︽︿ᠲᠠ ᠶᠠᠮᠠᠷ ᠠᠵᠢᠯ ᠭᠦᠢᠴᠡᠳᠭᠡᠬᠦ ᠴᠢᠬᠤᠯᠠ ᠲᠠᠢ ᠪᠤᠢ︖﹀ ᠭᠡᠳᠡᠭ ᠢ ᠶᠠᠭᠠᠬᠢᠵᠤ ᠢᠯᠡᠳᠬᠡᠬᠦ ᠪᠤᠢ︖ | ︾ | ︽ᠭᠠᠷ ᠤᠨ ᠬᠡᠯᠪᠡᠷᠢ ᠪᠣᠯ ᠳᠣᠬᠢᠶᠠᠨ ᠤ ᠬᠡᠯᠡᠨ ᠳᠤ ᠳᠤᠲᠠᠭᠳᠠᠵᠤ ᠪᠣᠯᠣᠰᠢ ᠦᠭᠡᠢ ᠭᠤᠣᠯ ᠡᠯᠧᠮᠧᠨ᠋ᠲ | ᠮᠥᠨ᠂ ᠣᠯᠠᠨ ᠢᠶᠠᠷ ᠢᠶᠠᠨ ᠤᠷᠢᠳᠠᠪᠠᠷ ᠮᠢᠨᠦ ᠦᠵᠡᠭᠦᠯᠭᠡ ᠶᠢ ᠦᠵᠡᠭᠡᠷᠡᠢ︾᠃ | ᠲᠦᠷᠦᠭᠦᠬᠡᠨ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠳᠣᠬᠢᠶᠠᠨ ᠤ ᠬᠡᠯᠡᠨ ᠤ ᠪᠣᠯᠪᠠᠰᠤᠷᠠᠯ ᠤᠨ | ᠠᠵᠢᠯᠯᠠᠭ᠎ᠠ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ | ᠬᠠᠮᠢᠶᠠᠷᠤᠯᠲᠠ ᠶᠢᠨ ᠲᠤᠪᠴᠢᠶ᠎ᠠ ᠳᠤ ᠶᠠᠪᠤᠭᠳᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠴᠣᠩᠬᠤᠪᠴᠢ ᠶᠢᠨ ᠠᠵᠢᠯᠲᠠᠨ᠂ ᠠᠰᠠᠭᠤᠨ ᠯᠠᠪᠯᠠᠬᠤ ᠲᠠᠪᠴᠠᠩ ᠤᠨ ᠠᠵᠢᠯᠲᠠᠨ ᠵᠢᠴᠢ ᠬᠠᠮᠢᠶ᠎ᠠ ᠪᠥᠬᠦᠶ ᠠᠵᠢᠯᠲᠠᠳ | ᠢᠳᠡᠪᠬᠢᠲᠡᠶ ᠣᠷᠣᠯᠴᠠᠵᠤ᠂ ᠨᠠᠷᠢᠨ ᠬᠢᠨᠠᠮᠠᠭᠠᠶ ᠰᠤᠷᠤᠯᠴᠠᠪᠠ᠂ ᠪᠣᠯᠪᠠᠰᠤᠷᠠᠯ ᠢᠶᠠᠷ ᠳᠠᠮᠵᠢᠭᠤᠯᠤᠨ ᠦᠨᠳᠦᠰᠦᠨ | ᠳᠣᠬᠢᠶᠠᠨ ᠤ ᠬᠡᠯᠡᠨ ᠤ ᠤᠷ᠎ᠠ ᠴᠢᠳᠠᠪᠤᠷᠢ ᠶᠢ ᠡᠵᠡᠮᠰᠢᠵᠦ᠂ ᠰᠣᠨᠣᠷ ᠤᠨ ᠰᠠᠭᠠᠳ ᠲᠠᠢ ᠬᠥᠮᠦᠰ ᠲᠤ ᠨᠠᠩ ᠳᠣᠲᠣᠨᠣ᠂ | ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠵᠦ᠂ ᠬᠠᠯᠠᠭᠤᠨ ᠳᠣᠲᠣᠨᠣ᠂ ᠬᠠᠯᠠᠭᠤᠨ | ᠳᠤᠯᠠᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠭᠡᠰᠡᠨ ᠶᠤᠮ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠬᠢᠶᠠᠨ | ᠬᠡᠯᠡᠨ ᠤ ᠲᠤᠰᠬᠠᠶ ᠪᠣᠯᠪᠠᠰᠤᠷᠠᠯ ᠤᠨ ᠠᠵᠢᠯᠯᠠᠭ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠤᠨ | ᠪᠣᠳᠠᠲᠠᠶ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠠᠳᠺᠠᠷ ᠰᠦᠮ᠎ᠡ ᠪᠠᠯᠭᠠᠰᠤᠨ ᠤ | ᠵᠡᠮᠳᠡᠭᠴᠦᠳ ᠤᠨ ᠬᠤᠯᠪᠣᠭ᠎ᠠ ᠶᠢᠨ ᠳᠣᠬᠢᠶᠠᠨ ᠬᠡᠯᠡᠨ ᠤ ᠠᠵᠢᠯᠯᠠᠬᠤ ᠲᠠᠰᠤᠭ ᠤᠨ ᠬᠠᠷᠢᠭᠤᠴᠠᠯᠭᠠᠲᠠᠨ ᠵᠣᠣ ᠰᠢᠶᠤᠤ | ᠵᠢᠤᠸᠠᠨ ᠢ ᠤᠷᠢᠵᠤ ᠬᠢᠴᠢᠶᠡᠯ ᠣᠷᠤᠭᠤᠯᠪᠠ᠂ ᠠᠭᠤᠯᠭ᠎ᠠ ᠨᠢ ᠰᠠᠭᠤᠷᠢ ᠳᠣᠬᠢᠶᠠᠨ ᠤ ᠬᠡᠯᠡᠨ ᠤ ᠮᠡᠳᠡᠯᠭᠡ᠂ ᠡᠳᠦᠷ | ᠲᠤᠲᠤᠮ ᠤᠨ ᠰᠣᠯᠢᠯᠴᠠᠭᠠᠨ ᠤ ᠦᠭᠡ ᠬᠡᠯᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠬᠡᠷᠡᠭᠯᠡᠬᠦ | ᠦᠭᠡᠰ᠂ ᠪᠠᠴᠢᠮ ᠪᠠᠶᠢᠳᠠᠯ ᠢ ᠠᠷᠭᠠᠴᠠᠭᠠᠬᠤ ᠳᠣᠬᠢᠶᠠᠨ ᠤ ᠬᠡᠯᠡ ᠵᠡᠷᠭᠡ ᠣᠯᠠᠨ ᠲᠠᠯ᠎ᠠ ᠶᠢ ᠬᠠᠮᠤᠷᠴᠤ᠂ ᠣᠨᠣᠯ ᠤᠨ | ᠲᠠᠶᠢᠯᠤᠮᠵᠢ ᠪᠠ ᠳᠠᠭᠤᠷᠢᠶᠠᠮᠠᠯ ᠲᠠᠯᠠᠪᠤᠷ ᠤᠨ ᠰᠣᠷᠢᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯᠲᠠᠳ ᠲᠤ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠪᠣᠯᠪᠠᠰᠤᠷᠠᠯ ᠤᠨ | ᠬᠢᠴᠢᠶᠡᠯ ᠢ ᠣᠯᠭᠤᠵᠤ᠂ ᠲᠡᠳᠡᠨ ᠤ ᠣᠨᠴᠠᠭᠠᠶ ᠬᠥᠮᠦᠰ ᠲᠤ ᠦᠢᠯᠡᠴᠢᠯᠡᠬᠦ ᠦᠶ᠎ᠡ ᠳᠤ ︽ᠬᠡᠷᠡᠭᠴᠡᠭᠡ | ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠬᠠᠷᠢᠭᠤᠯᠵᠤ᠂ ᠲᠤᠬᠠᠶᠢᠯᠠᠭᠰᠠᠨ | ᠠᠵᠢᠯ ᠢᠶᠠᠨ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠶᠢ ᠨᠢ ᠦᠨᠡᠨ ᠬᠦ ᠪᠠᠲᠤᠯᠠᠪᠠ᠃ | ︽ ᠡᠨᠡ ᠤᠳᠠᠭᠠᠨ ᠤ ᠪᠣᠯᠪᠠᠰᠤᠷᠠᠯ ᠦᠨᠡᠬᠡᠷ ᠬᠡᠷᠡᠭᠴᠡᠭᠡ ᠲᠠᠢ︕︾ ᠭᠡᠵᠦ ᠬᠢᠴᠢᠶᠡᠯ ᠳᠠᠭᠤᠰᠤᠭᠰᠠᠨ ᠤ | ᠳᠠᠷᠠᠭ᠎ᠠ ᠂ ᠴᠣᠩᠬᠤᠪᠴᠢ ᠶᠢᠨ ᠠᠵᠢᠯᠲᠠᠳ ᠬᠠᠷᠢᠯᠴᠠᠨ ᠰᠢᠨ᠎ᠡ ᠡᠵᠡᠮᠰᠢᠭᠰᠡᠨ ᠳᠣᠬᠢᠶᠠᠨ ᠤ ᠬᠡᠯᠡ ᠪᠠᠨ ᠪᠣᠯᠪᠠᠰᠤᠷᠠᠨ᠎ᠠ᠂ | ︽ᠥᠩᠭᠡᠷᠡᠭᠰᠡᠨ ᠳᠤ ᠰᠣᠨᠣᠷ ᠤᠨ ᠰᠠᠭᠠᠳ ᠲᠠᠢ ᠬᠥᠮᠦᠰ ᠤᠴᠢᠷ ᠶᠠᠪᠤᠳᠠᠯ ᠭᠦᠢᠴᠡᠳᠭᠡᠬᠦ ᠲᠠᠢ ᠲᠠᠭᠠᠷᠠᠪᠠᠯ | ᠶᠡᠷᠦ ᠨᠢ ᠬᠦᠴᠢᠷᠳᠡᠵᠦ ᠪᠠᠶᠢᠵᠠᠢ᠃ ᠣᠳᠣ ᠳᠣᠬᠢᠶᠠᠨ ᠤ ᠬᠡᠯᠡ ᠰᠤᠷᠴᠤ ᠂ ᠬᠤᠵᠢᠮ ᠲᠡᠳᠡᠨ ᠳᠤ ᠨᠡᠩ ᠰᠢᠭᠤᠳ | ᠦᠢᠯᠡᠴᠢᠯᠡᠭᠡ ᠬᠠᠩᠭᠠᠵᠤ ᠴᠢᠳᠠᠨ᠎ᠠ︾ ᠭᠡᠪᠡ᠃ | | ᠰᠢᠭᠤᠶᠢᠲᠤ ᠲᠣᠭᠤᠷᠢᠭ ᠨᠢ ᠶᠡᠷᠦ ᠠᠴᠠ ᠪᠠᠨ ᠬᠤᠲᠠ ᠶᠢᠨ ᠠᠷᠠᠳ ᠣᠯᠠᠨ ᠤ ᠪᠣᠳᠠᠲᠤ ᠬᠡᠷᠡᠭᠴᠡᠭᠡ ᠪᠠᠷ | ᠦᠨᠳᠦᠰᠦᠯᠡᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠰᠢᠨ᠎ᠡ ᠬᠡᠪ ᠵᠠᠭᠪᠤᠷ᠂ | ᠰᠢᠨ᠎ᠡ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠯᠢ ᠣᠯᠠᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ | ᠠᠪᠳᠠᠭ᠃ ᠨᠠᠰᠤᠲᠠᠶᠢᠴᠤᠳ ᠪᠠ ᠵᠡᠮᠳᠡᠭᠴᠦᠳ ᠵᠡᠷᠭᠡ ᠠᠵᠢᠯ ᠶᠠᠪᠤᠳᠠᠯ ᠭᠦᠢᠴᠡᠳᠭᠡᠬᠦ ᠬᠠᠮᠲᠤᠯᠢᠭ ᠤᠨ | ᠣᠨᠴᠠᠯᠢᠭ ᠲᠤ ᠴᠢᠭᠯᠡᠭᠦᠯᠦᠨ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ | ᠭᠠᠳᠠᠭᠠᠳᠤ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠪᠠ ᠳᠣᠲᠣᠭᠠᠳᠤ ᠶᠢᠨ ᠣᠷᠴᠢᠨ ᠲᠣᠭᠤᠷᠢᠨ ᠢ | ᠲᠡᠭᠦᠯᠳᠡᠷᠵᠢᠭᠦᠯᠬᠦ ᠬᠤᠶᠠᠷ ᠲᠠᠯ᠎ᠠ ᠪᠠᠷ ᠵᠡᠷᠭᠡ ᠪᠠᠷ ᠬᠦᠴᠦᠯᠡᠵᠦ᠂ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠪᠡ᠃ ᠰᠠᠭᠠᠳ ᠥᠬᠡᠶ ᠲᠡᠷᠭᠡᠨ ᠵᠣᠭᠰᠣᠭᠠᠯ᠂ ᠰᠠᠭᠠᠳ ᠥᠬᠡᠶ | ᠨᠠᠯᠠᠤ ᠵᠠᠮ᠂ ᠰᠠᠭᠠᠳ ᠥᠬᠡᠶ ᠴᠠᠬᠢᠯᠭᠠᠨ ᠱᠠᠲᠤ᠂ ᠰᠠᠭᠠᠳ ᠥᠬᠡᠶ ᠠᠷᠢᠭᠤᠨ ᠴᠡᠪᠡᠷ ᠤᠨ ᠥᠷᠥᠭᠡ ᠵᠡᠷᠭᠡ | ᠪᠡᠯᠡᠳᠬᠡᠮᠵᠢ ᠳᠣᠭᠢᠷᠠᠭᠤᠯᠬᠤ ᠶᠢᠨ ᠬᠠᠮᠲᠤ ᠵᠢᠭᠠᠨ ᠵᠢᠯᠣᠭᠤᠳᠬᠤ ᠲᠡᠮᠳᠡᠭ᠂ ᠬᠠᠶᠢᠷ᠎ᠠ ᠬᠠᠯᠠᠮᠵᠢ ᠶᠢᠨ ᠠᠰᠠᠭᠤᠨ | ᠯᠠᠪᠯᠠᠬᠤ ᠲᠠᠪᠴᠠᠩ ᠵᠡᠷᠭᠡ ᠨᠠᠰᠤᠲᠠᠶᠢᠴᠤᠳ ᠲᠤ ᠳᠣᠭᠢᠷᠠᠬᠤ᠂ ᠵᠡᠮᠳᠡᠭᠴᠦᠳ ᠲᠤ ᠲᠣᠬᠢᠷᠠᠮᠵᠢᠲᠠᠶ ᠠᠯᠢ ᠣᠯᠠᠨ | ᠦᠢᠯᠡᠴᠢᠯᠡᠭᠡᠨ ᠤ ᠠᠷᠭ᠎ᠠ ᠬᠡᠮᠵᠢᠶ᠎ᠡ ᠳᠣᠭᠢᠷᠠᠭᠤᠯᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ | ᠬᠥᠮᠦᠰ ᠤᠨ ᠠᠵᠢᠯ ᠶᠠᠪᠤᠳᠠᠯ ᠭᠦᠢᠴᠡᠳᠭᠡᠬᠦ ᠳᠤ ᠨᠠᠩ ᠳᠥᠭᠦᠮ ᠳᠥᠲᠡ᠂ ᠰᠠᠭᠠᠳ ᠥᠬᠡᠶ ᠨᠡᠪᠲᠡᠷᠡᠬᠦ ᠶᠢ | ᠪᠠᠲᠤᠯᠠᠪᠠ ᠃ | ᠵᠠᠰᠠᠭ ᠤᠨ ᠣᠷᠳᠣᠨ ᠤ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠ | ᠦᠢᠯᠡᠳᠦᠯᠭᠡ ᠪᠣᠯᠤᠭᠰᠠᠨ ᠤ ᠬᠤᠪᠢ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠳᠠᠲᠠᠶ ᠰᠠᠶᠢᠲᠤᠷ ᠬᠢᠬᠦ ᠨᠢ | ᠮᠠᠰᠢ ᠢᠳᠡᠪᠬᠢᠲᠡᠶ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ | ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠮᠤ ᠳ᠋ᠠᠶᠢᠲ᠋ᠠ ᠶᠢᠨ ᠲᠥᠪ ᠨᠡᠩ | ᠤᠯᠠᠨ ᠪᠣᠯᠪᠠᠰᠤᠷᠠᠯ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ ᠠᠬᠢᠭᠤᠯᠤᠨ᠎ᠠ᠂ ᠦᠢᠯᠡᠴᠢᠯᠡᠭᠡᠨ ᠤ ᠨᠠᠷᠢᠨ | ᠵᠦᠢᠯᠡᠰ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠬᠡᠯᠪᠡᠷᠢ ᠪᠣᠯᠤᠨ | ᠤᠶᠤᠨᠴᠢᠯᠠᠭᠰᠠᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠤᠶᠠᠯᠳᠤᠭᠤᠯᠵᠤ᠂ ᠲᠣᠭᠠᠴᠢᠯᠠᠭᠰᠠᠨ ᠴᠠᠭ ᠦᠶ᠎ᠡ ᠶᠢᠨ | ︽ᠥᠲᠡᠯᠬᠦ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠣᠯᠤᠨ᠎ᠠ᠃ ᠡᠭᠦᠨ ᠤ ᠬᠠᠮᠲᠤ᠂ ᠬᠠᠯᠠᠭᠤᠨ ᠳᠤᠯᠠᠭᠠᠨ | ︽ᠨᠢᠭᠡ ᠳᠤ ᠨᠢᠭᠡ︾᠂ ᠲᠤᠰᠬᠠᠶ ᠬᠥᠮᠦᠨ ᠲᠣᠮᠢᠯᠠᠬᠤ ︽ᠪᠠᠷᠢᠭᠤᠯ︾ ᠤᠨ ᠦᠢᠯᠡᠴᠢᠯᠡᠭᠡ ᠬᠠᠩᠭᠠᠵᠤ᠂ ︽ | ᠠᠰᠠᠷᠠᠭᠴᠢ ᠮᠠᠶ᠋ᠢᠭ︾ ᠤᠨ ᠪᠠᠷ᠎ᠠ ᠪᠣᠯᠬᠤ ᠵᠢᠴᠢ ᠲᠤᠰᠠᠯᠠᠬᠤ ᠦᠢᠯᠡᠴᠢᠯᠡᠭᠡ ᠬᠠᠩᠭᠠᠵᠤ᠂ ᠬᠠᠷᠰᠢ ᠰᠠᠭᠠᠳ ᠥᠬᠡᠶ | ᠦᠢᠯᠡᠴᠢᠯᠡᠭᠡ ᠶᠢ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠠᠬᠢᠭᠤᠯᠵᠤ᠂ ᠣᠨᠴᠠᠭᠠᠶ ᠬᠥᠮᠦᠰ ᠲᠤ ᠨᠠᠩ ᠳᠥᠭᠦᠮ | ᠳᠥᠲᠡ᠂ ᠨᠥᠬᠦᠷᠰᠡᠭ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠠᠩ ᠬᠠᠶᠢᠷ᠎ᠠ ᠰᠡᠳᠬᠢᠯᠭᠡ ᠲᠠᠢ ᠪᠣᠯᠭᠠᠬᠤ ᠪᠠᠷ ᠴᠢᠷᠮᠠᠶᠢᠨ᠎ᠠ᠃ | |