2022 ᠣᠨ ᠤ ᠲᠤᠭ᠎ᠠ ᠪᠦᠷᠢᠳᠬᠡᠯ ᠤᠨ ᠵᠢᠯ ᠤᠨ ᠮᠡᠳᠡᠭᠦᠯᠦᠯᠲᠡ ᠪᠠ 2023 ᠣᠨ ᠤ ᠲᠣᠭᠲᠠᠮᠠᠯ | ᠬᠤᠭᠤᠴᠠᠭ᠎ᠠ ᠲᠠᠢ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ | ᠨᠢᠭᠡ᠂ ᠪᠠᠶᠢᠴᠠᠭᠠᠯᠲᠠ ᠶᠢᠨ ᠵᠣᠷᠢᠯᠭ᠎ᠠ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠦᠨᠳᠦᠰᠦᠨ ᠪᠠᠶᠢᠳᠠᠯ ᠵᠢᠴᠢ | ᠡᠵᠡᠩᠨᠡᠯᠲᠡ ᠶᠢᠨ ᠪᠠᠶᠢᠳᠠᠯ ᠢ ᠣᠶᠢᠯᠠᠭᠠᠨ ᠲᠤᠰᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠳᠤ ᠠᠵᠤ | ᠠᠬᠤᠶ ᠶᠢᠨ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠲᠣᠭᠲᠠᠭᠠᠵᠤ᠂ ᠠᠵᠤ ᠠᠬᠤᠶ ᠶᠢᠨ ᠬᠠᠮᠢᠶᠠᠷᠤᠯᠲᠠ ᠬᠢᠬᠦ | ᠪᠠ ᠲᠣᠬᠢᠷᠠᠭᠤᠯᠤᠨ ᠡᠵᠡᠮᠰᠢᠬᠦ ᠳᠤ ᠦᠨᠳᠦᠰᠦᠯᠡᠯ ᠬᠠᠩᠭᠠᠬᠤ ᠶᠢᠨ ᠲᠦᠯᠦᠭᠡ ᠃ | ᠬᠤᠶᠠᠷ᠂ ᠪᠠᠶᠢᠴᠠᠭᠠᠭᠳᠠᠬᠤ ᠡᠲᠡᠭᠡᠳ ᠪᠠ ᠬᠡᠪᠴᠢᠶ᠎ᠡ | ᠲᠤᠰ ᠳᠦᠷᠢᠮ ᠤᠨ ᠪᠠᠶᠢᠴᠠᠭᠠᠭᠳᠠᠬᠤ ᠡᠲᠡᠭᠡᠳ ᠪᠣᠯᠤᠨ ᠬᠡᠪᠴᠢᠶ᠎ᠡ ᠨᠢ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠪᠣᠯᠤᠨ | ᠬᠤᠪᠢ ᠶᠢᠨ ᠡᠵᠡᠩᠨᠡᠯᠲᠡ ᠶᠢᠨ ᠡᠷᠦᠬᠡ᠂ ᠬᠤᠨᠤᠭ ᠪᠠᠭᠤᠳᠠᠯ ᠪᠤᠰᠤ ᠪᠠ ᠢᠳᠡᠭᠡᠨ ᠤᠮᠳᠠᠭᠠᠨ ᠤ ᠪᠣᠰᠤ ᠦᠢᠯᠡᠰ ᠤᠨ | ᠬᠠᠤᠯᠢ ᠶᠢᠨ ᠡᠷᠬᠡᠲᠡᠨ ᠤ ᠨᠢᠭᠡᠴᠢ ᠶᠢᠨ ᠳᠠᠭᠠᠯᠳᠤᠭᠤᠯᠤᠨ ᠡᠵᠡᠩᠨᠡᠬᠦ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠠᠵᠤ ᠦᠢᠯᠡᠰ ᠤᠨ ᠠᠵᠢᠯᠯᠠᠭᠠᠨ ᠤ ᠨᠢᠭᠡᠴᠢ ᠵᠢᠴᠢ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠡᠯᠬᠢᠶ᠎ᠡ ᠶᠡᠷᠦᠩᠬᠡᠶ ᠳᠡᠯᠭᠡᠭᠦᠷ ᠵᠡᠷᠭᠡ ᠪᠣᠯᠤᠨ᠎ᠠ᠃ | ᠭᠤᠷᠪᠠ᠂ ᠪᠠᠶᠢᠴᠠᠭᠠᠬᠤ ᠠᠭᠤᠯᠭ᠎ᠠ | ᠲᠤᠰ ᠳᠦᠷᠢᠮ ᠤᠨ ᠭᠤᠤᠯ ᠪᠠᠶᠢᠴᠠᠭᠠᠯᠲᠠ ᠶᠢᠨ ᠠᠭᠤᠯᠭ᠎ᠠ ᠳᠤ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠤᠨ ᠪᠠᠶᠢᠴᠠᠭᠠᠯᠲᠠ ᠶᠢᠨ ᠨᠢᠭᠡᠴᠢ ᠶᠢᠨ ᠦᠨᠳᠦᠰᠦᠨ ᠪᠠᠶᠢᠳᠠᠯ᠂ ᠠᠵᠢᠯ ᠡᠷᠬᠢᠯᠡᠭᠰᠡᠳ ᠵᠢᠴᠢ | ᠴᠠᠯᠢᠩ ᠤᠨ ᠶᠡᠷᠦᠩᠬᠡᠶ ᠲᠤᠭ᠎ᠠ᠂ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠯᠲᠡ ᠶᠢᠨ ᠪᠠᠶᠢᠳᠠᠯ᠂ ᠬᠡᠯᠬᠢᠶ᠎ᠡ | ᠡᠵᠡᠩᠨᠡᠯᠲᠡ ᠶᠢᠨ ᠪᠠᠶᠢᠳᠠᠯ᠂ ᠮᠡᠳᠡᠭᠡ ᠵᠠᠩᠭᠢ ᠴᠢᠮᠡᠭᠡ ᠨᠡᠪᠲᠡᠷᠡᠯᠭᠡ ᠶᠢᠨ ᠮᠡᠷᠭᠡᠵᠢᠯ ᠤᠨ ᠬᠡᠷᠡᠭᠯᠡᠯᠲᠡ ᠪᠠ | ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠪᠠᠶᠢᠳᠠᠯ ᠪᠠᠭᠲᠠᠨ᠎ᠠ᠃ | ᠳᠥᠷᠪᠡ᠂ ᠪᠠᠶᠢᠴᠠᠭᠠᠬᠤ ᠠᠷᠭ᠎ᠠ | ᠲᠣᠰ ᠲᠦᠷᠢᠮ ᠤᠨ ᠪᠠᠶᠢᠴᠠᠭᠠᠯᠲᠠ ᠶᠢᠨ ᠠᠷᠭ᠎ᠠ ᠪᠣᠯ᠄ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠨᠢᠭᠡᠴᠢ ᠶᠢᠨ | ᠦᠨᠳᠦᠰᠦᠨ ᠪᠠᠶᠢᠳᠠᠯ᠂ ᠠᠵᠢᠯ ᠡᠷᠭᠢᠯᠡᠭᠰᠡᠳ ᠵᠢᠴᠢ ᠴᠠᠯᠢᠩ ᠤᠨ ᠶᠡᠷᠦᠩᠬᠡᠶ ᠲᠤᠭ᠎ᠠ᠂ ᠡᠳ᠋ ᠤᠨ ᠶᠠᠪᠤᠳᠠᠯ ᠤᠨ | ᠪᠠᠶᠢᠳᠠᠯ᠂ ᠡᠵᠡᠩᠨᠡᠯᠲᠡ ᠶᠢᠨ ᠪᠠᠶᠢᠳᠠᠯ᠂ ᠮᠡᠳᠡᠭᠡ ᠵᠠᠩᠭᠢᠴᠢᠯᠠᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠨ ᠤ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠤᠪᠢ ᠶᠢᠨ ᠡᠵᠡᠩᠨᠡᠯᠲᠡ ᠶᠢᠨ ᠡᠷᠦᠬᠡ᠂ ᠬᠤᠨᠤᠭ | ᠪᠠᠭᠤᠳᠠᠯ ᠪᠣᠰᠤ ᠪᠠ ᠢᠳᠡᠭᠡᠨ ᠤᠮᠳᠠᠭᠠᠨ ᠤ ᠪᠤᠰᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ | ᠳᠠᠭᠠᠯᠳᠤᠭᠤᠯᠤᠨ ᠡᠵᠡᠩᠨᠡᠬᠦ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠨᠢᠭᠡᠴᠢ ᠶᠢᠨ ᠦᠨᠳᠦᠰᠦᠨ ᠪᠠᠶᠢᠳᠠᠯ ᠪᠠ | ᠡᠵᠡᠩᠨᠡᠯᠲᠡ ᠶᠢᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ ︔ ᠬᠤᠨᠤᠭ ᠪᠠᠭᠤᠳᠠᠯ ᠪᠣᠯᠤᠨ ᠢᠳᠡᠭᠡᠨ | ᠤᠮᠳᠠᠭᠠᠨ ᠤ ᠬᠡᠯᠬᠢᠶ᠎ᠡ ᠳᠡᠯᠭᠡᠭᠦᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ ᠃ | ᠲᠠᠪᠤ᠂ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ | ᠲᠣᠰ ᠲᠦᠷᠢᠮ ᠢ ᠮᠡᠳᠡᠭᠦᠯᠦᠯᠲᠡ ᠶᠢᠨ ᠬᠦᠰᠦᠨᠦᠭᠲᠦ ᠶᠢᠨ ᠮᠡᠳᠡᠭᠦᠯᠬᠦ ᠬᠤᠭᠤᠴᠠᠭ᠎ᠠ ᠶᠢ ᠦᠨᠳᠦᠰᠦᠯᠡᠨ | ᠣᠨ᠂ ᠤᠯᠠᠷᠢᠯ ᠪᠠ ᠰᠠᠷ᠎ᠠ ᠶᠢᠨ ᠭᠡᠵᠦ ᠬᠤᠪᠢᠶᠠᠨ᠎ᠠ᠃ | ᠲᠤᠰ ᠲᠦᠷᠢᠮ ᠪᠣᠯ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠤᠨ ᠨᠢᠭᠡ ᠬᠡᠰᠡᠭ | ᠮᠥᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠠᠬᠢ ᠶᠡᠷᠦᠩᠬᠡᠶᠢᠯᠡᠭᠰᠡᠨ ᠱᠠᠭᠠᠷᠳᠠᠯᠭ᠎ᠠ ᠮᠥᠨ᠃ ᠡᠯ᠎ᠡ | ᠭᠠᠵᠠᠷ ᠣᠷᠣᠨ ᠨᠤᠭᠤᠳ ᠲᠤᠰ ᠲᠦᠷᠢᠮ ᠳᠤ ᠲᠣᠭᠲᠠᠭᠠᠭᠰᠠᠨ ᠲᠤᠭ᠎ᠠ ᠪᠦᠷᠢᠳᠬᠡᠯ ᠤᠨ ᠬᠡᠪᠴᠢᠶ᠎ᠡ᠂ ᠲᠤᠭ᠎ᠠ | ᠪᠦᠷᠢᠳᠬᠡᠯ ᠤᠨ ᠪᠠᠷᠢᠮᠵᠢᠶ᠎ᠠ᠂ ᠪᠣᠳᠣᠬᠤ ᠠᠷᠭ᠎ᠠ ᠶᠢᠨ ᠶᠣᠰᠣᠭᠠᠷ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠴᠠᠭ ᠬᠤᠭᠤᠴᠠᠭ᠎ᠠ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠶ᠃ | ᠲᠤᠰ ᠲᠦᠷᠢᠮ ᠳᠤ ᠴᠥᠮ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠡᠯ᠎ᠡ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ | ᠲᠤᠰ ᠳᠦᠷᠢᠮ ᠤᠨ ᠮᠡᠳᠡᠭᠦᠯᠦᠯᠲᠡ ᠶᠢᠨ ᠬᠦᠰᠦᠨᠦᠭ ᠤᠨ ᠳᠣᠲᠣᠷ᠎ᠠ ᠭᠦᠢᠴᠡᠳᠬᠡᠬᠦ ᠲᠤᠭ᠎ᠠ ᠨᠡᠮᠡᠭᠳᠡᠭᠦᠯᠵᠦ ᠪᠣᠯᠤᠨ᠎ᠠ᠂ | ᠭᠡᠬᠦ ᠳᠡᠭᠡᠨ ᠭᠦᠢᠴᠡᠳᠬᠡᠬᠦ ᠲᠤᠭ᠎ᠠ ᠶᠢᠨ ᠵᠢᠭᠰᠠᠭᠠᠬᠤ ᠳᠡᠰ ᠳᠠᠷᠠᠭᠠᠯᠠᠯ ᠪᠣᠯᠤᠨ ᠳ᠋ᠤᠭᠠᠷᠯᠠᠯ ᠢ ᠰᠠᠮᠠᠭᠤᠷᠠᠭᠤᠯᠵᠤ ᠪᠣᠯᠬᠤ | ᠦᠭᠡᠶ᠃ | ︽ᠲᠤᠭ᠎ᠠ ᠪᠦᠷᠢᠳᠬᠡᠯ ᠤᠨ ᠬᠠᠤᠯᠢ︾ ᠶᠢᠨ ᠱᠠᠭᠠᠷᠳᠠᠯᠭ᠎ᠠ ᠶᠣᠰᠣᠭᠠᠷ᠂ ᠡᠬᠢ ᠡᠭᠦᠰᠦᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠲᠤᠭ᠎ᠠ ᠪᠠᠷᠢᠮᠲᠠ ᠳᠤ ᠦᠨᠳᠦᠰᠦ ᠪᠠᠷᠢᠮᠲᠠ ᠲᠠᠢ | ᠪᠣᠯᠭᠠᠵᠤ᠂ ᠪᠠᠶᠢᠴᠠᠭᠠᠬᠤ ᠨᠢᠭᠡᠴᠢ ᠨᠦᠭᠦᠳ ᠠᠩᠬᠠᠨ ᠤ ᠲᠡᠮᠳᠡᠭᠯᠡᠯ᠂ ᠲᠤᠭ᠎ᠠ ᠪᠦᠷᠢᠳᠬᠡᠯ ᠤᠨ ᠡᠬᠡ ᠲᠠᠩᠰᠠ | ᠭᠠᠷᠭᠠᠵᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠭᠠᠷ ᠤᠨ ᠥᠰᠥᠭ ᠵᠢᠷᠤᠬᠤ᠂ | ᠲᠤᠰᠢᠶᠠᠬᠤ᠂ ᠭᠥᠯᠢᠶᠡᠨ ᠠᠪᠬᠤ ᠪᠠ ᠲᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ | ᠵᠢᠷᠭᠤᠭ᠎ᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠪᠠ ᠨᠡᠶᠢᠲᠡᠯᠡᠬᠦ | ᠲᠣᠰ ᠲᠦᠷᠢᠮ ᠳᠤ ᠣᠯᠤᠭᠰᠠᠨ ᠭᠤᠤᠯ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠥᠷᠲᠡᠭᠡ ᠪᠠᠷ ᠳᠠᠮᠵᠢᠭᠤᠯᠤᠨ ᠨᠡᠶᠢᠲᠡᠯᠡᠬᠦ ᠪᠣᠯᠤᠨ᠎ᠠ︔ ᠣᠨ ᠤ | ᠮᠠᠲ᠋ᠧᠷᠢᠶᠠᠯ ᠢ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠣᠨ ᠤ ᠲᠣᠯᠢ︾᠂ ︽ᠳᠤᠮᠳᠠᠳᠤ ᠤᠯᠤᠰ ᠤᠨ | ᠠᠷᠠᠯᠵᠢᠶᠠᠨ ᠤ ᠭᠠᠳᠠᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠣᠨ ᠤ ᠲᠤᠯᠢ︾ ᠵᠡᠷᠭᠡ ᠬᠡᠪᠯᠡᠭᠳᠡᠬᠦᠨ ᠢᠶᠠᠷ | ᠳᠠᠮᠵᠢᠭᠤᠯᠤᠨ ᠨᠡᠶᠢᠲᠡᠯᠡᠬᠦ ᠪᠣᠯᠤᠨ᠎ᠠ᠃ | |