ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠤ᠋ ᠵᠢᠶᠠᠨ ᠰᠢᠶᠦ᠋ᠨ ᠰᠢᠭᠤᠶᠢᠲᠤ ᠲᠣᠭᠤᠷᠢᠭ ᠲᠤ ᠬᠦᠷᠴᠦ ᠲᠥᠯᠥᠭᠡᠯᠡᠭᠴᠢᠳ ᠬᠡᠷ ᠲᠤᠨᠢ ᠬᠦᠷᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/26
        3 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠤ᠋ ᠵᠢᠶᠠᠨ ᠰᠢᠶᠦ᠋ᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠳ᠋ᠠ ᠳ᠋ᠧ ᠾᠧᠩ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠲᠤ ᠬᠦᠷᠴᠦ᠂ ᠲᠥᠯᠥᠭᠡᠯᠡᠭᠴᠢ ᠬᠡᠷ ᠲᠤᠨᠢ ᠬᠦᠷᠬᠦ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠢᠭᠤᠷᠲᠠᠨ ᠬᠠᠷᠢᠭᠤᠯᠲᠠ ᠥᠭᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠤ ᠡᠬᠢ ᠪᠠᠶᠠᠯᠢᠭ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠭᠦᠸᠧ ᠯᠢ ᠮᠢᠨ᠂ ᠲᠥᠰᠦᠪ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠯᠢ ᠶᠢᠨ ᠯᠢᠶᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ᠂ ᠳᠡᠳ᠋ ᠡᠷᠬᠢᠯᠡᠭᠴᠢ ᠸᠠᠩ ᠷᠦᠩ ᠠᠵᠢᠯᠯᠠᠭ᠎ᠠ ᠳᠤ ᠣᠷᠣᠯᠴᠠᠪᠠ᠃        ᠰᠦ᠋ ᠵᠢᠶᠠᠨ ᠰᠢᠶᠦ᠋ᠨ᠂ ᠪᠠᠳᠺᠠᠷ ᠰᠦᠮ᠎ᠡ ᠪᠠᠯᠭᠠᠰᠤᠨ ᠤ ᠴᠢᠩ ᠱᠠᠨ ᠲᠣᠰᠬᠤᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠤᠯᠪᠣᠭ᠎ᠠ ᠠᠪᠬᠤ ᠦᠷᠳᠡᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠳᠤ ᠣᠷᠣᠯᠴᠠᠬᠤ᠂ ᠠᠷᠠᠳ ᠤᠨ ᠲᠥᠯᠥᠭᠡᠯᠡᠭᠴᠢ ᠶᠢᠨ ᠰᠣᠨᠢᠨ ᠤ ᠬᠤᠷᠢᠶ᠎ᠠ ᠶᠢᠨ ᠤᠨᠤᠯ ᠤᠨ ᠰᠤᠳᠤᠯᠤᠨ ᠦᠢᠯᠡᠳᠦᠯᠭᠡᠵᠢᠭᠦᠯᠬᠦ ᠪᠤᠭᠤᠲᠤ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠂ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠤᠨ ᠮᠠᠨ ᠲᠢᠩ ᠹᠠᠩ ᠰᠠᠭᠤᠭᠠᠯᠢ ᠲᠣᠭᠤᠷᠢᠭ ᠤᠨ ᠱᠠᠩ ᠾᠧ ᠬᠡᠷᠡᠭ ᠵᠥᠪᠯᠡᠬᠦ ᠲᠢᠩᠽᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠢ ᠾᠧ ᠵᠢᠶᠠ ᠶᠤᠸᠠᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠭᠤᠶᠢᠲᠤ ᠲᠣᠭᠤᠷᠢᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃        ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠲᠥᠯᠥᠭᠡᠯᠡᠭᠴᠢᠳ ᠲᠤᠰ ᠪᠡᠶ᠎ᠡ ᠶᠢᠨ ᠠᠮᠢᠳᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢᠰᠣᠨᠣᠰᠴᠤ᠂ ᠨᠢᠭᠡᠳ ᠨᠢᠭᠡ ᠪᠠᠷ ᠲᠡᠮᠳᠡᠭᠯᠡᠵᠦ᠂ ᠠᠰᠠᠭᠤᠳᠠᠯ ᠢ ᠲᠦᠷᠦᠯ ᠬᠤᠪᠢᠶᠠᠨ ᠳᠡᠭᠡᠭᠰᠢ ᠮᠡᠳᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠯᠠᠨ ᠤ ᠣᠷᠣᠯᠠᠨ ᠥᠭᠦᠯᠡᠭᠴᠢ ᠶᠢ ᠰᠠᠶᠢᠲᠤᠷ ᠬᠢᠨ᠎ᠡ ᠭᠡᠵᠦ ᠢᠯᠡᠳᠬᠡᠪᠡ᠃        ᠰᠦ᠋ ᠵᠢᠶᠠᠨ ᠰᠢᠶᠦ᠋ᠨ᠂ ᠰᠢᠢᠳᠪᠦᠷᠢᠯᠡᠭᠳᠡᠬᠦᠢ ᠰᠡᠳᠭᠢᠬᠦᠢ ᠶᠢ ᠪᠤᠢ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠮᠥᠨ ᠴᠢᠨᠠᠷ ᠪᠠ ᠵᠠᠩᠭᠢᠯᠠᠭ᠎ᠠ ᠶᠢ ᠣᠨᠣᠪᠴᠢᠲᠠᠶ ᠡᠵᠡᠮᠳᠡᠵᠦ᠂ ᠣᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠤᠨ ᠡᠮᠦᠨ᠎ᠡ᠂ ᠵᠠᠶᠢᠯᠠᠬᠤ ᠥᠬᠡᠶ᠂ ᠲᠦᠯᠬᠢᠯᠴᠡᠬᠦ ᠥᠬᠡᠶ ᠪᠠᠶᠢᠵᠤ᠂ ᠰᠢᠢᠳᠪᠦᠷᠢᠯᠡᠬᠦ ᠲᠥᠰᠦᠯ ᠢ ᠢᠳᠡᠪᠬᠢᠲᠡᠶ ᠡᠷᠢᠬᠦᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠰᠣᠩᠭᠤᠭᠤᠯᠢ ᠶᠢᠨ ᠠᠷᠠᠳ ᠯᠤᠭ᠎ᠠ ᠶᠢᠨ ᠬᠠᠷᠢᠯᠴᠠᠭ᠎ᠠ ᠶᠢ ᠨᠢᠭᠲᠠᠷᠠᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠢ ᠵᠠᠰᠠᠭ ᠤᠨ ᠣᠷᠳᠣᠨ ᠤ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠨᠠᠷ ᠰᠠᠶᠢᠲᠠᠢ ᠠᠵᠢᠯᠯᠠᠭ᠎ᠠ ᠪᠠᠷ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃        ᠵᠠᠩ ᠬᠠᠢ᠂ ᠲᠥᠯᠥᠭᠡᠯᠡᠭᠴᠢᠳ ᠭᠡᠷ ᠲᠤ ᠨᠢ ᠣᠷᠣᠵᠤ ᠴᠤᠭᠯᠠᠭᠤᠯᠤᠭᠰᠠᠨ ᠡᠯ᠎ᠡ ᠲᠥᠷᠥᠯ ᠤᠨ ᠰᠠᠨᠠᠯ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠵᠤ᠂ ᠲᠤᠬᠠᠢ ᠶᠢᠨ ᠲᠠᠯᠠᠪᠤᠷ ᠲᠤ ᠬᠡᠷᠡᠭᠵᠢᠭᠦᠯᠵᠦ ᠪᠣᠯᠬᠤᠶᠢᠴᠠ ᠠᠰᠠᠭᠤᠳᠠᠯ ᠢ ᠬᠠᠷᠢᠭᠤᠯᠵᠤ᠂ ᠤᠯᠠᠨ ᠰᠠᠯᠠᠭ᠎ᠠ ᠮᠥᠴᠢᠷ ᠤᠨ ᠬᠦᠴᠦ ᠪᠠᠨ ᠬᠠᠮᠲᠤᠳᠬᠠᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠴᠠᠭ ᠲᠤᠬᠠᠢ ᠳᠤᠨᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠵᠣᠬᠢᠴᠠᠭᠤᠯᠵᠤ᠂ ᠠᠰᠠᠭᠤᠳᠠᠯ ᠢ ᠮᠥᠷᠳᠡᠨ ᠰᠢᠢᠳᠪᠦᠷᠢᠯᠡᠬᠦ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠷᠬᠡᠶᠢᠯᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号