ᠦᠨᠡᠬᠡᠷ ᠯᠠᠪᠳᠠᠭᠤᠨ ᠪᠠᠶᠢᠬᠤ ᠬᠡᠷᠡᠭᠲᠡᠢ᠃ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ ᠨᠢᠭᠡᠴᠢ ᠪᠣᠯᠤᠨ ᠪᠣᠳᠠᠲᠠᠶ ᠬᠠᠷᠢᠭᠤᠴᠠᠯᠭᠠᠲᠠᠨ ᠨᠢ ᠦᠢᠯᠡᠴᠢᠯᠡᠭᠡ ᠪᠠᠨ ᠳᠣᠷᠣᠭᠰᠢ ᠪᠠᠭᠤᠯᠭᠠᠵᠤ᠂ ᠪᠡᠶᠡᠴᠢ ᠴᠢᠳᠠᠮᠠᠭᠠᠶ ᠴᠢᠨᠠᠷ ᠢᠶᠠᠨ ᠭᠦᠢᠴᠡᠳ ᠪᠠᠳᠠᠷᠠᠭᠤᠯᠤᠨ᠂ ᠣᠯᠠᠨ ᠵᠦᠢᠯ ᠤᠨ ᠠᠮᠢᠳᠤᠯᠢᠭ ᠠᠷᠭ᠎ᠠ ᠮᠠᠶ᠋ᠢᠭ ᠢᠶᠠᠷ ᠬᠡᠷᠡᠭᠵᠢᠭᠦᠯᠦᠯᠲᠡ ᠶᠢ ᠠᠳᠬᠤᠬᠤ᠂ ᠨᠡᠪᠲᠡᠯᠬᠦ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ ᠠᠬᠤᠶᠢᠯᠠᠯ ᠢ ᠭᠤᠮᠣᠳᠠᠯ ᠱᠠᠭᠠᠷᠳᠠᠯᠭ᠎ᠠ ᠶᠢ ᠳᠠᠭᠠᠬᠤ ᠬᠤᠷᠳᠤᠴᠠ᠂ ᠬᠦᠴᠢᠷ ᠠᠰᠠᠭᠤᠳᠠᠯ ᠢ ᠰᠢᠢᠳᠪᠦᠷᠢᠯᠡᠬᠦ ᠡᠷᠴᠢᠮ᠂ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠬᠠᠯᠠᠭᠤᠨ ᠳᠤᠯᠠᠭᠠᠨ ᠳᠤ ︽ᠭᠤᠷᠪᠠ ᠠᠴᠠ ᠬᠤᠶᠠᠷ ᠢ ᠡᠷᠢᠬᠦ︾ ᠠᠵᠢᠯ ᠤᠨ ᠲᠣᠭᠲᠠᠴᠠ ᠶᠢᠨ ᠰᠠᠶᠢᠨ ᠲᠠᠯ᠎ᠠ ᠶᠢ ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠶ᠃ ᠦᠨᠡᠨ ᠬᠦ ᠬᠠᠷᠢᠭᠤᠴᠠᠯᠭ᠎ᠠ ᠡᠭᠦᠷᠭᠡᠯᠡᠬᠦᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢᠳᠣᠪᠤᠶᠢᠯᠭᠠᠨ᠂ ᠣᠷᠣᠨ ᠪᠠᠶᠢᠷᠢ ᠪᠠᠨ ᠰᠣᠯᠢᠵᠤ ᠪᠣᠳᠣᠯᠬᠢᠯᠠᠬᠤ ᠶᠢ ᠪᠡᠶᠡᠯᠡᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠴᠢᠩᠭᠠᠳᠬᠠᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠪᠦᠬᠦᠯᠢ ᠴᠣᠭᠴᠠ ᠶᠢᠨ ᠠᠵᠢᠯ ᠢ ᠨᠠᠩ ᠬᠡᠷᠡᠯ ᠭᠢᠯᠪᠠᠭ᠎ᠠ ᠰᠠᠴᠤᠷᠠᠭᠤᠯᠵᠤ᠂ ︽ᠭᠤᠷᠪᠠ ᠠᠴᠠ ᠬᠤᠶᠠᠷ ᠢᠡᠷᠢᠬᠦ︾ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ ᠰᠢᠭᠤᠶᠢᠲᠤ ᠶᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠬᠦ ᠳᠤ ᠲᠠᠪᠴᠠᠩ ᠬᠠᠩᠭᠠᠵᠤ᠂ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠳᠡᠭᠡᠷ᠎ᠡ ︽ᠰᠢᠭᠤᠶᠢᠲᠤ ᠲᠣᠭᠤᠷᠢᠭ ᠤᠨ ︿ᠭᠤᠷᠪᠠ ᠠᠴᠠ ᠬᠤᠶᠠᠷ ᠢ ᠡᠷᠢᠬᠦ﹀ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠲᠥᠰᠦᠯ︾᠂ ᠰᠢᠭᠤᠶᠢᠲᠤ ᠲᠣᠭᠤᠷᠢᠭ ᠤᠨ 2025 ᠣᠨ ᠤ ᠶᠠᠷᠢᠯᠴᠠᠵᠤ ᠪᠠᠶᠢᠭ᠎ᠠ ᠲᠦᠷᠦᠯ ᠵᠦᠢᠯ᠂ ᠪᠠᠶᠢᠭᠤᠯᠵᠤ ᠪᠠᠶᠢᠭ᠎ᠠ ᠲᠥᠷᠥᠯ ᠵᠦᠢᠯ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ 172 ᠡᠷᠦᠬᠡ᠂ 200 ᠭᠠᠷᠤᠶ ᠳᠠᠭᠠᠭᠠᠴᠢᠯᠠᠨ ᠬᠤᠯᠪᠣᠭᠰᠠᠨ ᠺᠠᠳ᠋ᠷ ᠣᠷᠣᠯᠴᠠᠵᠤ᠂ ᠣᠯᠠᠨ ᠲᠠᠯ᠎ᠠ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ ᠠᠴᠠ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠬᠦ ᠲᠠᠪᠴᠠᠩ ᠢᠪᠠᠶᠢᠭᠤᠯᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠠᠩᠬᠠᠷᠴᠤ᠂ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠥᠨᠳᠥᠷ ᠪᠦᠲᠦᠮᠵᠢᠲᠡᠶ ᠪᠠᠷ ᠲᠤᠰᠢᠶᠠᠨ ᠰᠢᠢᠳᠪᠦᠷᠢᠯᠡᠭᠦᠯᠬᠦ᠂ ᠰᠢᠢᠳᠪᠦᠷᠢᠯᠡᠬᠦ᠂ ᠦᠷ᠎ᠡ ᠪᠦᠲᠦᠮᠵᠢ ᠶᠢ ᠦᠨᠡᠯᠡᠨ ᠵᠢᠱᠢᠬᠦ︾ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠪᠠ᠃        ᠪᠥᠬᠦ ᠲᠣᠭᠤᠷᠢᠭ ᠤᠨ ᠬᠡᠷ ᠲᠡᠭᠡᠨ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ᠂ ᠰᠢᠭᠤᠶᠢᠲᠤ ᠲᠣᠭᠤᠷᠢᠭ ᠤᠨ 2025 ᠣᠨ ᠤ ᠶᠠᠷᠢᠯᠴᠠᠵᠤ ᠪᠠᠶᠢᠭ᠎ᠠ᠂ ᠦᠢᠯᠡᠳᠪᠦᠷᠢᠯᠡᠵᠦ ᠪᠠᠶᠢᠭ᠎ᠠ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠳᠠᠭᠠᠭᠠᠴᠢᠯᠠᠯᠲᠠ ᠶᠢᠨ ᠬᠠᠷᠢᠭᠤᠴᠠᠯᠭᠠᠲᠠᠨ ᠪᠠ ᠵᠠᠯᠠᠭᠤ ᠺᠠᠳ᠋ᠷ ᠬᠤᠷᠠᠯ ᠳᠤ ᠣᠷᠣᠯᠴᠠᠵᠠᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号