ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠨᠢ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/26
        ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠠ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠡᠶᠢᠭᠡᠮ ᠤᠨ ᠣᠶᠢᠯᠠᠭᠠᠯᠲᠠ ᠶᠢ ᠥᠷᠭᠡᠳᠬᠡᠵᠦ᠂ ᠪᠥᠬᠦ ᠲᠣᠭᠤᠷᠢᠭ ᠤᠨ ᠬᠤᠪᠢ ᠶᠢᠨ ᠠᠵᠤ ᠠᠬᠤᠶ ᠪᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠴᠠ ︽ᠭᠤᠷᠪᠠ ᠠᠴᠠ ᠬᠤᠶᠠᠷ ᠢ ᠡᠷᠢᠬᠦ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠪᠦᠬᠦ ᠲᠣᠭᠤᠷᠢᠭ ᠤᠨ 2 ᠵᠢᠯ ᠤᠨ ᠳᠣᠲᠤᠷ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠦᠰ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠶᠢᠨ ᠬᠦᠴᠦᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ ᠲᠠᠪᠤᠨ ᠲᠥᠷᠥᠯ ᠤᠨ ᠬᠥᠮᠦᠰ ᠲᠤ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠬᠤ ᠬᠦᠰᠡᠯ ᠢᠶᠠᠨ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠨᠢᠭᠡ ᠯᠡ ᠤᠳᠠᠭᠠᠨ ᠤ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠪᠣᠳᠠᠲᠤ ᠴᠣᠭᠴᠠ ᠶᠢᠨ ᠠᠵᠤ ᠠᠬᠤᠢ ᠪᠠ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠳᠤ ᠰᠢᠭᠤᠳ ᠬᠦᠷᠬᠦ ᠶᠢ ᠠᠬᠢᠭᠤᠯᠪᠠ᠃        ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠭᠦᠢᠴᠡᠳᠭᠡᠬᠦ ᠶᠠᠪᠤᠴᠠ ᠳᠤ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠵᠤ ᠪᠠᠶᠢᠭ᠎ᠠ ᠪᠤᠶᠤ ᠬᠤᠪᠢ ᠶᠢᠨ ᠡᠵᠡᠩᠨᠡᠯᠲᠡ ᠶᠢ ᠡᠷᠭᠢᠯᠡᠵᠦ᠂ ᠲᠡᠷᠡᠴᠢᠯᠡᠨ ᠪᠠᠶᠢᠭᠤᠯᠤᠨ ᠡᠷᠭᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠬᠢᠭᠰᠡᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠠᠵᠢᠯᠯᠠᠵᠤ ᠪᠠᠶᠢᠭ᠎ᠠ 2 ᠵᠢᠯ ᠤᠨ ᠳᠣᠲᠤᠷ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠴᠡᠷᠢᠭ ᠠᠴᠠ ᠠᠯᠪᠠᠨ ᠠᠴᠠ ᠬᠠᠯᠠᠭᠳᠠᠭᠰᠠᠳ ᠲᠤ 10000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃        ︽ᠭᠤᠷᠪᠠ ᠠᠴᠠ ᠬᠤᠶᠠᠷ ᠢ ᠡᠷᠢᠬᠦ︾ ᠠᠵᠢᠯ ᠢ ᠰᠡᠳᠭᠢᠯ ᠲᠠᠯᠪᠢᠨ ᠪᠣᠳᠠᠲᠠᠢ ᠬᠢᠵᠦ ᠨᠠᠷᠢᠯᠢᠭ ᠬᠢᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ︽ᠬᠠᠪᠤᠷ ᠤᠨ ᠰᠠᠯᠬᠢᠨ ᠤ ᠠᠵᠢᠯᠯᠠᠭ᠎ᠠ︾ ︽ᠲᠠᠷᠢᠶᠠᠴᠢᠨ ᠮᠠᠯᠴᠢᠨ ᠬᠦᠴᠦ ᠶᠠᠪᠤᠭᠰᠠᠳ ᠢ ᠳᠤᠯᠠᠭᠠᠴᠠᠭᠤᠯᠬᠤ ︾ ᠲᠤᠬᠠᠢ ᠶᠢᠨ ᠲᠠᠯᠠᠪᠠᠢ ᠶᠢᠨ ᠠᠵᠢᠯᠴᠢᠨ ᠡᠯᠰᠡᠬᠦ ᠬᠤᠷᠠᠯ ᠢ ᠵᠣᠬᠢᠶᠠᠨ ᠪᠠᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠦᠢᠯᠡᠴᠢᠯᠡᠭᠡᠨ ᠤ ᠲᠠᠪᠴᠠᠩ ᠭᠠᠷᠭᠠᠵᠤ᠂ ᠠᠵᠢᠯᠲᠠᠳ ᠬᠠᠯᠠᠭᠤᠮᠰᠤᠭ ᠢᠶᠠᠷ ᠠᠵᠢᠯ ᠡᠷᠢᠭᠰᠡᠳ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠲᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠤᠨ᠎ᠠ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ 50 ᠭᠠᠷᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠵᠤ᠂ ᠠᠵᠢᠯᠲᠠᠳ ᠲᠡᠳᠡᠨ ᠳᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠠᠶᠢᠯᠪᠤᠷᠢᠯᠠᠨ ᠥᠭᠴᠦ᠂ ᠲᠡᠳᠡᠨ ᠤ ᠠᠳᠠᠯ ᠦᠢᠯᠡᠰ ᠴᠣᠭᠴᠠᠯᠠᠵᠤ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠪᠠ᠃        ᠨᠢᠭᠡ ᠯᠠ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠭᠤᠤᠯᠳᠠᠯᠭ᠎ᠠ ᠪᠣᠯᠬᠤ ᠬᠥᠮᠦᠰ ᠤᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠵᠠᠯᠭᠠᠭᠠᠳ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠦᠷᠭᠦᠯᠵᠢᠯᠡᠨ ︽ᠭᠤᠷᠪᠠ ᠠᠴᠠ ᠬᠤᠶᠠᠷ ᠢ ᠡᠷᠢᠬᠦ︾ ᠪᠠᠷ ᠵᠢᠯᠣᠭᠤᠳᠣᠯᠭ᠎ᠠ ᠪᠣᠯᠭᠠᠵᠤ᠂ ︽ᠰᠢᠢᠳᠪᠦᠷᠢᠯᠡᠭᠳᠡᠬᠦᠢ ᠰᠡᠳᠬᠢᠬᠦᠶ︾ ᠶᠢ ᠲᠠᠰᠤᠷᠠᠯᠲᠠ ᠥᠬᠡᠶ ᠴᠢᠩᠭᠠᠳᠬᠠᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠵᠠᠰᠠᠭ ᠤᠨ ᠣᠷᠳᠣᠨ ᠤ ᠰᠦᠯᠵᠢᠶ᠎ᠡ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ᠂ ᠠᠵᠢᠯᠲᠠᠨ ᠡᠯᠰᠡᠬᠦ ᠬᠤᠷᠠᠯ ᠵᠡᠷᠭᠡ ᠲᠠᠪᠴᠠᠩ ᠢ ᠭᠦᠢᠴᠡᠳ ᠠᠰᠢᠭᠯᠠᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ ᠶᠢ ᠭᠦᠨᠵᠡᠭᠡᠶ ᠥᠷᠨᠢᠭᠦᠯᠵᠦ᠂ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠥᠨᠳᠥᠷ ᠳᠠᠪᠲᠠᠮᠵᠢ᠂ ᠣᠯᠠᠨ ᠠᠷᠭ᠎ᠠ ᠵᠠᠮ᠂ ᠪᠥᠬᠦ ᠲᠠᠯ᠎ᠠ ᠪᠠᠷ ᠤᠬᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠵᠢᠯᠣᠭᠤᠳᠣᠯᠭ᠎ᠠ ᠶᠢ ᠴᠢᠩᠭᠠᠳᠬᠠᠬᠤ᠂ ᠭᠤᠶᠤᠴᠢᠯᠠᠨ ᠭᠦᠢᠴᠡᠳᠭᠡᠬᠦ ᠶᠠᠪᠤᠴᠠ ᠶᠢ ᠳᠥᠭᠦᠮᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠤᠯᠳᠠᠯᠭ᠎ᠠ ᠪᠣᠯᠬᠤ ᠬᠥᠮᠦᠰ ᠤᠨ ᠴᠢᠨᠠᠷ ᠰᠠᠶᠢᠲᠠᠶ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠳᠡᠮᠵᠢᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号