ᠵᠠᠩ ᠰᠢᠶᠤᠤ ᠹᠸᠢ ᠪᠦᠯᠬᠦᠮ ᠳᠠᠭᠠᠭᠤᠯᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/26
        3 ᠳ᠋ᠤᠭᠠᠷ ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠡᠢ᠃        ᠵᠠᠩ ᠰᠢᠶᠤᠤ ᠹᠸᠢ ᠨᠠᠷ ᠤᠷᠢᠳ ᠬᠤᠵᠢᠳ ᠰᠢᠭᠤᠶᠢᠲᠤ ᠨᠢᠭᠡᠳᠦᠭᠡᠷ ᠳᠤᠮᠳᠠᠳᠤ ᠰᠤᠷᠭᠠᠭᠤᠯᠢ᠂ ᠷᠦᠨ ᠳ᠋ᠧ ᠬᠡᠤᠬᠡᠳ ᠤᠨ ᠴᠡᠴᠡᠷᠯᠢᠭ᠂ ᠷᠦᠢ ᠳ᠋ᠧ ᠬᠡᠤᠬᠡᠳ ᠤᠨᠴᠡᠴᠡᠷᠯᠢᠭ᠂ ᠰᠢᠭᠤᠶᠢᠲᠤ ᠪᠠᠭ᠎ᠠ ᠰᠤᠷᠭᠠᠭᠤᠯᠢ᠂ ᠰᠣ᠋ ᠮᠧᠩ ᠲᠤᠷᠰᠢᠯᠲᠠ ᠶᠢᠨ ᠰᠤᠷᠭᠠᠭᠤᠯᠢ᠂ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠬᠡᠷ ᠵᠡᠷᠭᠡ ᠭᠤᠤᠯᠳᠠᠯᠭ᠎ᠠ ᠪᠣᠯᠬᠤ ᠣᠷᠣᠨ ᠪᠦᠰᠡ ᠳᠤ ᠣᠷᠣᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ᠂ ᠪᠠᠭᠰᠢ ᠶᠢᠨ ᠲᠣᠬᠢᠷᠠᠭᠤᠯᠤᠯᠲᠠ᠂ ᠰᠤᠷᠭᠠᠭᠤᠯᠢ ᠶᠢᠨ ᠰᠣᠷᠣᠭᠴᠢ ᠡᠯᠰᠡᠬᠦ ᠵᠡᠷᠭᠡ ᠠᠵᠢᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠵᠠᠮ ᠬᠠᠷᠢᠯᠴᠠᠭ᠎ᠠ᠂ ᠢᠳᠡᠭᠡᠨ ᠤ ᠵᠦᠢᠯ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠬᠤ ᠶᠢᠨ ᠬᠠᠮᠲᠤ ᠪᠥᠬᠦ ᠪᠠᠭᠰᠢ ᠠᠵᠢᠯᠲᠠᠳ ᠤᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠨᠢᠳᠤᠨᠤᠨ ᠠᠴᠠ ᠨᠠᠭᠠᠰᠢ ᠰᠢᠭᠤᠶᠢᠲᠤ ᠲᠣᠭᠤᠷᠢᠭ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠠᠶᠢᠭᠤᠯᠬᠤ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠬᠠᠷᠠᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠡᠭᠡ ᠪᠠᠷ ᠳᠡᠭᠡᠭᠰᠢᠯᠡᠵᠦ᠂ ᠵᠢᠩᠬᠢᠨᠢ ᠠᠩᠭᠢ ᠳᠤ ᠣᠷᠣᠭᠰᠠᠨ ᠨᠣᠷᠮ᠎ᠠ ᠭᠤᠷᠪᠠᠨ ᠵᠢᠯ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠥᠷᠨᠢᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠪᠡ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠴᠢᠩᠭ᠎ᠠ ᠠᠳᠬᠤᠨ ᠪᠣᠳᠠᠲᠠᠶ ᠠᠳᠬᠤᠵᠤ᠂ ᠨᠠᠩ ᠥᠨᠳᠥᠷ ᠪᠠᠷᠢᠮᠵᠢᠶ᠎ᠠ ᠪᠠᠷ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠵᠠᠩ ᠰᠢᠶᠤᠤ ᠹᠸᠢ᠂ ᠰᠤᠷᠭᠠᠨ ᠬᠥᠮᠦᠵᠢᠯ ᠤᠨ ᠴᠢᠭᠯᠡᠯ ᠢ ᠪᠠᠲᠤ ᠡᠵᠡᠮᠳᠡᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠪᠣᠯᠬᠤ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠠᠮᠢᠶᠠᠷᠤᠯᠲᠠ ᠶᠢ ᠨᠠᠷᠢᠯᠢᠬᠵᠢᠭᠤᠯᠵᠤ᠂ ᠬᠠᠯᠠᠭᠤᠨ ᠳᠤᠯᠠᠭᠠᠨ ᠲᠠᠭᠠᠯᠠᠮᠵᠢᠲᠠᠶ᠂ ᠠᠮᠤᠷ ᠲᠦᠪᠰᠢᠨ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠬᠤ ᠬᠡᠷᠡᠭᠲᠡᠶ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠴᠥᠮ ᠰᠤᠷᠭᠠᠨ ᠬᠥᠮᠦᠵᠢᠯ ᠢ ᠬᠠᠯᠠᠮᠵᠢᠯᠠᠵᠤ᠂ ᠰᠤᠷᠭᠠᠨ ᠬᠥᠮᠦᠵᠢᠯ ᠢ ᠳᠡᠮᠵᠢᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠭᠤᠶᠢᠲᠤ ᠲᠣᠭᠤᠷᠢᠭ ᠤᠨ ᠬᠡᠦᠬᠡᠳ ᠤᠳ ᠢ ᠨᠡᠩ ᠥᠨᠳᠥᠷ ᠭᠠᠷᠤᠭ᠎ᠠ ᠲᠠᠢ᠂ ᠨᠡᠩ ᠰᠠᠶᠢᠨ ᠢᠷᠡᠭᠡᠳᠦᠢ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠲᠣᠭᠤᠷᠢᠭ ᠤᠨ ᠤᠳᠤᠷᠢᠳᠤᠯᠭ᠎ᠠ ᠯᠢ ᠴᠢᠩ ᠵᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号