ᠡᠮᠴᠢᠯᠡᠭᠡᠨ ᠤ ᠦᠨᠳᠦᠷᠯᠢᠭ ᠤᠨ ︽2.0 ᠬᠡᠪᠯᠡᠯ︾ ᠳᠤ ᠵᠣᠷᠢᠬᠤ ᠰᠢᠨ᠎ᠡ ᠠᠶᠠᠯᠠᠯ
ᠨᠡᠶᠢᠲᠡᠯᠡᠭᠰᠡᠨ ᠴᠠᠭ᠄
2025/3/26
        3 ᠳ᠋ᠤᠭᠠᠷ ᠰᠠᠷ᠎ᠠ ᠶᠢᠨ 8 ᠤ ᠡᠳᠦᠷ᠂ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ — ᠥᠪᠥᠷ ᠮᠣᠩᠭᠤᠯ ᠤᠨ ᠬᠤᠪᠢᠶᠠᠷᠢ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠲᠤᠰᠬᠠᠶ ᠮᠡᠷᠭᠡᠵᠢᠯ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠵᠢᠴᠢ ᠪᠤᠭᠤᠲᠤ ᠬᠤᠲᠠ ᠶᠢᠨ ᠲᠠᠷᠢᠬᠢᠨ ᠤ ᠰᠠᠯᠠᠭᠠᠨ  ᠤ ᠲᠥᠪ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠵᠡᠭᠦᠨ ᠬᠦᠷᠢᠶᠡᠯᠡᠩ ᠲᠣᠭᠤᠷᠢᠭ ᠲᠤ ᠫᠠᠶᠢᠰᠠ ᠡᠯᠭᠦᠪᠡ᠃        ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠣᠯ ᠮᠠᠨ ᠤ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠬᠦᠷᠢᠶᠡᠨ ᠳᠠᠬᠢ ᠣᠷᠦ᠋ᠢᠯᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠪᠠ ᠡᠮᠴᠢᠯᠡᠭᠡᠨ ᠤ ᠪᠠᠶᠢᠭᠤᠯᠤᠮᠵᠢ ᠪᠣᠯᠤᠨ᠎ᠠ᠂ ︽ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ︾ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠳᠤ ᠰᠠᠭᠤᠷᠢᠰᠢᠭᠰᠠᠨ ᠨᠢ ᠮᠠᠨ ᠤ ᠬᠤᠲᠠ ᠶᠢᠨ ᠮᠡᠳᠡᠷᠡᠯ ᠤᠨ ᠠᠨᠠᠭᠠᠬᠤ ᠤᠬᠠᠭᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠪᠢᠳᠡ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠲᠠᠢ ᠣᠯᠠᠨ ᠵᠢᠯ ᠤᠨ ᠲᠤᠷᠰᠢ ᠨᠢᠭᠲᠠ ᠬᠠᠮᠲᠤᠷᠠᠯᠴᠠᠭᠰᠠᠭᠠᠷ᠂ ᠲᠥᠪ ᠡᠮᠨᠡᠯᠭᠡ ᠶᠢᠨ ᠬᠤᠷᠢᠶᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠶᠠᠰᠤ ᠴᠢᠨᠠᠷ ᠪᠠ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠵᠥᠪᠰᠢᠶᠡᠷᠡᠯ ᠢ ᠣᠯᠪᠠ᠂ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠡᠨ ᠬᠦ ᠰᠢᠨ᠎ᠡ ᠶᠢ ᠡᠭᠦᠳᠴᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠨ᠎ᠡ︾ ᠭᠡᠵᠦ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠠᠯᠪᠠᠨ ᠭᠡᠷ ᠤᠨ ᠡᠷᠬᠢᠯᠡᠭᠴᠢ ᠮᠧᠨ ᠰᠢᠶᠠ ᠬᠡᠯᠡᠪᠡ᠃        ︽2024 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠠᠴᠠ ᠪᠣᠳᠣᠯᠬᠢᠯᠠᠨ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢ ᠤᠤᠯ ᠤᠨ ᠬᠤᠲᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ ᠲᠠᠢ ᠡᠮᠬᠢᠯᠡᠨ ᠨᠡᠶᠢᠯᠡᠭᠦᠯᠵᠦ ᠂ ︿ᠨᠢᠭᠡ ᠬᠤᠷᠢᠶ᠎ᠠ ᠬᠤᠶᠠᠷ ᠲᠣᠭᠤᠷᠢᠭ﹀ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠵᠡᠭᠦᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠪ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ  ᠪᠠᠷ ᠲᠣᠭᠲᠠᠭᠠᠪᠠ ᠃ ᠣᠯᠠᠨ ᠡᠮᠴᠢᠯᠡᠭᠡᠨ ᠤ ᠲᠥᠪ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠳᠤ ᠰᠠᠭᠤᠷᠢᠰᠢᠭᠰᠠᠨ ᠨᠢ᠂ ᠮᠠᠨ ᠤ ᠬᠤᠲᠠ ᠶᠢᠨ ᠡᠮᠴᠢᠯᠡᠭᠡᠨ ᠤ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠨᠢᠭᠡ ᠵᠦᠢᠯ ᠤᠨ ᠭᠤᠤᠯᠳᠠᠯᠭ᠎ᠠ ᠪᠣᠯᠬᠤ ᠢᠨᠵᠧᠨᠧᠷᠢᠩ ᠮᠥᠨ᠂ ᠨᠠᠩ ᠴᠤ ᠥᠷᠭᠡᠨ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ︾ ᠭᠡᠪᠡ ᠃ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠱᠦᠵᠢ ᠶᠠᠩ ᡁᠢ ᠭᠠᠩ ᠲᠠᠨᠢᠯᠴᠠᠭᠤᠯᠤᠭᠰᠠᠨ ᠢᠶᠠᠷ᠂ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠪᠠᠶᠢᠭᠤᠯᠤᠭᠳᠠᠭᠰᠠᠨ ᠨᠢ ᠮᠠᠨ ᠤ ᠬᠤᠲᠠ ᠴᠢᠨᠠᠭᠰᠢᠯᠠᠪᠠᠯ ᠪᠦᠬᠦ᠋ᠢᠯᠡ ᠥᠪᠥᠷ ᠮᠣᠩᠭᠤᠯ ᠤᠨ ᠭᠠᠵᠠᠷ ᠣᠷᠣᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠷᠠᠳ ᠣᠯᠠᠨ ᠳᠤ ᠤᠯᠤᠰ ᠤᠨ ᠳᠣᠲᠣᠭᠠᠳᠤ ᠶᠢᠨ ᠲᠡᠷᠢᠭᠦᠨ ᠤ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠲᠤᠰᠬᠠᠶ ᠮᠡᠷᠭᠡᠵᠢᠯ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠠᠷ ᠦᠨᠡᠯᠡᠭᠳᠡᠭᠰᠡᠨ ᠪᠣᠯᠤᠨ ᠪᠤᠭᠤᠲᠤ ᠬᠤᠲᠠ ᠶᠢᠨ ᠲᠠᠷᠢᠬᠢᠨ ᠤ ᠰᠠᠯᠠᠭᠠᠨ ᠤ ᠲᠥᠪ ᠪᠠᠶᠢᠭᠤᠯᠤᠭᠳᠠᠭᠰᠠᠨ ᠨᠢ ᠡᠮᠨᠡᠯᠭᠡ ᠶᠢᠨ ᠬᠤᠷᠢᠶ᠎ᠠ ᠪᠥᠬᠦ ᠲᠣᠭᠤᠷᠢᠭ ᠤᠨ ᠳᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠨᠴᠠᠯᠢᠭᠳᠤ ᠲᠤᠰᠬᠠᠶ ᠰᠠᠯᠠᠭ᠎ᠠ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃        ︽ᠭᠡᠷ ᠤᠨ ᠨᠠᠰᠤᠲᠠᠨ ᠤ ᠳᠠᠷᠢᠬᠢᠨ ᠲᠦᠭᠵᠢᠷᠡᠯ ᠣᠯᠠᠨ ᠵᠢᠯ ᠪᠣᠯᠵᠠᠢ᠂ ᠥᠩᠭᠡᠷᠡᠭᠰᠡᠨ ᠳᠤ ᠡᠪᠡᠳᠴᠢᠨ ᠦᠵᠡᠭᠦᠯᠬᠦ ᠶᠢᠨ ᠲᠥᠯᠥᠭᠡ᠂ ᠪᠠᠭ᠎ᠠ ᠦᠭᠡᠢ ᠭᠠᠳᠠᠭᠰᠢ ᠬᠦᠶᠦᠪᠡ᠂ ᠵᠠᠮ ᠤᠨ ᠰᠦᠢᠳᠬᠡᠯ᠂ ᠬᠤᠨᠤᠭ ᠤᠨ ᠵᠠᠷᠤᠳᠠᠯ ᠪᠠᠭ᠎ᠠ ᠪᠤᠰᠤ ᠵᠠᠷᠤᠴᠠᠭᠤᠯᠪᠠ᠂ ᠪᠠᠰᠠ ᠲᠤᠰᠬᠠᠢ ᠮᠡᠷᠭᠡᠵᠢᠯᠲᠡᠨ ᠤ ᠨᠣᠮᠧᠷ ᠣᠯᠬᠤ ᠭᠡᠵᠦ ᠮᠦᠷᠦᠯᠡᠨ᠎ᠡ᠂ ᠮᠠᠰᠢ ᠶᠠᠷᠰᠢᠭ ᠲᠠᠢ ᠪᠠᠶᠢᠪᠠ᠃ ᠣᠳᠣ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠲᠠᠷᠢᠬᠢᠨ ᠤ ᠮᠡᠳᠡᠷᠡᠯ ᠤᠨ ᠰᠠᠯᠠᠭᠠᠨ ᠤ ᠪᠦᠲᠦᠭᠡᠨ ᠪᠠᠶᠢᠭᠤᠯᠤᠯᠲᠠ ᠤᠯᠠᠮ ᠠᠴᠠ ᠤᠯᠠᠮ ᠰᠠᠶᠢᠵᠢᠷᠠᠵᠤ᠂ ᠬᠡᠪᠴᠢᠶ᠎ᠡ ᠤᠯᠠᠮ ᠠᠴᠠ ᠤᠯᠠᠮ ᠶᠡᠭᠡ ᠪᠣᠯᠪᠠ᠂ ᠠᠰᠢᠭ ᠬᠦᠷᠲᠡᠬᠦ ᠨᠢ ᠮᠠᠨ ᠤ ᠠᠷᠠᠳ ᠲᠦᠮᠡᠨ ᠪᠣᠯᠤᠨ᠎ᠠ︾ ᠭᠡᠵᠦ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠡᠪᠡᠳᠴᠢᠲᠡᠨ ᠤ ᠬᠡᠷ ᠪᠦᠯᠢ ᠸᠠᠩ ᠠᠪᠠᠭ᠋ᠠᠶ ᠶᠢᠨ ᠪᠣᠷᠣᠭᠵᠢᠭᠤᠨ ᠦᠭᠡ ᠶᠠᠷᠢᠶ᠎ᠠ ᠨᠢ ᠥᠷᠭᠡᠨ ᠣᠯᠠᠨ ᠬᠤᠲᠠ ᠶᠢᠨ ᠠᠷᠠᠳ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠲᠤᠬᠠᠶ ᠬᠦᠰᠡᠯ ᠪᠠ ᠮᠠᠨ ᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢᠨ ᠬᠦᠰᠡᠯ ᠡᠷᠡᠮᠡᠯᠵᠡᠯ ᠢ ᠢᠯᠡᠷᠡᠭᠦᠯᠪᠡ᠃        ᠡᠭᠦᠨ ᠤ ᠬᠠᠮᠲᠤ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠲᠠᠷᠢᠬᠢᠨ ᠰᠠ ᠡᠪᠡᠳᠴᠢᠲᠡᠨ ᠢ ᠲᠦᠭᠡᠨ ᠰᠢᠯᠵᠢᠭᠦᠯᠬᠦ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠮᠠᠨ ᠤ ᠬᠤᠲᠠ ᠶᠢᠨ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠬᠢᠭᠡᠳ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶ᠎ᠠ᠂ ᠵᠡᠭᠦᠨᠭᠠᠷ ᠬᠤᠰᠢᠭᠤᠨ ᠤ ᠲᠥᠪ ᠡᠮᠨᠡᠯᠭᠡ ᠶᠢᠨ ᠬᠤᠷᠢᠶ᠎ᠠ᠂ ᠹᠧᠩᠵᠧᠨ ᠬᠤᠲᠠ ᠶᠢᠨ ᠡᠮᠨᠡᠯᠭᠡ ᠶᠢᠨ ᠬᠤᠷᠢᠶ᠎ᠠ ᠵᠡᠷᠭᠡ 10 ᠡᠮᠨᠡᠯᠭᠡ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠲᠤᠰᠬᠠᠶ ᠮᠡᠷᠭᠡᠵᠢᠯ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠤᠯᠪᠣᠭᠠᠲᠤ ᠡᠮᠨᠡᠯᠭᠡ ᠶᠢᠨ ᠬᠤᠷᠢᠶ᠎ᠠ ︵ᠠᠩᠬᠠᠨ ᠤ ᠪᠦᠯᠦᠭ︶︾  ᠪᠣᠯᠤᠨ ᠪᠠᠷᠢᠯᠳᠤᠵᠤ ᠫᠠᠶᠢᠰᠠ ᠣᠯᠭᠤᠵᠤ᠂ ᠣᠷᠣᠨ ᠪᠦᠰᠡ ᠶᠢᠨ ᠳᠣᠲᠣᠷᠠᠬᠢ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠴᠢᠳᠠᠪᠤᠷᠢ ᠶᠢ ᠬᠠᠮᠲᠤ ᠪᠠᠷ ᠳᠡᠭᠡᠭᠰᠢᠯᠡᠭᠦᠯᠪᠡ᠃        ︽ᠪᠤᠭᠤᠲᠤ ᠬᠤᠲᠠ ᠶᠢᠨ ᠲᠠᠷᠢᠬᠢᠨ ᠤ ᠰᠠᠯᠠᠭᠠᠨ ᠤ ᠲᠥᠪ ᠢ ᠪᠥᠲᠥᠭᠡᠨ ᠪᠠᠶᠢᠭᠤᠯᠤᠭᠰᠠᠨ ᠨᠢ ᠮᠠᠨ ᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠨᠢᠭᠡᠨ ᠲᠣᠮᠣ ᠶᠠᠪᠤᠳᠠᠯ ᠮᠥᠨ᠂ ᠨᠠᠩ ᠴᠤ ᠪᠥᠬᠦ ᠬᠤᠲᠠ ᠴᠢᠨᠠᠭᠰᠢᠯᠠᠪᠠᠯ ᠪᠦᠬᠦ᠋ᠢᠯᠡ ᠥᠪᠥᠷ ᠮᠣᠩᠭᠤᠯ ᠤᠨ ᠭᠠᠵᠠᠷ ᠣᠷᠣᠨ ᠤ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠳᠤ ᠠᠰᠢᠭ ᠬᠦᠷᠲᠡᠭᠡᠬᠦ ᠪᠠᠶᠠᠷ ᠤᠨ ᠶᠠᠪᠤᠳᠠᠯ ᠮᠥᠨ᠃ ᠲᠠᠷᠢᠬᠢᠨ ᠤ ᠰᠠᠯᠠᠭᠠᠨ ᠤ ᠲᠥᠪ ᠪᠠᠶᠢᠭᠤᠯᠤᠭᠳᠠᠭᠰᠠᠨ ᠨᠢ ᠮᠠᠨ ᠤ ᠬᠤᠲᠠ ᠴᠢᠨᠠᠭᠰᠢᠯᠠᠪᠠᠯ ᠪᠦᠬᠦ᠋ᠢᠯᠡ ᠥᠪᠥᠷ ᠮᠣᠩᠭᠤᠯ ᠤᠨ ᠭᠠᠵᠠᠷ ᠣᠷᠣᠨ ᠤ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠬᠢᠷᠢ ᠲᠦᠪᠰᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠣᠯᠤᠨ᠎ᠠ᠃ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠲᠣᠰ ᠤᠳᠠᠭᠠᠨ ᠤ ᠠᠵᠠ ᠲᠣᠬᠢᠶᠠᠯ ᠢ ᠡᠵᠡᠮᠳᠡᠵᠦ᠂ ᠤᠯᠤᠰ ᠤᠨ ᠲᠠᠰ ᠤᠨ ᠲᠠᠪᠴᠠᠩ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︾ ᠭᠡᠵᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠦ᠋ ᠶᠠᠨ ᠬᠡᠯᠡᠪᠡ᠃        ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ ᠵᠡᠷᠭᠡ ᠡᠮᠴᠢᠯᠡᠭᠡᠨ ᠤ ᠲᠥᠪ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠳᠤ ᠰᠠᠭᠤᠷᠢᠰᠢᠭᠰᠠᠨ ᠨᠢ ᠮᠠᠨ ᠤ ᠬᠤᠲᠠ ᠶᠢᠨ ᠡᠮᠴᠢᠯᠡᠭᠡᠨ ᠤ ᠥᠨᠳᠦᠷᠯᠢᠭ ᠤᠨ ︽2.0 ᠬᠡᠪᠯᠡᠯ︾ ᠢ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠵᠦᠢᠯ  ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠪᠤᠭᠤᠲᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠪᠥᠬᠦ ᠤᠯᠤᠰ ᠲᠤ ᠠᠯᠳᠠᠷᠲᠠᠶ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠲᠠᠰ ᠤᠨ᠂ ᠤᠮᠠᠷᠠᠲᠤ ᠣᠷᠣᠨ ᠪᠠᠷᠠᠭᠤᠨ ᠬᠤᠶᠢᠲᠤ ᠣᠷᠣᠨ ᠢ ᠨᠥᠯᠥᠭᠡᠯᠡᠨ ᠳᠠᠶᠢᠴᠢᠯᠠᠬᠤ ᠡᠮᠴᠢᠯᠡᠭᠡᠨ ᠤ ᠥᠨᠳᠦᠷᠯᠢᠭ ᠭᠠᠵᠠᠷ ᠢ ᠪᠠᠶᠢᠭᠤᠯᠬᠤ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠪᠣᠯᠤᠨ᠎ᠠ᠃        ﹇ ᠰᠤᠷᠪᠤᠯᠵᠢᠯᠠᠭᠴᠢ ᠶᠢᠨ ᠲᠣᠪᠴᠢ ᠰᠢᠭᠦᠮᠵᠢ﹈        ᠡᠮᠴᠢᠯᠡᠭᠡ ᠶᠢᠨ ᠦᠢᠯᠡᠴᠢᠯᠡᠭᠡ ︽ᠰᠢᠨᠡᠳᠴᠦ︾        ᠵᠣᠯ ᠵᠢᠷᠭᠠᠯᠲᠤ ᠠᠮᠢᠳᠤᠷᠠᠯ ︽ᠳᠡᠰ ᠳᠡᠪᠰᠢᠪᠡ︾        ᠣᠶᠢᠷ᠎ᠠ ᠳᠤ᠂ ᠪᠤᠭᠤᠲᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠵᠢᠯᠯᠠᠭ᠎ᠠ ᠣᠯᠠᠨ ᠪᠤᠢ ᠂ ᠡᠮ ᠡᠮᠨᠡᠯᠭᠡ ᠶᠢᠨ ᠥᠨᠳᠦᠷᠯᠢᠭ ᠭᠠᠵᠠᠷ ︽2.0 ᠬᠡᠪᠯᠡᠯ︾ ᠢ ᠪᠠᠶᠢᠭᠤᠯᠬᠤ ᠶᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠵᠡᠷᠭᠡ ᠡᠮ ᠡᠮᠨᠡᠯᠭᠡ ᠶᠢᠨ ᠲᠥᠪ ᠨᠢ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠳᠤ ᠰᠠᠭᠤᠷᠢᠰᠢᠭᠰᠠᠨ ᠨᠢ᠂ ᠠᠷᠠᠳ ᠲᠦᠮᠡᠨ ᠳᠤ ︽ᠡᠷᠡᠭᠦᠯ ᠮᠡᠨᠳᠦ ᠶᠢᠨ ᠲᠣᠮᠣ ᠪᠡᠯᠡᠭ︾ ᠬᠦᠷᠭᠡᠭᠰᠡᠨ ᠨᠢ ᠯᠠᠪᠲᠠᠢ᠃        ᠶᠡᠷᠦ ᠠᠴᠠ ᠪᠠᠨ᠂ ᠡᠪᠡᠳᠴᠢᠨ ᠦᠵᠡᠭᠦᠯᠬᠦ ᠳᠤ ᠬᠦ᠋ᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠢ ᠶᠠᠪᠤᠳᠠᠯ ᠪᠣᠯ ᠠᠷᠠᠳ ᠣᠯᠠᠨ ᠤ ᠰᠡᠳᠭᠢᠯ ᠤᠨ ᠶᠡᠭᠡ ᠶᠠᠪᠤᠳᠠᠯ ᠪᠣᠯᠵᠤ ᠪᠠᠶᠢᠯ᠎ᠠ᠃ ᠲᠣᠮᠣ ᠡᠮᠨᠡᠯᠭᠡ ᠳᠤ ᠣᠴᠢᠵᠤ ᠡᠪᠡᠳᠴᠢᠨ ᠦᠵᠡᠭᠦᠯᠬᠦ ᠳᠤ᠂ ᠳ᠋ᠤᠭᠠᠷᠯᠠᠬᠤ᠂ ᠮᠥᠷᠯᠡᠬᠦ᠂ ᠪᠠᠶᠢᠴᠠᠭᠠᠬᠤ ᠵᠡᠷᠭᠡ ᠮᠠᠰᠢ ᠶᠠᠳᠠᠷᠠᠨ᠎ᠠ︔ ᠲᠦᠪᠡᠭ ᠲᠤᠯᠭᠠᠷᠠᠪᠠᠯ ᠪᠠᠰᠠ ᠮᠣᠵᠢ ᠠᠯᠤᠰᠯᠠᠨ ᠬᠦᠶᠦᠨ᠎ᠡ᠃ ᠪᠤᠭᠤᠲᠤ ᠬᠤᠲᠠ ᠡᠮᠴᠢᠯᠡᠭᠡᠨ ᠤ ᠥᠨᠳᠦᠷᠯᠢᠭ ᠤᠨ ︽2.0 ᠬᠡᠪᠯᠡᠯ︾ ᠢ ᠪᠣᠢ ᠪᠣᠯᠭᠠᠵᠤ ᠡᠳᠡᠭᠡᠷ ᠡᠮᠵᠡᠭ ᠭᠠᠵᠠᠷ ᠢ ᠤᠰᠠᠳᠬᠠᠪᠠ ᠃ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠡᠯ᠎ᠡ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ︽ᠡᠪᠡᠳᠴᠢᠨ ᠳᠤᠨᠢ ᠲᠠᠭᠠᠷᠠᠭᠤᠯᠤᠨ ᠡᠮᠨᠡᠯᠭᠡ ᠳᠤ ᠰᠠᠭᠤᠬᠤ︾ ᠶᠢ ᠪᠡᠶᠡᠯᠡᠭᠦᠯᠵᠦ᠂ ︽ᠲᠣᠮᠣ ᠡᠪᠡᠳᠴᠢᠨ ᠬᠤᠲᠠ ᠠᠴᠠ ᠭᠠᠷᠬᠤ ᠥᠬᠡᠶ︾ ︽ᠪᠠᠭ᠎ᠠ ᠡᠪᠡᠳᠴᠢᠨ ᠰᠢᠶᠠᠨ ᠠᠴᠠ ᠭᠠᠷᠬᠤ ᠥᠬᠡᠶ︾ ᠪᠣᠯᠭᠠᠪᠠ ᠃        ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ ᠤᠨ ᠰᠠᠭᠤᠷᠢᠰᠢᠭᠰᠠᠨ  ᠨᠢ ᠨᠠᠩ ᠴᠤ ᠮᠠᠨ ᠤ ᠬᠤᠲᠠ ᠶᠢᠨ ᠮᠡᠳᠡᠷᠡᠯ ᠤᠨ ᠠᠨᠠᠭᠠᠬᠤ ᠤᠬᠠᠭᠠᠨ ᠤ ᠦᠢᠯᠡᠰ ᠤᠨ ᠬᠥᠭᠵᠢᠯᠲᠡ ᠳᠤ ︽ᠴᠢᠩᠭ᠎ᠠ ᠵᠡᠭᠦᠦ︾ ᠬᠠᠳᠬᠤᠪᠠ ᠃ ᠮᠠᠨ ᠤ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠬᠦᠷᠢᠶᠡᠨ ᠤ ᠣᠷᠤᠶᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠢᠭᠤᠯᠤᠮᠵᠢ ᠶᠢᠨ ᠳᠡᠮᠵᠢᠯᠭᠡ ᠲᠠᠢ ᠪᠣᠯᠣᠭᠰᠠᠨ ᠠᠴᠠ᠂ ᠪᠤᠭᠤᠲᠤ ᠶᠢᠨ ᠮᠡᠳᠡᠷᠡᠯ ᠤᠨ ᠠᠨᠠᠭᠠᠬᠤ ᠤᠬᠠᠭᠠᠨ ᠤ ᠬᠢᠷᠢ ᠲᠦᠪᠰᠢᠨ ᠯᠠᠪᠲᠠᠢ ᠶᠡᠬᠡᠪᠡᠷ ᠳᠡᠭᠡᠭᠰᠢᠯᠡᠵᠦ ᠂ ᠠᠷᠠᠳ ᠲᠦᠮᠡᠨ ᠳᠤ ᠦᠨᠡᠨ ᠬᠦ ᠲᠡᠷᠢᠭᠦᠨ ᠵᠡᠷᠭᠡ ᠶᠢᠨ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠪᠣᠯᠤᠨ᠎ᠠ᠃        ᠡᠮᠴᠢᠯᠡᠭᠡ ᠪᠣᠯ ᠠᠷᠠᠳ ᠤᠨ ᠠᠮᠢᠳᠤᠷᠠᠯ ᠤᠨ ᠬᠡᠷᠡᠭᠴᠡᠭᠡ ᠮᠥᠨ᠂ ᠡᠮᠴᠢᠯᠡᠭᠡ  ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡᠯ ᠰᠠᠶ᠋ᠢ ᠬᠥᠮᠦᠰ ᠢ ᠨᠡᠩ ᠰᠠᠨᠠᠭ᠎ᠠ ᠠᠮᠤᠷ᠂ ᠨᠡᠩ ᠵᠣᠯ ᠵᠢᠷᠭᠠᠯ ᠲᠠᠢ ᠪᠣᠯᠭᠠᠵᠤ ᠴᠢᠳᠠᠨ᠎ᠠ᠃ ᠪᠤᠭᠤᠲᠤ ᠶᠢᠨ ᠡᠮᠴᠢᠯᠡᠭᠡᠨ ᠤ ᠥᠨᠳᠦᠷᠯᠢᠭ ᠭᠠᠵᠠᠷ ᠢ ᠪᠠᠶᠢᠭᠤᠯᠬᠤ ᠨᠢ ᠨᠡᠩ ᠣᠯᠠᠨ ᠦᠷ᠎ᠡ ᠪᠦᠲᠦᠮᠵᠢ ᠣᠯᠵᠤ᠂ ᠡᠷᠡᠭᠦᠯ ᠮᠡᠨᠳᠦ ᠶᠢ ᠡᠨᠡ ᠬᠦ ᠬᠤᠲᠠ ᠶᠢᠨ ᠬᠥᠭᠵᠢᠯᠲᠡ ᠶᠢᠨ ᠬᠠᠮᠤᠭ ᠤᠨ ᠭᠤᠶᠣ ᠰᠠᠭᠤᠷᠢ ᠥᠩᠭᠡ ᠪᠣᠯᠭᠠᠬᠤ ᠶᠢ ᠬᠦᠰᠡᠵᠦ ᠪᠠᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号