ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠵᠢᠭᠠᠨ ᠰᠤᠷᠭᠠᠯᠲᠠ ᠶᠢ ᠭᠦᠨᠵᠡᠭᠡᠶ ᠠᠬᠢᠭᠤᠯᠵᠤ᠂ ᠶᠡᠭᠡ | ᠣᠶᠢᠯᠠᠭᠠᠭᠳᠠᠬᠤᠨ ᠤ ᠵᠢᠯᠣᠭᠤᠳᠣᠯᠭ᠎ᠠ ᠳᠣᠤᠷᠠᠬᠢ ᠨᠢᠭᠡᠴᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ | ᠵᠢᠷᠤᠭ ᠲᠥᠯᠥᠪᠯᠡᠭᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠵᠢᠭᠠᠨ ᠰᠤᠷᠭᠠᠯᠲᠠ ᠶᠢᠨ ᠠᠭᠤᠯᠭ᠎ᠠ ᠶᠢ | ᠰᠢᠰᠲ᠋ᠧᠮ ᠲᠠᠢ ᠡᠵᠡᠮᠰᠢᠵᠦ᠂ ᠲᠣᠭᠠᠨ ᠤ ᠤᠬᠠᠭᠠᠨ ᠤ ᠮᠡᠳᠡᠯᠭᠡ ᠶᠢᠨ ᠪᠦᠲᠦᠴᠡ ᠶᠢᠨ ᠰᠤᠳᠤᠯᠭᠠᠨ ᠬᠢᠵᠦ᠂ | ᠨᠢᠭᠡᠴᠢ ᠶᠢᠨ ᠪᠦᠬᠦᠯᠢ ᠴᠣᠭᠴᠠ ᠶᠢᠨ ᠵᠢᠭᠠᠬᠤ ᠮᠠᠲ᠋ᠧᠷᠢᠶᠠᠯ ᠤᠨ ᠵᠠᠳᠠᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ | ᠨᠠᠷᠠᠲᠤ ᠪᠠᠭᠰᠢ ᠶᠢᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠣᠷᠣᠨ ᠪᠦᠰᠡ | ᠠᠯᠤᠰᠯᠠᠭᠰᠠᠨ ᠪᠠᠭᠰᠢ ᠶᠢᠨ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 2025 ᠣᠨ ᠤ 3 ᠳ᠋ᠤᠭᠠᠷ | ᠰᠠᠷ᠎ᠠ ᠶᠢᠨ 6 ᠤ ᠡᠳᠦᠷ ᠰᠢᠭᠤᠶᠢᠲᠤ ᠪᠠᠭ᠎ᠠ ᠰᠤᠷᠭᠠᠭᠤᠯᠢ ᠳᠤ ᠰᠢᠭᠤᠶᠢᠲᠤ ᠲᠣᠭᠤᠷᠢᠭ ᠤᠨ ᠪᠠᠭ᠎ᠠ ᠰᠤᠷᠭᠠᠭᠤᠯᠢ ᠶᠢᠨ | ᠲᠣᠭᠠᠨ ᠤ ᠤᠬᠠᠭᠠᠨ ᠤ ᠨᠢᠭᠡᠴᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢ | ᠣᠷᠣᠨ ᠪᠦᠰᠡ ᠠᠯᠤᠰᠯᠠᠨ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠰᠢᠭᠤᠶᠢᠲᠤ ᠪᠠᠭ᠎ᠠ | ᠰᠤᠷᠭᠠᠭᠤᠯᠢ᠂ ᠰᠦ᠋ ᠮᠧᠩ ᠲᠤᠷᠰᠢᠯᠲᠠ ᠶᠢᠨ ᠰᠤᠷᠭᠠᠭᠤᠯᠢ᠂ ᠰᠢᠨ᠎ᠡ ᠰᠢᠭᠤᠶᠢᠲᠤ ᠪᠠᠭ᠎ᠠ ᠰᠤᠷᠭᠠᠭᠤᠯᠢ ᠶᠢᠨ | ᠲᠣᠭᠠᠨ ᠤ ᠤᠬᠠᠭᠠᠨ ᠤ ᠪᠦᠬᠦ ᠪᠠᠭᠰᠢ ᠵᠢᠴᠢ ᠵᠢᠭᠠᠨ ᠰᠤᠳᠤᠯᠤᠭᠴᠢ ᠪᠣᠯᠤᠨ ᠪᠣᠭᠤᠷᠤᠯᠴᠤᠳ ᠲᠤᠰᠬᠠᠢ ᠮᠡᠷᠭᠡᠵᠢᠯᠲᠡᠨ | ᠲᠤᠰ ᠤᠳᠠᠭᠠᠨ ᠤ ᠠᠵᠢᠯᠯᠠᠭ᠎ᠠ ᠶᠢᠨ ᠪᠦᠬᠦ ᠶᠠᠪᠤᠴᠠ ᠳᠤ ᠣᠷᠣᠯᠴᠠᠪᠠ᠃ | ᠳᠡᠯᠭᠡᠨ ᠦᠵᠡᠭᠦᠯᠵᠦ ᠰᠣᠯᠢᠯᠴᠠᠬᠤ ᠬᠠᠭᠤᠳᠠᠰᠤ | | ᠳ᠋ᠦᠩ ᠾᠧ ᠲᠣᠭᠤᠷᠢᠭ ᠤᠨ ᠳᠥᠷᠪᠡᠨ ᠰᠢᠯᠢᠳᠡᠭ ᠪᠠᠭᠰᠢ ᠲᠣᠰ ᠲᠣᠰ ᠪᠠᠭᠰᠢ ᠶᠢᠨ ᠰᠤᠷᠭᠠᠨ | ᠬᠥᠮᠦᠵᠢᠯ ᠤᠨ ᠬᠡᠪᠯᠡᠯ ᠤᠨ ᠲᠠᠪᠤᠳᠤᠭᠠᠷ ᠣᠨ ᠤ ᠳᠣᠣᠷᠠᠳᠤ ᠳᠡᠪᠲᠡᠷ ᠤᠨ ᠭᠤᠷᠪᠠᠳᠤᠭᠠᠷ ᠨᠢᠭᠡᠴᠢ ᠶᠢᠨ ︽ᠤᠷᠲᠤ | ᠳᠥᠷᠪᠡᠯᠵᠢᠨ ᠪᠡᠶ᠎ᠡ ᠪᠠ ᠲᠡᠭᠰᠢ ᠳᠥᠷᠪᠡᠯᠵᠢᠨ ᠪᠡᠶ᠎ᠡ︾᠂ ᠵᠢᠷᠭᠤᠳᠤᠭᠠᠷ ᠨᠢᠭᠡᠴᠢ ᠶᠢᠨ ︽ᠪᠣᠲᠠᠷᠬᠠᠢ ᠲᠤᠭ᠎ᠠ ᠶᠢᠨ | ᠨᠡᠮᠡᠵᠦ ᠬᠠᠰᠤᠬᠤ ᠠᠷᠭ᠎ᠠ︾᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠡᠪᠯᠡᠯ ᠤᠨ ᠲᠠᠪᠤᠳᠤᠭᠠᠷ | ᠣᠨ ᠤ ᠳᠣᠣᠷᠠᠳᠤ ᠳᠡᠪᠲᠡᠷ ᠤᠨ ᠲᠠᠪᠤᠳᠤᠭᠠᠷ ᠨᠢᠭᠡᠴᠢ ᠶᠢᠨ ︽ᠪᠤᠲᠠᠷᠬᠠᠢ ᠲᠣᠭᠠᠨ ᠤ ᠬᠤᠪᠢᠶᠠᠬᠤ ᠦᠢᠯᠡᠳᠦᠯ︾᠂ | ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠡᠪᠯᠡᠯ ᠤᠨ ᠭᠤᠷᠪᠠᠳᠤᠭᠠᠷ ᠣᠨ ᠤ ᠳᠣᠣᠷᠠᠳᠤ ᠳᠡᠪᠲᠡᠷ ᠤᠨ | ᠨᠢᠭᠡᠳᠦᠭᠡᠷ ᠨᠢᠭᠡᠴᠢ ᠶᠢᠨ ︽ᠬᠤᠪᠢᠶᠠᠬᠤ ᠠᠷᠭ᠎ᠠ︾ ᠶᠢ ᠨᠢᠭᠡᠴᠢ ᠶᠢᠨ ᠪᠦᠬᠦᠯᠢ ᠴᠣᠭᠴᠠ ᠶᠢᠨ ᠵᠢᠭᠠᠨ | ᠰᠤᠷᠭᠠᠯᠲᠠ ᠶᠢᠨ ᠵᠢᠷᠤᠭ ᠲᠥᠯᠥᠪᠯᠡᠭᠡ ᠶᠢ ᠬᠤᠪᠢᠶᠠᠯᠴᠠᠪᠠ᠂ ᠳᠥᠷᠪᠡᠨ ᠪᠠᠭᠰᠢ ᠭᠤᠤᠯᠯᠠᠬᠤ ᠬᠡᠪ ᠪᠣᠯᠪᠠᠰᠤᠷᠠᠯ ᠢ | ᠨᠠᠶᠢᠳᠠᠪᠤᠷᠢᠵᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠬᠢᠵᠦ᠂ ᠲᠣᠮᠤ ᠨᠢᠭᠡᠴᠢ᠂ ᠢᠵᠢ ᠵᠢᠭᠠᠬᠤ ᠮᠠᠲ᠋ᠧᠷᠢᠶᠠᠯ ᠤᠨ | ᠳᠡᠭᠡᠳᠦ ᠬᠡᠮᠵᠢᠶ᠎ᠡ ᠪᠠᠷ ᠬᠢᠴᠢᠶᠡᠯ ᠪᠦᠷᠢ ᠶᠢ ᠬᠢᠨᠠᠨ ᠦᠵᠡᠵᠦ᠂ ᠨᠢᠭᠡᠴᠢ ᠨᠢᠭᠡᠪᠦᠷᠢ ᠶᠢᠨ ᠭᠤᠤᠯᠯᠠᠬᠤ ᠬᠡᠪ | ᠪᠣᠯᠪᠠᠰᠤᠷᠠᠯ ᠢ ᠬᠢᠴᠢᠶᠡᠯ ᠨᠢᠭᠡᠪᠦᠷᠢ ᠶᠢᠨ ᠬᠦᠲᠦᠯᠪᠦᠷᠢ ᠬᠦᠷᠲᠡᠯ᠎ᠡ ᠨᠠᠶᠢᠳᠠᠪᠤᠷᠢᠵᠢᠭᠤᠯᠵᠤ᠂ ᠬᠦᠲᠦᠯᠪᠦᠷᠢ ᠪᠦᠷᠢ | ᠵᠣᠬᠢᠴᠠᠩᠭᠤᠢ ᠦᠨᠡᠯᠡᠯᠲᠡ ᠶᠢᠨ ᠲᠦᠰᠦᠪᠯᠡᠭᠡ ᠲᠠᠢ᠂ ᠬᠢᠴᠢᠶᠡᠯ ᠨᠢᠭᠡᠪᠦᠷᠢ ᠶᠢᠨ ᠳᠠᠰᠬᠠᠯ ᠤᠨ ᠲᠦᠯᠦᠪᠯᠡᠭᠡ ᠨᠢ | ᠨᠢᠭᠡᠴᠢ ᠶᠢᠨ ᠦᠨᠡᠯᠡᠯᠲᠡ ᠶᠢᠨ ᠭᠤᠣᠯᠳᠠᠯᠭ᠎ᠠ ᠲᠠᠢ ᠴᠢᠩᠭ᠎ᠠ ᠵᠣᠬᠢᠴᠠᠵᠤ᠂ ᠵᠠᠰᠠᠨ ᠨᠠᠶᠢᠷᠠᠭᠤᠯᠬᠤ ᠪᠠ ᠵᠣᠬᠢᠶᠠᠨ | ᠨᠠᠶᠢᠷᠠᠭᠤᠯᠬᠤ ᠨᠢ ᠴᠥᠮ ᠣᠯᠠᠨ ᠮᠡᠳᠡᠯᠭᠡ ᠶᠢᠨ ᠴᠡᠭ ᠢ ᠠᠭᠤᠰᠤᠯᠴᠠᠭᠤᠯᠵᠤ᠂ ᠡᠭᠦᠨ ᠤ ᠤᠯᠠᠮ ᠠᠴᠠ ᠭᠤᠤᠯᠯᠠᠬᠤ | ᠬᠡᠪ ᠪᠣᠯᠪᠠᠰᠤᠷᠠᠯ ᠢ ᠨᠠᠩ ᠰᠠᠶᠢᠲᠤᠷ ᠨᠠᠶᠢᠳᠠᠪᠤᠷᠢᠵᠢᠭᠤᠯᠪᠠ᠃ | ᠰᠣᠯᠢᠯᠴᠠᠨ ᠰᠤᠳᠤᠯᠤᠨ ᠶᠠᠷᠢᠯᠴᠠᠬᠤ ᠬᠠᠭᠤᠳᠠᠰᠤ | | | ᠳᠠᠷᠠᠭ᠎ᠠ ᠨᠢ᠂ ᠭᠤᠷᠪᠠᠨ ᠪᠠᠭ᠎ᠠ ᠰᠤᠷᠭᠠᠭᠤᠯᠢ ᠶᠢᠨ ᠪᠠᠭᠰᠢ ᠨᠠᠷ ᠰᠣᠯᠢᠯᠴᠠᠭ᠎ᠠ ᠶᠠᠷᠢᠯᠴᠠᠭ᠎ᠠ ᠳᠤ ᠢᠳᠡᠪᠬᠢᠲᠡᠶ | ᠣᠷᠣᠯᠴᠠᠵᠤ᠂ ᠲᠡᠳᠡ ᠭᠤᠤᠯᠯᠠᠬᠤ ᠬᠡᠪ ᠪᠣᠯᠪᠠᠰᠤᠷᠠᠯ ᠤᠨ ᠬᠢᠴᠢᠶᠡᠯ ᠤᠨ ᠲᠠᠩᠬᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠶᠠᠷᠢᠶ᠎ᠠ ᠲᠠᠯᠪᠢᠭᠰᠠᠨ ᠪᠥᠭᠡᠳ ᠥᠪᠡᠷ ᠤᠨ ᠵᠢᠭᠠᠨ | ᠰᠤᠷᠭᠠᠯᠲᠠ ᠳᠠᠬᠢ ᠵᠠᠷᠢᠮ ᠲᠥᠭᠡᠷᠢᠭᠳᠡᠯ ᠢᠶᠠᠨ ᠳᠤᠷᠠᠳᠴᠤ᠂ ᠰᠣᠯᠢᠯᠴᠠᠭᠠᠨ ᠤ ᠳᠤᠮᠳᠠ ᠰᠡᠳᠬᠢᠬᠦᠶ ᠶᠢᠨ | ᠮᠦᠷᠭᠦᠯᠳᠦᠭᠡᠨ ᠲᠠᠰᠤᠷᠠᠯᠲᠠ ᠦᠭᠡᠢ ᠡᠭᠦᠰᠴᠦ᠂ ᠭᠦᠨᠵᠡᠭᠡᠢ ᠵᠢᠭᠠᠨ ᠰᠤᠳᠤᠯᠬᠤ ᠠᠭᠤᠷ ᠠᠮᠢᠰᠬᠤᠯ ᠢ ᠪᠣᠶ ᠪᠣᠯᠭᠠᠪᠠ | ᠃ | | ᠬᠠᠮᠤᠭ ᠰᠡᠭᠦᠯ ᠳᠤ᠂ ᠰᠢᠭᠤᠶᠢᠲᠤ ᠲᠣᠭᠤᠷᠢᠭ ᠤᠨ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ | ᠵᠢᠭᠠᠨ ᠰᠤᠳᠤᠯᠤᠭᠴᠢ ᠱᠧ ᠮᠧᠶ ᠯᠢᠶᠠᠨ ᠪᠠᠭᠰᠢ ᠪᠣᠯᠤᠨ ᠨᠠᠰᠤᠲᠠᠨ ᠲᠤᠰᠬᠠᠶ ᠮᠡᠷᠭᠡᠵᠢᠯᠲᠡᠨ ᠵᠣᠣ ᠫᠢᠩ ᠪᠠᠭᠰᠢ | ᠲᠣᠰ ᠤᠳᠠᠭᠠᠨ ᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ | ᠳᠥᠷᠪᠡᠨ ᠪᠠᠭᠰᠢ ᠶᠢᠨ ᠨᠢᠭᠡᠴᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠢ ᠭᠦᠢᠴᠡᠳ | ᠨᠤᠲᠠᠯᠠᠭᠰᠠᠨ ᠤ ᠬᠠᠮᠲᠤ ᠪᠠᠰᠠ ᠰᠢᠭᠤᠶᠢᠲᠤ ᠲᠣᠭᠤᠷᠢᠭ ᠤᠨ ᠲᠣᠭᠠᠨ ᠤ ᠤᠬᠠᠭᠠᠨ ᠤ ᠪᠠᠭᠰᠢ ᠨᠠᠷ ᠲᠣᠰ ᠪᠡᠶ᠎ᠡ ᠶᠢᠨ | ᠰᠤᠷᠤᠯᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠪᠦᠯᠬᠦᠮᠳᠡᠨ ᠬᠠᠮᠵᠢᠯᠴᠠᠬᠤ᠂ ᠡᠷᠡᠰ ᠰᠢᠭᠤᠷᠬᠠᠶ ᠪᠠᠷ | ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠨ᠎ᠡ ᠵᠢᠭᠠᠨ ᠰᠤᠷᠭᠠᠯᠲᠠ ᠶᠢᠨ | ᠠᠷᠭ᠎ᠠ ᠪᠣᠳᠣᠯᠭ᠎ᠠ ᠶᠢ ᠲᠠᠰᠤᠷᠠᠯᠲᠠ ᠥᠬᠡᠶ ᠰᠦᠪᠡᠭᠴᠢᠯᠡᠵᠦ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ | ᠰᠤᠷᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠤᠷᠤᠭᠴᠢᠳ ᠲᠤ ᠨᠠᠩ ᠰᠢᠯᠢᠳᠡᠭ ᠰᠤᠷᠭᠠᠨ ᠬᠥᠮᠦᠵᠢᠯ ᠤᠨ ᠦᠢᠯᠡᠴᠢᠯᠡᠭᠡ | ᠬᠠᠩᠭᠠᠬᠤ ᠶᠢ ᠬᠦᠰᠡᠪᠡ᠃ | |