︽ᠤᠷᠠᠨ ᠭᠠᠷ ᠤᠶᠠᠬᠠᠨ ᠬᠦᠳᠡᠯᠵᠦ  ᠰᠠᠯᠬᠢᠨ ᠬᠤᠩᠬᠤ ᠬᠠᠩᠭᠢᠨᠠᠬᠤ︾ — ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠭᠠᠷ ᠤᠷᠠᠯᠠᠯ ᠤᠨ ᠰᠠᠯᠬᠢᠨ ᠬᠤᠩᠬᠤ ᠶᠢᠨ DIY ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/4
        ᠰᠠᠯᠬᠢᠨ ᠤ ᠬᠤᠩᠬ᠎ᠠ ᠳᠤᠤᠭᠠᠷᠪᠠᠯ᠂ ᠡᠷᠲᠡ ᠶᠢᠨ ᠵᠣᠴᠢᠨ ᠢᠷᠡᠨ᠎ᠡ᠃        ᠰᠠᠯᠬᠢᠨ ᠬᠤᠩᠬᠤ ᠭᠠᠭᠴᠠ ᠨᠢᠭᠡᠨ ᠡᠩ ᠤᠨ ᠴᠢᠮᠡᠭᠯᠡᠯ ᠢᠶᠠᠷ ᠦᠯᠦ ᠪᠠᠷᠠᠮ        ᠲᠡᠷᠡ ᠨᠢ ᠮᠢᠩᠭᠠᠨ ᠵᠢᠯ ᠤᠨ ᠰᠣᠶᠣᠯ ᠢ ᠠᠴᠢᠶᠠᠯᠠᠵᠤ ᠪᠠᠶᠢᠳᠠᠭ᠃        ᠳ᠋ᠢᠩ ᠳ᠋ᠦᠩ ᠭᠡᠬᠦ ᠳᠠᠭᠤᠨ ᠨᠢᠭᠡᠪᠦᠷᠢ        ᠪᠦᠷ ᠡᠷᠲᠡᠨ ᠤ ᠬᠥᠮᠦᠨ ᠤ ᠣᠶᠤᠨ ᠤᠬᠠᠭᠠᠨ ᠪᠠ ᠬᠠᠶᠢᠷ᠎ᠠ ᠰᠡᠳᠬᠢᠯᠭᠡ ᠶᠢ ᠶᠠᠷᠢᠵᠤ ᠪᠠᠶᠢᠨ᠎ᠠ᠃        ᠰᠠᠯᠬᠢᠨ ᠬᠤᠩᠬᠤ ᠨᠢ ᠳᠤᠮᠳᠠᠳᠤ ᠤᠯᠤᠰ ᠠᠴᠠ ᠡᠭᠦᠰᠦᠯ ᠲᠠᠢ᠂ ᠡᠷᠲᠡᠨ ᠤ ᠨᠢᠭᠡ ᠵᠦᠢᠯ ᠤᠨ ᠤᠯᠠᠮᠵᠢᠯᠠᠯᠲᠤ ᠬᠥᠭᠵᠢᠮ ᠪᠣᠯᠣᠨ᠎ᠠ᠃ ᠣᠨ ᠰᠠᠷ᠎ᠠ ᠶᠢᠨ ᠤᠯᠠᠷᠢᠯ ᠢᠶᠠᠷ ᠳᠠᠮᠵᠢᠨ᠂ ᠠᠭᠠᠵᠢᠮ ᠢᠶᠠᠷ ᠥᠪᠡᠷᠮᠢᠴᠡ ᠣᠨᠴᠠᠯᠢᠭ ᠲᠠᠢ ᠰᠣᠶᠣᠯ ᠤᠨ ᠲᠡᠮᠳᠡᠭ ᠪᠣᠯᠵᠤ ᠬᠤᠪᠢᠷᠠᠭᠠᠳ᠂ ᠬᠥᠮᠦᠰ ᠲᠤ ᠥᠯᠵᠡᠢ ᠪᠡᠯᠭᠡᠲᠦ ᠪᠡᠯᠭᠡ ᠲᠡᠮᠳᠡᠭ ᠭᠡᠵᠦ ᠦᠵᠡᠭᠳᠡᠳᠡᠭ᠃ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠨᠠᠩ ᠰᠠᠶᠢᠨ ᠣᠶᠢᠯᠠᠭᠠᠭᠤᠯᠬᠤ ᠶᠢᠨ ᠬᠠᠮᠲᠤ ︽ᠬᠥᠷᠰᠢ ᠵᠡᠷᠭᠡᠯᠡᠳᠡᠭᠡ ᠶᠢᠨ ᠬᠢᠨ ᠬᠦᠴᠦᠨ ᠢᠶᠠᠨ ᠲᠥᠪᠯᠡᠷᠡᠭᠦᠯᠬᠦ︾ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠡᠭᠦᠳᠦᠭᠰᠡᠨ ᠨᠡᠷᠡᠲᠦ ᠲᠡᠮᠳᠡᠭᠲᠦ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠬᠦ ᠶᠢᠨ ᠲᠦᠯᠦᠭᠡ᠂ ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ︽ ᠤᠷᠠᠨ ᠭᠠᠷ ᠤᠶᠠᠬᠠᠨ ᠬᠦᠳᠡᠯᠵᠦ  ᠰᠠᠯᠬᠢᠨ ᠬᠤᠩᠬᠤ ᠬᠠᠩᠭᠢᠨᠠᠬᠤ︾ ᠭᠠᠷ ᠤᠷᠠᠯᠠᠯ ᠤᠨ ᠰᠠᠯᠬᠢᠨ ᠬᠤᠩᠬᠤ ᠶᠢᠨ DIY ᠠᠵᠢᠯᠯᠠᠭ᠎ᠠ ᠦᠷᠨᠢᠭᠦᠯᠪᠡ᠃        ᠠᠵᠢᠯᠯᠠᠭ᠎ᠠ ᠡᠬᠢᠯᠡᠵᠦ᠂ ᠨᠡᠶᠢᠭᠡᠮ ᠲᠣᠭᠤᠷᠢᠭ ᠤᠨ ᠠᠵᠢᠯᠲᠠᠳ ᠠᠮᠢᠳᠤᠯᠢᠭ ᠰᠠᠶᠢᠬᠠᠨ ᠠᠷᠭ᠎ᠠ ᠬᠡᠯᠪᠡᠷᠢ ᠪᠠᠷ ᠰᠠᠯᠬᠢᠨ ᠬᠤᠩᠬᠤ ᠶᠢᠨ ᠢᠷᠡᠯᠲᠡ ᠪᠣᠯᠤᠨ ᠤᠳᠬ᠎ᠠ ᠠᠭᠤᠯᠭ᠎ᠠ ᠶᠢ ᠲᠠᠶᠢᠯᠪᠤᠷᠢᠯᠠᠭᠰᠠᠨ ᠪᠥᠭᠡᠳ ᠥᠪᠡᠷ ᠤᠨ ᠭᠠᠷ ᠢᠶᠠᠷ ᠢᠶᠠᠨ ᠵᠣᠬᠢᠶᠠᠭᠰᠠᠨ ᠰᠠᠯᠬᠢᠨ ᠬᠤᠩᠬᠤ ᠪᠠᠨ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠵᠠᠯᠭᠠᠭᠠᠳ ᠨᠡᠶᠢᠭᠡᠮ ᠲᠣᠭᠤᠷᠢᠭ ᠤᠨ ᠠᠵᠢᠯᠲᠠᠳ ᠭᠠᠷ ᠤᠷᠠᠯᠠᠯ ᠤᠨ ᠮᠠᠲ᠋ᠧᠷᠢᠶᠠᠯ ᠲᠠᠷᠬᠠᠭᠠᠵᠤ᠂ ᠦᠢᠯᠡᠳᠬᠦ ᠠᠯᠬᠤᠮ ᠳᠠᠷᠠᠭ᠎ᠠ ᠪᠠ ᠠᠩᠬᠠᠷᠬᠤ ᠵᠦᠢᠯᠡᠰ ᠢ ᠲᠠᠶᠢᠯᠪᠤᠷᠢᠯᠠᠪᠠ᠃
        ᠰᠠᠯᠬᠢᠨ ᠬᠤᠩᠬᠤ ᠶᠢ ᠦᠢᠯᠡᠳᠬᠦ ᠠᠯᠬᠤᠮ ᠳᠠᠷᠠᠭ᠎ᠠ ᠨᠢ ᠪᠤᠳᠤᠯᠢᠶᠠᠨᠲᠠᠢ ᠪᠢᠰᠢ ᠪᠣᠯᠪᠠᠴᠤ ᠣᠯᠠᠨ ᠤ ᠲᠡᠰᠪᠦᠷᠢ ᠲᠡᠪᠴᠢᠶᠡᠷᠢ ᠪᠠ ᠨᠠᠷᠢᠨ ᠨᠢᠮᠪᠠᠢ ᠶᠢ ᠰᠢᠯᠭᠠᠷᠠᠭᠤᠯᠵᠤ ᠪᠠᠶᠢᠳᠠᠭ ᠂ ᠰᠠᠭᠤᠭᠠᠯᠢ ᠠᠷᠠᠳ ᠬᠡᠬᠦᠳᠡᠭ ᠳᠦᠭᠦᠷᠡᠩ ᠢᠶᠠᠷ ᠬᠦᠯᠢᠶᠡᠨ ᠠᠪᠴᠤ ᠮᠠᠲ᠋ᠧᠷᠢᠶᠠᠯ ᠤᠨ ᠪᠣᠭᠴᠣ ᠪᠠᠨ ᠨᠡᠭᠡᠭᠡᠵᠦ᠂ ᠪᠠᠴᠢᠮ ᠪᠥᠭᠡᠳ ᠰᠣᠨᠢᠷᠬᠠᠯᠲᠠᠢ ᠰᠠᠯᠬᠢᠨ ᠬᠤᠩᠬᠤ ᠦᠢᠯᠡᠳᠬᠦ ᠠᠶᠠᠨ ᠢᠶᠠᠨ ᠡᠬᠢᠯᠡᠭᠦᠯᠪᠡ ᠃ ᠠᠯᠢ ᠤᠯᠠᠨ ᠨᠠᠷᠢᠯᠢᠭ ᠠᠵᠢᠯᠯᠠᠭ᠎ᠠ ᠪᠠᠷ ᠲᠠᠮᠵᠢᠨ᠂ ᠦᠯᠵᠡᠢ ᠪᠡᠯᠭᠡᠳᠡᠯ ᠤᠨ ᠤᠳᠬ᠎ᠠ ᠰᠠᠨᠠᠭ᠎ᠠ ᠶᠢ ᠠᠭᠤᠯᠤᠭᠰᠠᠨ ᠰᠠᠯᠬᠢᠨ ᠬᠤᠩᠬᠤ ᠨᠢᠭᠡᠪᠦᠷᠢ ᠤᠯᠠᠨ ᠲᠦᠮᠡᠨ ᠤ ᠭᠠᠷ ᠲᠤ ᠮᠡᠨᠳᠦᠯᠡᠵᠡᠢ᠃ ᠣᠷᠣᠯᠴᠠᠬᠤ ᠪᠣᠯ ᠨᠢᠭᠡ ᠵᠦᠢᠯ ᠤᠨ ᠪᠠᠶᠠᠷ ᠪᠠᠶᠠᠰᠤᠯ ᠮᠥᠨ᠂ ᠡᠭᠦᠳᠦᠨ ᠪᠦᠲᠦᠭᠡᠬᠦ ᠪᠣᠯ ᠨᠢᠭᠡ ᠵᠦᠢᠯ ᠤᠨ ᠵᠢᠷᠭᠠᠯ ᠮᠥᠨ᠂ ᠠᠮᠢᠳᠤᠯᠢᠭ ᠳᠦᠷᠰᠦᠯᠢᠭ ᠪᠦᠲᠦᠭᠡᠯ ᠨᠢᠭᠡᠪᠦᠷᠢ᠂ ᠳᠦᠭᠦᠮ᠂ ᠲᠦᠰᠦᠭᠡᠯᠡᠬᠦ ᠂ ᠰᠢᠨ᠎ᠡ ᠶᠢ ᠡᠭᠦᠳᠬᠦ ᠣᠶᠢᠯᠠᠭᠠᠭᠳᠠᠬᠤᠨ  ᠲᠠᠢ ᠭᠦᠢᠴᠡᠳ ᠠᠭᠤᠰᠤᠯᠴᠠᠵᠤ᠂ ᠤᠯᠠᠨ ᠢᠶᠠᠷ ᠢᠶᠠᠨ ᠦᠢᠯᠡᠳᠬᠦ ᠶᠠᠪᠤᠴᠠ ᠳᠤ ᠭᠠᠷ ᠬᠥᠳᠡᠯᠬᠦ ᠲᠠᠷᠢᠬᠢ ᠬᠥᠳᠡᠯᠬᠦ ᠪᠠᠶᠠᠷ ᠪᠠᠭ᠋ᠠᠳᠤᠯ ᠢ ᠰᠦᠪᠡᠭᠴᠢᠯᠡᠨ ᠢᠯᠡᠷᠡᠭᠦᠯᠵᠦ᠂ ᠭᠠᠷ ᠤᠷᠠᠯᠠᠯ ᠢᠶᠠᠷ ᠥᠪᠡᠷ ᠤᠨ ᠠᠮᠵᠢᠯᠲᠠ ᠪᠠ ᠪᠠᠶᠠᠷ ᠪᠠᠭ᠋ᠠᠳᠤᠯ ᠢᠶᠠᠨ ᠣᠯᠵᠤ᠂ ᠰᠠᠶᠢᠨ ᠰᠠᠶᠢᠬᠠᠨ ᠳᠤᠷᠠᠰᠤᠮᠵᠢ ᠪᠠᠨ ᠦᠯᠡᠳᠡᠭᠡᠭᠰᠡᠨ ᠪᠠᠶᠢᠨ᠎ᠠ᠃        ᠲᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ︽ᠬᠥᠷᠰᠢ ᠵᠡᠷᠭᠡᠯᠡᠳᠡᠭᠡ ᠶᠢᠨ ᠬᠢᠨ ᠬᠦᠴᠦᠨ ᠢᠶᠠᠨ ᠲᠥᠪᠯᠡᠷᠡᠭᠦᠯᠬᠦ︾ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠡᠭᠦᠳᠦᠭᠰᠡᠨ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠦᠨ ᠪᠠᠶᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠩ ᠪᠠᠶᠠᠯᠢᠭ ᠰᠠᠶᠢᠬᠠᠨ ᠠᠵᠢᠯᠯᠠᠭ᠎ᠠ ᠶᠢᠨ ᠬᠡᠯᠪᠡᠷᠢ᠂ ᠨᠠᠩ ᠳᠣᠲᠣᠨᠣ ᠦᠢᠯᠡᠴᠢᠯᠡᠭᠡᠨ ᠤ ᠠᠭᠤᠯᠭ᠎ᠠ ᠪᠠᠷ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠳᠠᠬᠢ ᠤᠯᠠᠮᠵᠢᠯᠠᠯᠲᠤ ᠰᠣᠶᠣᠯ ᠤᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠲᠤ ᠨᠠᠩ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
图片19.png
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号