ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/26
        3 ᠳ᠋ᠤᠭᠠᠷ ᠰᠠᠷ᠎ᠠ ᠶᠢᠨ 6 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠢᠨᠠᠨ ᠰᠢᠯᠭᠠᠭᠰᠠᠨ ᠦᠷ᠎ᠡ ᠳ᠋ᠦᠩ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠪᠣᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠤ ᠪᠢᠶᠤᠤ ᠬᠤᠷᠠᠯ ᠢ ᠡᠷᠭᠢᠯᠡᠪᠡ᠃ ᠬᠤᠷᠠᠯᠳᠡᠭᠡᠷ᠎ᠡ᠂ ᠵᠢᠪᠬᠤᠯᠠᠩᠲᠤ ᠰᠤᠮᠤ᠂ ᠪᠠᠳᠺᠠᠷ ᠰᠦᠮ᠎ᠡ ᠪᠠᠯᠭᠠᠰᠤ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠤᠰ ᠲᠤᠰ ᠣᠪᠣᠷ ᠢᠶᠠᠨ ᠢᠯᠡᠳᠬᠡᠬᠦ ᠶᠡᠷᠢᠶ᠎ᠠ ᠲᠠᠯᠪᠢᠪᠠ ᠃        ᠭᠠᠢ ᠯᠢᠶᠠᠨ ᠢᠤᠢ ᠂ ᠲᠠᠷᠢᠵᠦ ᠲᠡᠵᠢᠭᠡᠬᠦ ᠦᠢᠯᠡᠰ ᠤᠨ ᠤᠨᠴᠠᠯᠢᠭ ᠢ ᠲᠤᠪᠤᠶᠢᠯᠭᠠᠬᠤ ᠶᠢ ᠴᠢᠬᠤᠯᠠᠴᠢᠯᠠᠵᠦ᠂ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠭᠦᠯᠬᠦ ᠶᠢ ᠲᠦᠷᠭᠡᠳᠭᠡᠵᠦ᠂ ᠵᠦᠩ ᠲᠢᠶᠠᠨ᠂ ᠳ᠋ᠧ ᠺᠠᠩ᠂ ᠪᠠ ᠵᠢᠶᠧ᠂ ᠲᠠᠯ᠎ᠠ ᠨᠤᠳᠤᠭ ᠯᠢ ᠰᠢᠨ ᠵᠡᠷᠭᠡ ᠲᠠᠭᠠᠭᠤᠯᠤᠬᠴᠢ ᠠᠵᠦ ᠠᠬᠤᠶᠢᠯᠠᠯ ᠢ ᠲᠠᠰᠤᠷᠠᠯᠳᠠ ᠦᠭᠡᠢ ᠬᠦᠭᠵᠢᠨ ᠪᠤᠵᠠᠭᠠᠢᠢᠷᠠᠭᠤᠯᠬᠤ ᠶᠢ ᠲᠡᠮᠵᠢᠬᠦ ᠬᠡᠷᠡᠭᠳᠡᠢ︔ ︽ᠳ᠋ᠠ ᠹᠠ 1913︾᠂ ︽ᠼᠠᠢ ᠶᠦᠨᠴᠢᠩ︾ ᠵᠡᠷᠭᠡ ᠵᠢᠭᠤᠯᠴᠢᠯᠠᠯ ᠤᠨ ᠵᠤᠷᠢᠯᠳᠠ ᠶᠢᠨ ᠭᠠᠵᠠᠷ ᠤᠨ ᠦᠢᠯᠡᠳᠦᠯ ᠢ ᠪᠠᠳᠠᠷᠠᠭᠤᠯᠬᠤ ᠪᠠᠷ ᠲᠠᠮᠵᠢᠨ᠂ ᠨᠡᠩ ᠤᠯᠠᠨ ᠮᠠᠯᠴᠢᠨ ᠲᠠᠷᠢᠶᠠᠴᠢᠨ ᠢ ︽ᠡᠵᠡᠨᠳᠡᠨ︾ ᠪᠣᠯᠬᠤ ᠶᠢ ᠬᠦᠲᠦᠯᠦᠨ ᠵᠢᠯᠤᠭᠤᠳᠬᠤ ᠬᠡᠷᠡᠭᠳᠡᠢ᠃ ︽ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠠᠵᠤ ᠦᠢᠯᠡᠰ ᠢᠶᠠᠷ ᠬᠤᠲᠠ ᠶᠢ ᠮᠠᠨᠳᠤᠭᠤᠯᠬᠤ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ︾ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠦᠴᠦᠨ ᠵᠦᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠤᠭᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ᠂ ︽ᠬᠥᠨᠳᠡᠶ ᠲᠣᠰᠬᠤᠨ︾ ᠵᠡᠷᠭᠡ ᠦᠷ᠎ᠡ ᠠᠰᠢᠭ ᠢᠶᠠᠷ ᠳᠣᠤᠷ᠎ᠠ ᠰᠤᠯᠠ ᠪᠠᠶᠢᠭ᠎ᠠ ᠡᠬᠢ ᠪᠠᠶᠠᠯᠢᠭ ᠢ ᠢᠯᠭᠠᠷᠠᠭᠤᠯᠤᠨ ᠠᠮᠢᠳᠤᠯᠢᠭᠵᠢᠭᠤᠯᠵᠤ᠂ ᠠᠲᠠᠷᠰᠢᠭᠤᠯᠤᠭᠰᠠᠨ ᠭᠠᠵᠠᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠦᠢᠯᠡᠳᠪᠦᠷᠢᠯᠡᠯ ᠠᠮᠢᠳᠤᠷᠠᠯ ᠤᠨ ᠢᠵᠢ ᠪᠥᠷᠢᠳᠦᠯ ᠢ ᠭᠦᠨᠵᠡᠭᠡᠶ ᠨᠡᠪᠲᠡᠷᠡᠭᠦᠯᠵᠦ᠂ ᠬᠤᠲᠠ ᠬᠥᠳᠡᠭᠡ ᠶᠢᠨ ᠬᠤᠶᠠᠷ ᠡᠰᠢᠲᠦ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠬᠡᠷᠡᠭᠲᠡᠶ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ 10% ᠪᠠᠷ ᠪᠠᠭᠠᠰᠬᠠᠬᠤ ᠬᠠᠷᠠᠯᠲᠠ ᠶᠢ ᠴᠢᠩᠭ᠎ᠠ ᠠᠩᠬᠠᠷᠴᠤ᠂ ᠬᠥᠳᠡᠯᠮᠦᠷᠢᠯᠡᠬᠦ ᠴᠢᠳᠠᠪᠤᠷᠢ ᠲᠠᠢ ᠪᠠ ᠬᠦᠰᠡᠯ ᠰᠠᠨᠠᠭ᠎ᠠ ᠲᠠᠢ ᠮᠠᠯᠴᠢᠨ ᠲᠠᠷᠢᠶᠠᠴᠢᠨ ᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠲᠠᠢ ᠬᠠᠷᠢᠯᠴᠠᠵᠤ ᠮᠠᠯᠴᠢᠨ ᠲᠠᠷᠢᠶᠠᠴᠢᠨ ᠳᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠵᠠ ᠲᠣᠬᠢᠶᠠᠯ ᠬᠠᠩᠭᠠᠵᠤ᠂ ︽ᠪᠢ ᠤᠯᠠᠨ ᠲᠦᠮᠡᠨ ᠳᠤ ᠠᠵᠢᠯ ᠡᠷᠢᠵᠦ ᠥᠭᠬᠦ︾ ᠶᠢ ᠪᠦᠬᠦ ᠲᠠᠯ᠎ᠠ ᠪᠠᠷ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠪᠠᠭᠤᠷᠠᠢ ᠰᠤᠯᠠ ᠵᠠᠳᠠᠭᠠᠢ ᠪᠠ ᠬᠤᠴᠣᠷᠤᠩᠭᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠬᠦᠴᠦᠨ ᠴᠢᠳᠠᠯ ᠣᠯᠭᠤᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠤᠯᠠᠨ ᠲᠦᠮᠡᠨ ᠤ ᠥᠪᠡᠷᠲᠡᠭᠡᠨ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ᠂ ᠬᠠᠤᠯᠢ ᠪᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠲᠠᠷᠢᠶᠠᠯᠠᠬᠤ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ ︾ ᠣᠯᠠᠨ ᠲᠦᠮᠡᠨ ᠤ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠲᠠᠰᠤᠷᠠᠯᠲᠠ ᠥᠬᠡᠶᠪᠠᠶᠠᠯᠢᠭᠵᠢᠭᠤᠯᠵᠤ᠂ ᠡᠯ᠎ᠡ ᠲᠣᠰᠬᠤᠨ ᠤ ᠪᠡᠶ᠎ᠡ ᠪᠠᠨ ᠳᠠᠭᠠᠭᠠᠵᠤ ︽ᠲᠣᠰᠬᠤᠨ ᠤ ᠣᠷᠣᠶ ᠶᠢᠨ ᠦᠳᠡᠰᠢᠯᠡᠭᠡ︾᠂ ᠭᠠᠯ ᠲᠠᠬᠢᠯᠭ᠎ᠠ ᠶᠢᠨ ᠨᠠᠶᠢᠷ᠂ ᠶᠢᠰᠦᠨ ᠠᠶ᠎ᠠ ᠰᠢᠯᠵᠢᠭᠦᠯᠬᠦ ᠵᠡᠷᠭᠡ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠨᠢᠤ ᠪᠢᠶᠤᠤ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠂ ᠰᠢᠭᠤᠶᠢᠲᠤ ᠲᠣᠭᠤᠷᠢᠭ ᠤᠨ ︽ᠨᠢᠭᠡ ᠴᠣᠭᠴᠠᠵᠢᠭᠤᠯᠤᠨ ᠠᠭᠤᠰᠤᠯᠴᠠᠭᠤᠯᠵᠤ᠂ ᠬᠤᠶᠠᠷ ᠲᠣᠭᠤᠷᠢᠭ ᠢ ᠬᠠᠮᠵᠢᠯᠴᠠᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠡᠯ᠎ᠡ ᠵᠦᠢᠯ  ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠠᠷᠠᠯᠲᠠ ᠪᠠᠨ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠷᠢᠨ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢᠴᠢᠩᠭᠠᠳᠬᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠬᠠᠪᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠨ ᠡᠯᠪᠡᠭ ᠬᠤᠷᠢᠶᠠᠯᠲᠠ ᠣᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃        ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号