ᠵᠣᠷᠢᠮᠠᠭ ᠬᠠᠪᠤᠷ — ︽ᠳᠣᠣᠷ᠎ᠠ ᠠᠭᠠᠷ +︾ ᠶᠢ ᠬᠠᠶᠢᠨ ᠰᠦᠪᠡᠭᠴᠢᠯᠡᠵᠦ  ᠰᠢᠭᠤᠶᠢᠲᠤ ᠲᠣᠭᠤᠷᠢᠭ ᠰᠠᠯᠬᠢ ᠰᠥᠷᠦᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2025/3/26
        ᠶᠦᠨᠨᠠᠨ ᠤ ︽ᠣᠶ ᠰᠢᠭᠤᠶ ᠡᠪᠡᠰᠦ ᠪᠡᠯᠴᠢᠭᠡᠷ ᠤᠨ ᠲᠣᠭᠤᠷᠢᠨ ᠴᠠᠭᠳᠠᠬᠤ ᠨᠢᠰᠬᠡᠯ︾ ᠠᠭᠤᠯᠠ ᠶᠢ ᠳᠣᠩᠰᠣᠯᠭᠠᠵᠤ᠂ ᠰᠢᠨᠵᠢᠶᠠᠩ ᠤᠨ ︽ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠨᠢᠰᠬᠡᠯ︾ ᠨᠣᠭᠤᠭᠠᠨ ᠪᠦᠷᠢᠳᠦ ᠶᠢ ᠭᠡᠲᠦᠯᠵᠦ᠂ ᠬᠠᠶᠢᠨᠠᠨ ᠤ ︽ᠬᠡᠮᠵᠢᠨ ᠵᠢᠷᠤᠭᠯᠠᠬᠤ ᠵᠢᠯᠣᠭᠤᠴᠢ ᠥᠬᠡᠶ ᠨᠢᠰᠬᠡᠯ︾ ᠲᠡᠯᠡᠶ ᠶᠢᠨ ᠠᠷᠠᠯ ᠢ ᠪᠠᠷᠠᠯᠠᠬᠤ ᠳᠤ ᠂ ᠥᠷᠭᠡᠨ ᠠᠭᠤᠳᠠᠮ ᠠᠭᠠᠷ ᠤᠨ ᠣᠷᠣᠨ ᠪᠦᠰᠡ ᠶᠢᠨ ᠡᠬᠢ ᠪᠠᠶᠠᠯᠢᠭ ᠲᠠᠢ ᠥᠪᠥᠷ ᠮᠣᠩᠭᠤᠯ ᠴᠤ ᠡᠭᠦᠯᠡ ᠶᠢ  ᠲᠠᠭᠤᠵᠤ ᠰᠠᠷᠠ ᠶᠢ ᠪᠠᠷᠠᠯᠠᠬᠤ ᠡᠷᠡᠰ ᠵᠣᠷᠢᠭ ᠢᠶᠠᠷ ᠂ ᠤᠮᠠᠷᠠᠲᠤ ᠬᠢᠯᠢ ᠶᠢᠨ ᠡᠬᠡ ᠭᠠᠵᠠᠷ ᠲᠤ  ᠳᠣᠣᠷ᠎ᠠ ᠠᠭᠠᠷ ᠤᠨ ᠠᠵᠤ ᠠᠬᠤᠶ ᠶᠢᠨ ᠰᠢᠨ᠎ᠡ ᠵᠢᠷᠤᠭ ᠳᠦᠷᠰᠦ ᠶᠢ ᠵᠢᠷᠤᠭᠯᠠᠨ᠎ᠠ ᠃        ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠲᠤ ᠂ ᠳᠣᠣᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠶᠠᠭ ᠲᠦᠷᠭᠡᠨ ᠬᠥᠭᠵᠢᠨ ᠮᠠᠨᠳᠤᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠵᠤ ᠪᠠᠶᠢᠨ᠎ᠠ᠃ ᠥᠪᠥᠷ ᠮᠣᠩᠭᠤᠯ ᠤᠨ ᠲᠦᠩ ᠬᠠᠩ ᠠᠭᠠᠷ ᠠᠶᠠᠯᠠᠯ ᠤᠨ ᠬᠢᠵᠠᠭᠠᠷᠲᠤ ᠺᠣᠮᠫᠠᠨᠢ ᠣᠳᠣᠬᠠᠨ ᠤ ᠰᠢᠭᠤᠶᠢᠲᠤ ᠲᠣᠭᠤᠷᠢᠭ ᠤᠨ ᠳᠣᠣᠷ᠎ᠠ ᠠᠭᠠᠷ ᠤᠨ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠤᠷᠤᠯᠳᠤᠭᠠᠨ ᠤ ᠵᠠᠮ ᠳᠡᠭᠡᠷ᠎ᠡ ᠠᠶᠠᠯᠠᠬᠤ ᠳᠤ ᠬᠦᠴᠦᠨ ᠨᠡᠮᠡᠷᠢᠯᠡᠨ᠎ᠡ ᠃        ᠡᠨᠡ ᠬᠦ ᠥᠪᠥᠷ ᠮᠣᠩᠭᠤᠯ ᠤᠨ ᠠᠭᠠᠷ ᠠᠶᠠᠯᠠᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠵᠤ ᠪᠠᠶᠢᠭᠤᠯᠤᠭᠰᠠᠨ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ ᠰᠢᠭᠤᠶᠢᠲᠤ ᠲᠣᠭᠤᠷᠢᠭ ᠤᠨ ᠳᠣᠣᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠲᠤᠯᠬᠤ ᠴᠡᠭ ᠪᠣᠯᠤᠨ᠎ᠠ᠃ ᠲᠡᠷᠡ ᠨᠢ 1200 ᠮᠧᠲᠷ ᠤᠨ ᠤᠷᠲᠤ᠂ 30 ᠮᠧᠲᠷ ᠤᠨ ᠥᠷᠭᠡᠨ ᠭᠦᠶᠦᠯᠲᠡ ᠶᠢᠨ ᠵᠠᠮ ᠲᠠᠢ᠂ 360 ᠲᠡᠭᠰᠢ ᠳᠥᠷᠪᠡᠯᠵᠢᠨ ᠺᠢᠯᠣᠮᠧᠲᠷ ᠤᠨ ᠥᠷᠭᠡᠨ ᠠᠭᠤᠳᠠᠮ ᠠᠭᠠᠷ ᠤᠨ ᠣᠷᠣᠨ ᠵᠠᠢ ᠲᠠᠢ ᠪᠠᠶᠢᠵᠤ᠂ ᠡᠯ᠎ᠡ ᠲᠥᠷᠥᠯ ᠤᠨ ᠳᠣᠤᠷ᠎ᠠ ᠠᠭᠠᠷ ᠤᠨ ᠨᠢᠰᠦᠯᠲᠡ ᠶᠢᠨ ᠬᠥᠳᠡᠯᠭᠡᠭᠡᠨ ᠳᠤ ᠪᠠᠲᠤ ᠪᠠᠬᠢ ᠰᠠᠭᠤᠷᠢ ᠶᠢ ᠬᠠᠩᠭᠠᠭᠰᠠᠨ ᠪᠠᠶᠢᠨ᠎ᠠ᠃ ᠰᠢᠭᠤᠶᠢᠲᠤ ᠲᠣᠭᠤᠷᠢᠭ ᠤᠨ ︽ᠳᠣᠣᠷ᠎ᠠ ᠠᠭᠠᠷ + ︾ ᠦᠯᠢᠭᠡᠷ ᠴᠦ ᠪᠠᠳᠺᠡᠷ ᠰᠦᠮ᠎ᠡ ᠨᠢᠰᠭᠡᠯ ᠤᠨ ᠪᠠᠭᠤᠳᠠᠯ ᠠᠴᠠ ᠠᠭᠠᠵᠢᠮ ᠢᠶᠠᠷ ᠳᠡᠯᠭᠡᠭᠳᠡᠪᠡ ᠃         ︽ ᠳᠣᠣᠷ᠎ᠠ ᠠᠭᠠᠷ + ᠠᠵᠤ ᠦᠢᠯᠡᠰ ︾ ᠣᠯᠠᠨ ᠡᠰᠢᠵᠢᠭᠦᠯᠦᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ        ᠰᠧᠴᠤᠸᠠᠨ ᠤ ᠶᠣᠤ ᠯᠧᠢ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠠᠭ ᠪᠠᠳᠺᠠᠷ  ᠰᠦᠮ᠎ᠡ ᠨᠢᠰᠭᠡᠯ ᠤᠨ ᠪᠠᠭᠤᠳᠠᠯ ᠤᠨ ᠳᠠᠪᠠᠭᠤᠯᠢᠭ ᠨᠥᠬᠦᠴᠡᠯ ᠢ ᠦᠵᠡᠵᠦ ᠲᠣᠭᠤᠵᠣ ᠂ ᠠᠳᠡ ᠲᠣᠭᠲᠠᠮᠠᠯ ᠵᠢᠭᠦᠷᠲᠦ ᠵᠢᠯᠣᠭᠤᠴᠢ ᠦᠭᠡᠢ ᠨᠢᠰᠭᠡᠯ ᠤᠨ ᠡᠵᠡᠮᠰᠢᠯ ᠤᠨ ᠰᠣᠷᠢᠯᠲᠠ ᠬᠢᠨ᠎ᠡ ᠃ ︽ ᠠᠳᠡᠬᠢ ᠭᠦᠶᠦᠯᠲᠡ ᠶᠢᠨ ᠵᠠᠮ ᠪᠣᠯᠣᠨ ᠠᠭᠠᠷ ᠤᠨ ᠣᠷᠣᠨ ᠨᠢ ᠰᠢᠯᠭᠠᠨ ᠪᠠᠶᠢᠴᠠᠭᠠᠬᠤ ᠪᠠ ᠰᠢᠯᠭᠠᠨ ᠠᠪᠬᠤ ᠠᠵᠢᠯ ᠳᠤ ᠲᠦᠢᠯ ᠤᠨ ᠶᠡᠭᠡ ᠳᠥᠭᠦᠮ ᠦᠵᠡᠭᠦᠯᠪᠡ᠃ ᠵᠢᠯᠣᠭᠤᠴᠢ ᠥᠬᠡᠶ ᠨᠢᠰᠬᠡᠯ ᠤᠨ ᠭᠤᠯᠭᠤᠯᠲᠠ᠂ ᠨᠢᠰᠴᠦ ᠪᠠᠭᠤᠬᠤ ᠪᠣᠯᠪᠠᠰᠤᠷᠠᠯ ᠵᠢᠴᠢ ᠵᠢᠯᠣᠭᠤᠴᠢ ᠥᠬᠡᠶ ᠨᠢᠰᠬᠡᠯ ᠤᠨ ᠴᠢᠳᠠᠮᠵᠢ ᠶᠢ ᠰᠢᠯᠭᠠᠨ ᠪᠠᠲᠤᠯᠠᠬᠤ ᠵᠡᠷᠭᠡ ᠰᠣᠷᠢᠯᠲᠠ ᠶᠢᠨ ᠬᠢᠴᠢᠶᠡᠯ ᠲᠥᠷᠥᠯ  ᠬᠦᠷᠲᠡᠯ᠎ᠡ᠂ ᠪᠢᠳᠡᠨ ᠢ ᠦᠢᠯᠡᠳᠬᠦᠨ ᠤ ᠴᠢᠳᠠᠪᠬᠢ ᠶᠢ ᠨᠠᠩ ᠰᠠᠶᠢᠨ ᠰᠢᠯᠢᠳᠡᠭᠵᠢᠭᠦᠯᠦᠨ᠎ᠡ ︾ ᠭᠡᠵᠦ ᠥᠪᠥᠷ ᠮᠣᠩᠭᠤᠯ ᠤᠨ ᠶᠤᠤ ᠯᠸᠢ ᠠᠭᠠᠷ ᠠᠶᠠᠯᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠴᠧᠨ ᠹᠧᠩ ᠬᠡᠯᠡᠪᠡ᠃
        ᠪᠤᠭᠤᠲᠤ ᠬᠤᠳᠠ ᠶᠢᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠂  2024 ᠣᠨ ᠳᠤ ᠪᠦᠬᠦᠨ ᠢᠶᠠᠷ ᠢᠶᠠᠨ ᠰᠢᠭᠤᠶᠢᠲᠤ ᠲᠣᠭᠤᠷᠢᠭ ᠲᠤ ᠨᠡᠭᠦᠨ ᠣᠷᠣᠭᠰᠠᠨ ᠤᠮᠠᠷᠠᠲᠤ ᠬᠢᠯᠢ ᠶᠢᠨ ᠳᠣᠣᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠴᠤ ᠪᠠᠰᠠ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠪᠠᠨ ᠢᠲᠡᠭᠡᠯ ᠳᠦᠭᠦᠷᠡᠩ ᠪᠠᠶᠢᠨ᠎ᠠ᠃ ︽ᠰᠢᠭᠤᠶᠢᠲᠤ ᠲᠣᠭᠤᠷᠢᠭ ᠤᠨ ᠣᠷᠣᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠮᠠᠷᠠᠲᠤ ᠬᠢᠯᠢ ᠶᠢᠨ ᠳᠣᠣᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠳ᠋ᠠ ᠵᠢᠶᠠᠩ ᠂ ᠽᠤᠩ ᠡᠾᠩ ᠂ ᠹᠧᠢ ᠮᠠ ᠵᠡᠷᠭᠡ ᠨᠠᠷᠠᠲᠤ ᠲᠡᠮᠳᠡᠭᠲᠦ ᠶᠢᠨ ᠨᠢᠰᠬᠡᠯ ᠪᠣᠷᠣᠯᠠᠭᠤᠯᠬᠤ ᠵᠢᠴᠢ ᠠᠵᠢᠯ ᠲᠥᠷᠥᠯ ᠤᠨ ᠬᠡᠷᠡᠭᠯᠡᠭᠡᠨ ᠤ ᠦᠢᠯᠡᠴᠢᠯᠡᠭᠡᠨ ᠤ ᠲᠥᠪ ᠪᠣᠯᠤᠨ᠎ᠠ᠂ ᠺᠣᠮᠫᠠᠨᠢ ᠳᠤ ᠣᠯᠠᠨ ᠡᠷᠭᠢᠯᠳᠦᠭᠡ ᠵᠢᠭᠦᠷᠲᠦ ᠨᠢᠰᠬᠡᠯ 14᠂ ᠡᠭᠴᠡ ᠨᠢᠰᠴᠦ ᠪᠠᠭᠤᠬᠤ ᠲᠣᠭᠲᠠᠮᠠᠯ ᠵᠢᠭᠦᠷᠲᠦ ᠨᠢᠰᠬᠡᠯ 5᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠨᠢᠰᠬᠡᠯ 500 ᠪᠠᠶᠢᠵᠤ᠂ ᠭᠤᠣᠯ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠵᠢᠯᠣᠭᠤᠴᠢ ᠥᠬᠡᠶ ᠨᠢᠰᠬᠡᠯ ᠤᠨ ᠲᠠᠪᠴᠠᠩ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠢᠯᠣᠭᠤᠴᠢ ᠥᠬᠡᠶ ᠨᠢᠰᠬᠡᠯ ᠤᠨ ᠤᠢ  ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠦᠢᠯᠡᠴᠢᠯᠡᠭᠡ᠂ ᠬᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ᠂ ᠴᠠᠬᠢᠯᠭᠠᠨ ᠬᠦᠷᠭᠡᠬᠦ ᠴᠠᠬᠢᠯᠭᠠᠨ ᠲᠣᠤᠷ ᠤᠨ ᠲᠣᠭᠤᠷᠢᠨ ᠪᠠᠶᠢᠴᠠᠭᠠᠬᠤ ᠦᠢᠯᠡᠴᠢᠯᠡᠭᠡ᠂ ᠵᠢᠯᠣᠭᠤᠴᠢ ᠥᠬᠡᠶ ᠨᠢᠰᠬᠡᠯ ᠤᠨ ᠪᠠᠴᠢᠮ ᠪᠠᠶᠢᠳᠠᠯ ᠢ  ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠤᠬᠠᠶᠢᠯᠠᠭᠰᠠᠨ ᠠᠵᠢᠯ ᠢ ᠪᠠᠭᠲᠠᠭᠠᠨ᠎ᠠ︾ ᠭᠡᠵᠦ ᠬᠠᠷᠢᠭᠤᠴᠠᠯᠭᠠᠲᠠᠨ ᠯᠢᠦ ᠶᠦᠩ ᠰᠤᠷᠪᠤᠯᠵᠢᠯᠠᠭᠴᠢ ᠳᠤ ᠬᠡᠯᠡᠪᠡ ᠃        ︽ ᠳᠣᠣᠷ᠎ᠠ ᠠᠭᠠᠷ + ᠰᠤᠷᠭᠠᠨ ᠬᠥᠮᠦᠵᠢᠯ︾ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠰᠠᠭᠤᠷᠢ ᠶᠢ  ᠪᠠᠬᠢᠵᠢᠭᠦᠯᠦᠨ᠎ᠡ        ᠴᠢᠳᠠᠪᠤᠷᠢᠲᠠᠨ ᠪᠣᠯ ᠳᠣᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠪᠣᠯᠤᠨ᠎ᠠ᠂ ᠡᠨᠡ ᠲᠠᠯ᠎ᠠ ᠪᠠᠷ ᠪᠠᠳᠺᠠᠷ ᠰᠦᠮ᠎ᠡ ᠨᠢᠰᠬᠡᠯ ᠤᠨ ᠪᠠᠭᠤᠳᠠᠯ ᠴᠤ ᠠᠳᠠᠯᠢᠬᠠᠨ ᠠᠮᠵᠢᠯᠲᠠ ᠳᠣᠪᠤᠶᠢᠮ᠎ᠠ ᠃ ᠨᠢᠭᠡᠨᠲᠡ ᠥᠷᠨᠢᠭᠦᠯᠦᠭᠰᠡᠨ ᠵᠢᠯᠣᠭᠤᠴᠢ ᠥᠬᠡᠶ ᠨᠢᠰᠬᠡᠯ ᠵᠢᠴᠢ ᠠᠭᠠᠷ ᠤᠨ ᠨᠢᠰᠦᠯᠲᠡ ᠶᠢᠨ ᠦᠢᠯᠡᠳᠦᠯᠭᠡ᠂ ᠪᠣᠯᠪᠠᠰᠤᠷᠠᠯ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠲᠤᠬᠠᠶᠢᠯᠠᠭᠰᠠᠨ ᠠᠵᠢᠯ ᠨᠢ ᠣᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ ᠠᠭᠠᠷ ᠠᠶᠠᠯᠠᠯ ᠤᠨ ᠲᠤᠬᠠᠶ ᠳᠤᠷ᠎ᠠ ᠰᠣᠨᠢᠷᠬᠠᠯ ᠢ ᠬᠥᠭᠵᠢᠭᠡᠪᠡ᠃ ᠥᠪᠥᠷ ᠮᠣᠩᠭᠤᠯ ᠤᠨ ᠲᠦᠩ ᠬᠠᠩ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠷᠦᠩ ᠱᠧᠩ᠄ ︽ᠡᠨᠡ ᠵᠢᠯ᠂ ᠪᠢᠳᠡ ᠪᠠᠳᠺᠠᠷ  ᠰᠦᠮ᠎ᠡ ᠨᠢᠰᠬᠡᠯ ᠤᠨ ᠪᠠᠭᠤᠳᠠᠯ ᠳᠤ ᠲᠦᠰᠢᠭᠯᠡᠨ ᠤᠮᠠᠷᠠᠲᠤ ᠣᠷᠣᠨ ᠤ ᠬᠠᠮᠤᠭ ᠤᠨ ᠲᠣᠮᠣ ᠠᠭᠠᠷ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠬᠠᠮᠲᠤ ᠬᠤᠳᠠᠯᠳᠤᠭᠠᠨ ᠤ ᠬᠡᠷᠡᠭᠯᠡᠭᠡᠨ ᠤ ᠠᠭᠠᠷ ᠠᠶᠠᠯᠠᠯ ᠤᠨ ᠵᠢᠯᠣᠭᠤᠴᠢ ᠶᠢᠨ ᠪᠣᠯᠪᠠᠰᠤᠷᠠᠯ ᠢ ᠥᠷᠨᠢᠭᠦᠯᠵᠦ᠂ ᠥᠪᠥᠷ ᠮᠣᠩᠭᠤᠯ ᠤᠨ ᠴᠣᠷ ᠤᠨ ᠭᠠᠭᠴᠠ 141 ᠠᠭᠠᠷ ᠠᠶᠠᠯᠠᠯ ᠤᠨ ᠪᠣᠯᠪᠠᠰᠤᠷᠠᠯ ᠤᠨ ᠰᠤᠷᠭᠠᠭᠤᠯᠢ ᠶᠢ ᠪᠠᠶᠢᠭᠤᠯᠤᠨ᠎ᠠ᠃ ᠳᠣᠣᠷ᠎ᠠ ᠠᠭᠠᠷ ᠤᠨ ᠠᠵᠤ ᠠᠬᠤᠢ ᠳᠤ ᠪᠡᠯᠡᠳᠬᠡᠯ ᠴᠢᠳᠠᠪᠤᠷᠢᠲᠠᠨ ᠢ ᠨᠥᠭᠡᠴᠡᠯᠡᠵᠦ᠂ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ︾ ᠭᠡᠪᠡ ᠃
        ᠡᠭᠦᠨ ᠤ ᠬᠠᠮᠲᠤ᠂ ᠤᠮᠠᠷᠠᠲᠤ ᠬᠢᠯᠢ ᠶᠢᠨ ᠳᠣᠣᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ 2024 ᠣᠨ ᠤ 11 ᠳ᠋ᠦ᠋ᠭᠡᠷ ᠰᠠᠷ᠎ᠠ ᠳᠤ ᠨᠢᠭᠡᠨᠲᠡ ᠨᠢᠭᠡᠳᠦᠭᠡᠷ ᠬᠤᠭᠤᠴᠠᠭᠠᠨ ᠤ ᠪᠤᠭᠤᠲᠤ ᠶᠢᠨ ᠵᠢᠯᠣᠭᠤᠴᠢ ᠥᠬᠡᠶ ᠨᠢᠰᠬᠡᠯ ᠤᠨ ᠪᠣᠯᠪᠠᠰᠤᠷᠠᠯ ᠢ ᠥᠷᠨᠢᠭᠦᠯᠵᠦ᠂ ᠣᠲᠣ ᠪᠣᠯᠲᠠᠯ᠎ᠠ᠂ ᠨᠢᠭᠡᠨᠲᠡ 110 ᠭᠠᠷᠤᠶ ᠬᠥᠮᠦᠨ ᠤ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠵᠢᠯᠣᠭᠤᠴᠢ ᠥᠬᠡᠶ ᠨᠢᠰᠬᠡᠯ ᠤᠨ ᠦᠨᠡᠮᠯᠡᠯ ᠤᠨ ᠪᠣᠯᠪᠠᠰᠤᠷᠠᠯ ᠢ ᠪᠡᠶᠡᠯᠡᠭᠦᠯᠦᠭᠰᠡᠨ ᠪᠠᠶᠢᠨ᠎ᠠ᠃ ︽ᠣᠳᠣᠬᠠᠨ ᠳᠤ ᠨᠢᠭᠡᠨᠲᠡ ᠥᠪᠥᠷ ᠮᠣᠩᠭᠤᠯ ᠤᠨ ᠵᠢᠯᠣᠭᠤᠴᠢ ᠥᠬᠡᠶ ᠨᠢᠰᠬᠡᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢ ᠪᠠᠶᠢᠭᠤᠯᠵᠤ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠤᠷᠤᠯᠳᠤᠭᠠᠨ ᠤ ᠪᠤᠭᠤᠲᠤ ᠶᠢᠨ ᠤᠷᠤᠯᠳᠤᠭᠠᠨ ᠤ ᠲᠣᠭᠤᠷᠢᠭ᠂ ᠵᠠᠯᠠᠭᠤᠴᠤᠳ ᠪᠠᠭᠠᠴᠤᠳ ᠤᠨ ᠣᠶᠤᠨᠴᠢ ᠵᠢᠷᠤᠭ ᠲᠥᠯᠥᠪᠯᠡᠭᠡ ᠶᠢᠨ ᠤᠷᠤᠯᠳᠤᠭᠠᠨ ᠤ ᠪᠤᠭᠤᠲᠤ ᠶᠢᠨ ᠤᠷᠤᠯᠳᠤᠭᠠᠨ ᠤ ᠲᠣᠭᠤᠷᠢᠭ ᠪᠠ AOPA ᠵᠠᠯᠠᠭᠤᠴᠤᠳ ᠪᠠᠭᠠᠴᠤᠳ ᠤᠨ ᠠᠭᠠᠷ ᠠᠶᠠᠯᠠᠯ ᠤᠨ ᠰᠠᠭᠤᠷᠢᠨ ᠭᠠᠵᠠᠷ ᠤᠨ ᠰᠢᠯᠭᠠᠯᠲᠠ ᠶᠢᠨ ᠴᠡᠭ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ CAAC ᠪᠣᠭᠤᠲᠤ ᠳᠠᠬᠢ ᠪᠣᠯᠪᠠᠰᠤᠷᠠᠯ ᠤᠨ ᠰᠠᠭᠤᠷᠢᠨ ᠭᠠᠵᠠᠷ ᠢ  ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠤᠨ᠎ᠠ︔ ᠡᠭᠦᠨ ᠤ ᠬᠠᠮᠲᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠮᠣ ᠳ᠋ᠠᠶᠢᠲ᠋ᠠ ᠶᠢᠨ ᠲᠥᠪ ᠲᠠᠢ ᠬᠠᠮᠲᠤᠷᠠᠨ ᠵᠢᠯᠣᠭᠤᠴᠢ ᠥᠬᠡᠶ ᠨᠢᠰᠬᠡᠯ ᠤᠨ ᠳᠣᠤᠷ᠎ᠠ ᠠᠭᠠᠷ ᠤᠨ ᠮᠥᠷᠳᠡᠨ ᠪᠠᠶᠢᠴᠠᠭᠠᠯᠲᠠ ᠶᠢᠨ ᠲᠤᠷᠰᠢᠯᠲᠠ ᠶᠢᠨ ᠣᠷᠣᠨ ᠢ ᠪᠠᠶᠢᠭᠤᠯᠤᠨ᠎ᠠ  ︾ ᠭᠡᠵᠦ ᠬᠠᠷᠢᠭᠤᠴᠠᠯᠭᠠᠲᠠᠨ ᠯᠢᠦ ᠸᠧᠢ ᠬᠡᠯᠡᠪᠡ᠃    ︽ᠳᠣᠣᠷ᠎ᠠ ᠠᠭᠠᠷ + ᠵᠢᠭᠤᠯᠴᠢᠯᠠᠯ︾ ᠪᠣᠰᠤᠭ᠎ᠠ ᠴᠣᠭᠴᠠᠲᠤ ᠭᠤᠸᠠᠯᠢᠭ ᠨᠢ ᠰᠣᠶᠣᠯ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠨ᠎ᠡ        ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠵᠤ ᠪᠠᠶᠢᠭ᠎ᠠ ᠣᠳᠣᠬᠠᠨ ᠳᠤ᠂ ᠳᠣᠣᠷ᠎ᠠ ᠠᠭᠠᠷ ᠤᠨ ᠵᠢᠭᠤᠯᠴᠢᠯᠠᠯ ᠨᠢ ᠨᠢᠭᠡ ᠵᠦᠢᠯ ᠤᠨ ᠰᠢᠨ᠎ᠡ ᠪᠠᠷ ᠮᠠᠨᠳᠤᠭᠰᠠᠨ ᠵᠢᠭᠤᠯᠴᠢᠯᠠᠯ ᠤᠨ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠶᠠᠭ ᠥᠪᠡᠷᠮᠢᠴᠡ ᠲᠠᠲᠠᠬᠤ ᠬᠦᠴᠦᠨ ᠢᠶᠠᠷ ᠢᠶᠠᠨ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ ᠪᠠᠶᠢᠨ᠎ᠠ᠃
        ᠪᠠᠳᠺᠠᠷ ᠰᠦᠮ᠎ᠡ ᠨᠢᠰᠭᠡᠯ ᠤᠨ ᠪᠠᠭᠤᠳᠠᠯ ᠳᠤ ᠠᠯᠬᠤᠨ ᠣᠷᠣᠬᠤ ᠳᠤ ᠡᠩ ᠲᠡᠷᠢᠭᠦᠨ ᠳᠤ  ᠬᠠᠷᠠᠭᠠᠨ ᠳᠤ ᠲᠣᠳᠤᠷᠠᠬᠤ ᠨᠢ ᠠᠵᠢᠯᠯᠠᠭᠴᠢᠳ ᠤᠨ ᠡᠭᠴᠡ ᠨᠢᠰᠭᠡᠯ ᠢ ᠬᠢᠨᠠᠮᠠᠭᠠᠢ ᠠᠷᠠᠴᠢᠯᠠᠵᠤ  ᠬᠠᠮᠠᠭᠠᠯᠠᠬᠤ ᠪᠠᠷ᠎ᠠ ᠪᠣᠯᠤᠨ᠎ᠠ ᠃ ᠣᠶᠢᠯᠠᠭᠠᠭᠰᠠᠨ ᠢᠶᠠᠷ᠂ ᠪᠠᠳᠺᠠᠷ ᠰᠦᠮ᠎ᠡ ᠨᠢᠰᠬᠡᠯ ᠤᠨ ᠪᠠᠭᠤᠳᠠᠯ ᠳᠤ ᠣᠲᠣ ᠬᠤᠶᠠᠷ R44 ᠡᠭᠴᠡ ᠨᠢᠰᠬᠡᠯ ᠳᠣᠭᠢᠷᠠᠭᠤᠯᠵᠤ᠂ ᠭᠤᠤᠯᠳᠠᠭᠤ ᠳᠣᠤᠷ᠎ᠠ ᠠᠭᠠᠷ ᠤᠨ ᠵᠤᠭᠠᠴᠠᠬᠤ ᠲᠥᠷᠥᠯ ᠵᠦᠢᠯ ᠳᠤ ᠦᠢᠯᠡᠴᠢᠯᠡᠨ᠎ᠡ ᠃ ᠰᠢᠭᠤᠶᠢᠲᠤ ᠲᠣᠭᠤᠷᠢᠭ ᠤᠨ ᠵᠢᠭᠤᠯᠴᠢᠯᠠᠯ ᠤᠨ ᠡᠬᠢ ᠪᠠᠶᠠᠯᠢᠭ ᠣᠯᠠᠨ ᠠᠴᠠ ᠬᠡᠲᠦᠷᠬᠡᠢ ᠣᠨᠴᠠ ᠨᠦᠭᠦᠴᠡᠯ ᠲᠠᠢ ᠂ ᠪᠠᠳᠺᠠᠷ ᠰᠦᠮ᠎ᠡ ᠵᠡᠷᠭᠡ ᠴᠢᠨᠠᠷ ᠰᠠᠶᠢᠲᠠᠢ ᠦᠵᠡᠮᠵᠢ ᠶᠢᠨ ᠣᠷᠣᠨ ᠲᠠᠢ ᠃ ᠵᠢᠭᠤᠯᠴᠢᠳ ᠡᠭᠴᠡ ᠨᠢᠰᠭᠡᠯ ᠳᠤ ᠰᠠᠭᠤᠪᠠᠯ᠂ ᠥᠨᠳᠥᠷ ᠣᠭᠲᠠᠷᠭᠤᠢ  ᠠᠴᠠ ᠪᠠᠳᠺᠠᠷ ᠰᠦᠮ᠎ᠡ ᠶᠢᠨ ᠰᠦᠷᠯᠢᠭ ᠰᠠᠢᠬᠠᠨ ᠦᠵᠡᠮᠵᠢ ᠶᠢ ᠣᠯᠵᠤ  ᠬᠠᠷᠠᠨ᠎ᠠ ᠃ ᠢᠷᠡᠭᠡᠳᠦᠢ ᠳᠤ᠂ ᠰᠢᠭᠤᠶᠢᠲᠤ ᠲᠣᠭᠤᠷᠢᠭ ᠪᠠᠰᠠ ᠨᠡᠶᠢᠳᠡᠮ ᠬᠡᠷᠡᠭᠯᠡᠭᠡᠨ ᠤ ᠠᠭᠠᠷ ᠠᠶᠠᠯᠠᠯ  ᠳᠤ ᠲᠦᠰᠢᠭᠯᠡᠨ ᠠᠭᠠᠷ ᠠᠶᠠᠯᠠᠯ ᠤᠨ ᠵᠢᠭᠤᠯᠴᠢᠯᠠᠯ ᠤᠨ ᠣᠯᠠᠨ  ᠲᠤᠰᠬᠠᠢ ᠱᠤᠭᠤᠮ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ ᠃ ᠡᠨᠡ ᠨᠢ ᠵᠢᠭᠤᠯᠴᠢᠯᠠᠯ ᠤᠨ ᠦᠢᠯᠡᠳᠭᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠠᠷ ᠪᠠᠷᠠᠬᠤ ᠥᠬᠡᠶ᠂ ᠣᠷᠣᠨ ᠪᠦᠰᠡ ᠶᠢᠨ ᠳᠣᠲᠣᠷᠠᠬᠢ ᠵᠢᠭᠤᠯᠴᠢᠯᠠᠯ ᠤᠨ ᠡᠬᠢ ᠪᠠᠶᠠᠯᠢᠭ ᠢ ᠣᠷᠭᠠᠨᠢᠭ ᠢᠶᠠᠷ ᠬᠤᠯᠪᠣᠵᠤ᠂ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠨ᠂ ᠨᠠᠩ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠨ᠎ᠠ ᠃ ᠥᠪᠥᠷ ᠮᠣᠩᠭᠤᠯ ᠤᠨ ᠲᠦᠩ ᠬᠠᠩ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠷᠦᠩ ᠱᠧᠩ᠂ ᠤᠯᠤᠰ ᠤᠨ ᠠᠭᠠᠷ ᠠᠶᠠᠯᠠᠯ ᠤᠨ ᠨᠢᠰᠦᠯᠲᠡ ᠶᠢᠨ ᠬᠤᠸᠠᠷᠠᠨ ᠪᠠ ᠤᠯᠤᠰ ᠤᠨ ᠠᠭᠠᠷ ᠠᠶᠠᠯᠠᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ  ᠪᠣᠯᠤᠭᠰᠠᠨ ᠤ ᠬᠤᠪᠢ ᠳᠤ᠂ 2025 ᠣᠨ ᠳᠤ ᠨᠡᠷᠡᠲᠦ ᠲᠡᠮᠳᠡᠭᠲᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠠᠵᠢᠯᠯᠠᠭ᠎ᠠ ᠪᠠ ᠲᠥᠷᠥᠯ ᠵᠦᠢᠯ ᠢ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠲᠤ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠳᠣᠤᠷ᠎ᠠ ᠠᠭᠠᠷ ᠤᠨ ᠠᠵᠤ ᠠᠬᠤᠶ ᠶᠢ ᠰᠢᠨ᠎ᠡ  ᠦᠨᠳᠦᠷᠴᠡ ᠲᠡᠶᠢᠰᠢ ᠤᠷᠤᠭᠰᠢᠯᠠᠭᠤᠯᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ ᠃        ᠳᠣᠣᠷ᠎ᠠ ᠠᠭᠠᠷ ᠤᠨ ᠵᠢᠭᠤᠯᠴᠢᠯᠠᠯ ᠤᠨ ᠭᠠᠶᠢᠬᠠᠮᠰᠢᠭᠲᠤ ᠵᠢᠷᠤᠭ ᠲᠤ᠂ ᠵᠢᠯᠤᠭᠤᠴᠢ ᠦᠭᠡᠢ ᠨᠢᠰᠬᠡᠯ ᠤᠨ ᠲᠣᠭᠯᠠᠯᠲᠠ ᠨᠢ ᠠᠳᠠᠯᠢᠬᠠᠨ ᠣᠯᠠᠨ ᠤ ᠬᠦᠷᠢᠶᠡᠯᠡᠯ ᠢ ᠣᠯᠵᠤ ᠪᠠᠶᠢᠨ᠎ᠠ ᠃ ᠤᠮᠠᠷᠠᠲᠤ ᠬᠢᠯᠢ ᠶᠢᠨ ᠳᠣᠤᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠦ ᠶᠦᠩ ᠰᠤᠷᠪᠤᠯᠵᠢᠯᠠᠭᠴᠢ ᠳᠤ᠄ ︽ᠢᠷᠡᠭᠡᠳᠦᠶ ᠳᠤ ᠪᠢᠳᠡ ᠰᠢᠭᠤᠶᠢᠲᠤ ᠲᠣᠭᠤᠷᠢᠭ ᠲᠤ ᠪᠡᠶ᠎ᠡ ᠪᠠᠨ ᠳᠠᠭᠠᠭᠠᠵᠤ ᠦᠢᠯᠡᠳᠪᠦᠷᠢᠯᠡᠬᠦ ᠶᠢ ᠪᠡᠶᠡᠯᠡᠭᠦᠯᠬᠦ ᠶᠢᠨ ᠬᠠᠮᠲᠤ ᠲᠣᠰ ᠭᠠᠵᠠᠷ ᠲᠠᠭᠠᠨ ᠰᠢᠯᠭᠠᠯᠲᠠ ᠪᠠ ᠦᠵᠡᠭᠦᠯᠦᠯᠭᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠰᠠᠷ᠎ᠠ ᠪᠦᠷᠢ ᠪᠤᠶᠤ ᠭᠠᠷᠠᠭ ᠪᠦᠷᠢ ᠪᠠᠶᠢᠩᠭᠤᠵᠢᠭᠰᠠᠨ ᠲᠣᠭᠯᠠᠯᠲᠠ ᠶᠢᠨ ᠲᠤᠷᠰᠢᠯᠲᠠ ᠶᠢ ᠥᠷᠨᠢᠭᠦᠯᠵᠦ᠂ ︿ᠲᠤᠷᠰᠢᠯᠲᠠ ᠳᠠᠷᠤᠶ  ᠲᠣᠭᠯᠠᠯᠲᠠ ﹀ ᠶᠢᠨ ᠰᠢᠨ᠎ᠡ ᠶᠢ ᠡᠭᠦᠳᠬᠦ ᠵᠠᠭᠪᠤᠷ ᠢ ᠪᠣᠶ ᠪᠣᠯᠭᠠᠬᠤ ᠪᠠᠷ ᠲᠥᠯᠥᠪᠯᠡᠵᠦ ᠪᠠᠶᠢᠨ᠎ᠠ᠃ ᠡᠨᠡ ᠬᠦ ᠵᠠᠭᠪᠤᠷ ᠨᠢ ᠪᠤᠭᠤᠲᠤ ᠶᠢᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠦᠢᠯᠡᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠰᠣᠶᠣᠯ ᠵᠢᠭᠤᠯᠴᠢᠯᠠᠯ ᠤᠨ ᠠᠯᠳᠠᠷᠰᠢᠯ ᠢ ᠢᠯᠡᠳᠲᠡ ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠪᠠᠰᠠ ᠣᠲᠣ ᠶᠢᠨ ᠨᠢᠭᠡᠨᠲᠡ ᠦᠢᠯᠡᠳᠪᠦᠷᠢᠯᠡᠭᠰᠡᠨ ᠲᠤᠷᠰᠢᠯᠲᠠ ᠶᠢᠨ ᠨᠢᠰᠬᠡᠯ ᠢ ᠭᠦᠢᠴᠡᠳ ᠠᠮᠢᠳᠤᠯᠢᠭ ᠪᠣᠯᠭᠠᠵᠤ᠂ ᠲᠡᠭᠦᠨ ᠢ ᠥᠨᠳᠥᠷ ᠪᠦᠲᠦᠮᠵᠢᠲᠡᠶ ᠪᠠᠷ ᠠᠰᠢᠭᠯᠠᠨ᠂ ᠡᠯ᠎ᠡ ᠲᠥᠷᠥᠯ ᠤᠨ ᠪᠤᠳᠤᠯᠢᠶᠠᠨᠲᠠᠶ ᠵᠢᠷᠤᠭ ᠲᠥᠯᠥᠪᠯᠡᠭᠡ ᠶᠢᠨ ᠪᠠ ᠲᠣᠬᠢᠷᠠᠭᠤᠯᠤᠨ ᠲᠤᠷᠰᠢᠬᠤ ᠠᠵᠢᠯ ᠢ ᠪᠡᠶᠡᠯᠡᠭᠦᠯᠵᠦ ᠪᠣᠯᠤᠨ᠎ᠠ︾ ᠭᠡᠪᠡ ᠃        2024 ᠣᠨ ᠪᠣᠯ ︽ᠳᠣᠣᠷ᠎ᠠ ᠠᠭᠠᠷ ᠤᠨ ᠠᠵᠤ ᠠᠬᠤᠢ ᠶᠢᠨ ᠲᠡᠷᠢᠭᠦᠨ ᠣᠨ︾ ᠮᠥᠨ᠃ ᠡᠨᠠ ᠨᠢᠭᠡ ᠵᠢᠯ ᠳᠤ ᠳᠣᠣᠷ᠎ᠠ ᠠᠭᠠᠷ ᠤᠨ ᠠᠵᠤ ᠠᠬᠤᠢ  ᠨᠢ ᠵᠠᠰᠠᠭ ᠤᠨ ᠣᠷᠲᠣᠠ ᠤ ᠠᠵᠢᠯ ᠤᠨ ᠢᠯᠠᠣᠠᠭᠡᠯ ᠳᠤ ᠪᠢᠴᠢᠭᠳᠡᠨ ᠣᠷᠣᠪᠠ ᠂ ᠲᠠᠭᠦᠠ ᠤ ᠣᠷᠣᠠ ᠪᠦᠰᠠ ᠶᠢᠨ ᠬᠠᠶᠢᠠ ᠰᠦᠪᠡᠭᠴᠢᠯᠡᠯᠲᠡ ᠠᠴᠠ ᠤᠯᠤᠰ ᠤᠨ ᠪᠠᠶᠢᠯᠲᠣᠬᠤ ᠪᠤᠲᠣᠯᠭ᠎ᠠ ᠪᠤᠯᠣᠬᠰᠠᠨ ᠢ ᠬᠠᠷᠠᠭᠤᠯᠵᠤ ᠪᠠᠶᠢᠨ᠎ᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠭᠰᠠᠨ ᠤ ᠬᠤᠪᠢ ᠳᠤ᠂ ︽ᠳᠣᠣᠷ᠎ᠠ ᠠᠭᠠᠷ ᠤᠨ ᠠᠵᠤ ᠠᠬᠤᠢ︾ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠨᠡᠶᠢᠲᠡᠯᠢᠭ ᠲᠥᠯᠥᠭᠡᠯᠡᠭᠴᠢ ᠮᠥᠨ᠂ ᠨᠡᠩ ᠴᠤ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠦᠯᠬᠦ ᠴᠢᠬᠤᠯᠠ ᠴᠢᠭᠯᠡᠯ ᠮᠥᠨ᠃ ᠨᠢᠭᠡ ᠵᠢᠯ ᠤᠨ ᠲᠤᠷᠰᠢ᠂ ᠰᠢᠭᠤᠶᠢᠲᠤ ᠲᠣᠭᠤᠷᠢᠭ ᠲᠥᠷᠥ ᠶᠢᠨ ᠪᠣᠳᠣᠯᠭ᠎ᠠ ᠶᠢᠨ ᠦᠵᠦᠭᠦᠷ᠂ ᠠᠵᠤ ᠦᠢᠯᠡᠰ ᠤᠨ ᠦᠵᠦᠭᠦᠷ ᠲᠤ ᠣᠯᠠᠨ ᠲᠠᠯ᠎ᠠ ᠠᠴᠠ ᠬᠦᠴᠦᠯᠡᠵᠦ᠂ ᠪᠠᠳᠺᠠᠷ ᠰᠦᠮ᠎ᠡ ᠨᠢᠰᠬᠡᠯ ᠤᠨ ᠪᠠᠭᠤᠳᠠᠯ ᠢᠶᠠᠷ ᠭᠤᠤᠯ ᠪᠣᠯᠭᠠᠨ᠂ ᠴᠢᠳᠠᠮᠵᠢ ᠪᠦᠷᠢᠨ᠂ ᠠᠵᠤ ᠦᠢᠯᠡᠰ ᠤᠨ ᠣᠯᠠᠨ ᠡᠰᠢᠲᠦ ᠠᠵᠤ ᠦᠢᠯᠡᠰ ᠤᠨ ᠠᠮᠢ ᠠᠬᠤᠶ ᠶᠢ ᠠᠯᠬᠤᠮ ᠠᠯᠬᠤᠮ ᠢᠶᠠᠷ ᠪᠠᠶᠢᠭᠤᠯᠪᠠ᠃        ᠰᠢᠭᠤᠶᠢᠲᠤ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠣᠣᠷ᠎ᠠ ᠠᠭᠠᠷ ᠤᠨ ᠠᠵᠤ ᠠᠬᠤᠢ ᠶᠢᠨ ᠲᠤᠰᠬᠠᠢ ᠠᠩᠭᠢ ᠶᠢᠨ ᠠᠯᠪᠠᠨ ᠭᠡᠷ ᠤᠨ ᠡᠷᠬᠢᠯᠡᠭᠴᠢ ᠢᠦᠢ ᠵᠢᠶᠠᠩ ᠰᠤᠷᠪᠤᠯᠵᠢᠯᠠᠭᠴᠢ ᠳᠤ᠂ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠨᠢ ᠣᠷᠣᠨ ᠪᠠᠶᠢᠷᠢ ᠶᠢᠨ ᠳᠠᠪᠠᠭᠤᠯᠢᠭ᠂ ᠠᠭᠠᠷ ᠤᠨ ᠣᠷᠣᠨ ᠵᠠᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠳᠣᠣᠷ᠎ᠠ ᠠᠭᠠᠷ +︾ ᠬᠡᠷᠡᠭᠯᠡᠬᠦ ᠲᠠᠯᠠᠪᠠᠢ ᠶᠢ ᠥᠷᠭᠡᠳᠭᠡᠨ ᠳᠡᠯᠭᠡᠷᠡᠭᠦᠯᠵᠦ᠂ ᠳᠣᠣᠷ᠎ᠠ ᠠᠭᠠᠷ ᠤᠨ ᠨᠢᠰᠦᠭᠦᠷ ᠵᠢᠴᠢ ᠰᠡᠯᠪᠢᠭ ᠲᠣᠨᠤᠭ ᠦᠢᠯᠡᠳᠬᠦ᠂ ᠰᠠᠭᠤᠷᠢ ᠲᠥᠬᠦᠭᠡᠷᠦᠮᠵᠢ᠂ ᠳᠣᠣᠷ᠎ᠠ ᠠᠭᠠᠷ ᠤᠨ ᠨᠢᠰᠦᠯᠲᠡ ᠬᠢᠭᠡᠳ ᠪᠠᠲᠤᠯᠠᠭ᠎ᠠ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠳᠠᠶᠢᠴᠢᠯᠠᠨ ᠂ ︽ ᠨᠢᠭᠡ ᠭᠤᠣᠯ ᠲᠥᠪ ᠨᠢᠭᠡ ᠠᠭᠠᠷ ᠠᠶᠠᠯᠠᠯ ᠤᠨ ᠰᠤᠷᠭᠠᠭᠤᠯᠢ ᠭᠤᠷᠪᠠᠨ ᠰᠠᠭᠤᠷᠢᠨ ᠭᠠᠵᠠᠷ︾ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠴᠠᠭ ᠠᠭᠤᠷ᠂ ᠣᠢ ᠰᠢᠭᠤᠢ ᠶᠢᠨ ᠭᠠᠯ ᠰᠡᠷᠭᠡᠶᠢᠯᠡᠬᠦ ᠂ ᠴᠠᠬᠢᠯᠭᠠᠨ ᠬᠦᠴᠦᠨ ᠤ ᠲᠣᠭᠤᠷᠢᠨ ᠪᠠᠶᠢᠴᠠᠭᠠᠬᠤ ᠂ ᠲᠠᠷᠢᠶᠠᠯᠠᠩ ᠣᠢ ᠰᠢᠭᠤᠢ ᠶᠢᠨ ᠤᠷᠭᠤᠮᠠᠯ ᠬᠠᠮᠠᠭᠠᠯᠠᠬᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠠᠭᠠᠨ ᠤ ᠭᠦᠢᠯᠭᠡᠭᠡ ᠵᠡᠷᠭᠡ ᠣᠯᠠᠨ  ᠲᠠᠯᠠᠪᠤᠷ ᠤᠨ ᠬᠡᠷᠡᠭᠯᠡᠭᠡᠨ ᠤ ᠪᠠᠶᠢᠳᠠᠯ ᠢ ᠪᠣᠢ ᠪᠣᠯᠭᠠᠨ᠎ᠠ᠃ 2026 ᠣᠨ ᠳᠤ ᠵᠢᠱᠢᠯᠲᠡ ᠪᠠᠷ 20 ᠲᠤᠷᠰᠢᠨ ᠨᠢᠰᠬᠦ᠂ ᠶᠡᠷᠦᠩᠬᠡᠶ ᠤᠭᠰᠠᠷᠠᠨ ᠦᠢᠯᠡᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ ᠃ 2027 ᠣᠨ ᠪᠣᠯᠬᠤ ᠳᠤ᠂ ᠰᠢᠭᠤᠶᠢᠲᠤ ᠲᠣᠭᠤᠷᠢᠭ ᠤᠨ ᠥᠪᠡᠷᠮᠢᠴᠡ ᠣᠨᠴᠠᠯᠢᠭ ᠪᠥᠬᠦᠶ ᠳᠣᠤᠷ᠎ᠠ ᠠᠭᠠᠷ  ᠤᠨ  ᠦᠢᠯᠡᠳᠬᠦ ᠂ ᠲᠤᠷᠰᠢᠬᠤ ᠂ ᠣᠯᠠᠨ ᠬᠡᠷᠡᠭᠯᠡᠭᠡ ᠲᠠᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ ᠭᠡᠵᠦ ᠬᠡᠯᠡᠪᠡ ᠃        ᠥᠷᠭᠡᠨ ᠠᠭᠤᠳᠠᠮ ᠬᠥᠬᠡ ᠣᠭᠲᠠᠷᠭᠤᠶ᠂ ᠠᠯᠤᠰ ᠢᠷᠡᠭᠡᠳᠦᠢ ᠬᠢᠵᠠᠭᠠᠯᠠᠰᠢ ᠦᠭᠡᠢ᠃ ︽ᠳᠣᠣᠷ᠎ᠠᠠᠭᠠᠷ + ︾ ᠬᠡᠪ ᠵᠠᠭᠪᠤᠷ ᠲᠤ ᠲᠦᠰᠢᠭᠯᠡᠨ ᠂ ᠰᠢᠭᠤᠶᠢᠲᠤ ᠲᠣᠭᠤᠷᠢᠭ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠳᠡᠭᠡᠷ᠎ᠡ ᠰᠠᠯᠬᠢ ᠰᠥᠷᠦᠨ ᠣᠷᠣᠭᠰᠢᠯᠠᠵᠤ ᠂ ᠭᠠᠵᠠᠷ ᠣᠷᠣᠨ ᠤ ᠳᠣᠣᠷ᠎ᠠ ᠠᠭᠠᠷ ᠤᠨ ᠠᠵᠤ ᠠᠬᠤᠢ ᠨᠢ ᠴᠦ ᠤᠬᠠᠭᠠᠭᠳᠠᠬᠤᠨ ᠤ ᠵᠢᠷᠤᠭ ᠲᠥᠯᠥᠪᠯᠡᠭᠡ ᠠᠴᠠ ᠪᠣᠳᠠᠲᠤ ᠠᠬᠤᠢ ᠵᠦᠭ ᠤᠷᠤᠭᠰᠢᠯᠠᠵᠤ ᠪᠤᠢ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号