ᠠᠵᠤ ᠠᠬᠤᠶᠢᠯᠠᠯ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠳ ᠤᠨ | ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠴᠢᠩᠭᠠᠷᠠᠭᠤᠯᠬᠤ ᠶᠢᠨ ᠲᠤᠰᠠᠲᠠ᠂ ᠣᠶᠢᠷ᠎ᠠ ᠳᠤ᠂ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠧᠨ ᠱᠢ ᠰᠢᠨ᠎ᠡ | ᠮᠠᠲ᠋ᠧᠷᠢᠶᠠᠯ᠂ ᠮᠢᠩ ᠶᠠᠩ ᠰᠢᠨ᠎ᠡ ᠡᠨᠧᠷᠭᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠭᠤᠯᠭ᠎ᠠ ᠨᠢ ᠨᠠᠷᠢᠨ | ᠪᠣᠳᠠᠲᠠᠶ᠂ ᠬᠠᠨᠳᠤᠯᠭᠠᠲᠤ ᠴᠢᠨᠠᠷ ᠢᠶᠠᠷ ᠴᠢᠩᠭ᠎ᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ | ᠠᠵᠢᠯᠲᠠᠳ᠂ ᠠᠵᠢᠯᠴᠢᠳ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ᠂ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠬᠦ᠂ ᠦᠷᠡᠵᠢᠯ ᠤᠨ ᠨᠥᠬᠦᠪᠥᠷᠢ ᠮᠥᠩᠭᠦ ᠵᠡᠷᠭᠡ ᠠᠵᠢᠯᠲᠠᠳ ᠤᠨ ᠠᠩᠬᠠᠷᠴᠤ ᠪᠠᠶᠢᠭ᠎ᠠ ᠡᠮ | ᠡᠮᠨᠡᠯᠭᠡ ᠶᠢᠨ ᠳᠠᠭᠠᠳᠬᠠᠯ ᠤᠨ ᠬᠠᠯᠠᠮᠰᠢᠯ ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠷᠢᠨ ᠨᠢᠮᠪᠠᠶ ᠲᠠᠶᠢᠯᠤᠮᠵᠢ ᠬᠢᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯᠲᠠᠳ ᠲᠤ | ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ ᠬᠠᠮᠢᠶ᠎ᠠ ᠪᠥᠬᠦᠶ ᠤᠬᠠᠭᠤᠯᠭ᠎ᠠ ᠶᠢᠨ | ᠮᠠᠲ᠋ᠧᠷᠢᠶᠠᠯ ᠢ ᠲᠠᠷᠬᠠᠭᠠᠵᠤ᠂ ᠠᠵᠤ ᠠᠬᠤᠶᠢᠯᠠᠯ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠤᠶᠢᠯᠠᠭᠠᠨ ᠡᠵᠡᠮᠰᠢᠬᠦ ᠶᠢ ᠬᠠᠪᠰᠤᠷᠪᠠ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠯᠤᠭ᠎ᠠ ᠶᠢᠨ | ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ ᠪᠠᠰᠠ ᠠᠵᠤ | ᠠᠬᠤᠶᠢᠯᠠᠯ ᠤᠨ ᠠᠵᠢᠯᠲᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ | ᠪᠣᠳᠠᠲᠤ ᠠᠰᠢᠭ ᠪᠠ ᠠᠰᠢᠭ ᠲᠤᠰᠠ ᠶᠢ ᠦᠨᠡᠨ ᠬᠦ ᠮᠡᠳᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ︽ | ᠲᠥᠷᠥ ᠶᠢᠨ ᠪᠣᠳᠣᠯᠭ᠎ᠠ ᠠᠷᠠᠳ ᠤᠨ ᠲᠥᠯᠥᠭᠡ︾ ᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠨᠠᠩ | ᠣᠯᠠᠨ ᠬᠡᠯᠪᠡᠷᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠴᠢᠯᠡᠭᠡ ᠶᠢ ᠬᠡᠷ ᠲᠤᠨᠢ ᠬᠦᠷᠭᠡᠵᠦ᠂ ᠲᠥᠷᠥ ᠶᠢᠨ ᠪᠣᠳᠣᠯᠭ᠎ᠠ ᠶᠢ | ᠲᠣᠳᠣᠷᠬᠠᠶ ᠶᠠᠷᠢᠵᠤ᠂ ᠠᠵᠤ ᠠᠬᠤᠶᠢᠯᠠᠯ ᠪᠠ ᠠᠵᠢᠯᠲᠠᠳ ᠲᠤ ᠨᠠᠩ ᠳᠣᠲᠣᠨᠣ᠂ ᠨᠠᠩ ᠳᠥᠭᠦᠮ ᠳᠥᠲᠡ | ᠦᠢᠯᠡᠴᠢᠯᠡᠭᠡ ᠬᠠᠩᠭᠠᠵᠤ᠂ ᠨᠠᠩ ᠣᠯᠠᠨ ᠬᠥᠮᠦᠨ ᠳᠤ ᠡᠮ ᠡᠮᠨᠡᠯᠭᠡ ᠶᠢᠨ ᠳᠠᠭᠠᠳᠬᠠᠯ ᠢ ᠮᠡᠳᠡᠭᠦᠯᠵᠦ᠂ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠣᠯᠭᠠᠬᠤ᠂ ᠡᠮ ᠡᠮᠨᠡᠯᠭᠡ ᠶᠢᠨ ᠳᠠᠭᠠᠳᠬᠠᠯ ᠢ ᠬᠡᠷᠡᠭᠯᠡᠵᠦ ᠴᠢᠳᠠᠬᠤ | ᠪᠣᠯᠭᠠᠨ᠎ᠠ᠃ | |