︽ᠰᠦᠯᠵᠢᠶ᠎ᠡ︾ ᠶᠢ ᠨᠡᠬᠡᠭᠡᠵᠦ ᠠᠷᠠᠳ ᠤᠨ ᠰᠡᠳᠬᠢᠯ ᠢ ᠨᠢᠭᠲᠠᠷᠠᠭᠤᠯᠵᠤ᠂ ︽ᠲᠣᠣᠷᠵᠢᠯ︾ ᠢᠶᠠᠷ ᠬᠠᠷᠢᠭᠤᠴᠠᠯᠭ᠎ᠠ ᠪᠠᠨ ᠭᠦᠢᠴᠡᠳᠬᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2025/3/4
        ᠡᠨᠡᠬᠦ ᠡᠶᠡᠯᠰᠡᠭ ᠰᠡᠳᠬᠢᠯᠭᠡ ᠪᠠ ᠡᠶ᠎ᠡ ᠵᠣᠬᠢᠴᠠᠩᠭᠤᠢ ᠤᠯᠠᠷᠢᠯ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ︾ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠰᠦᠯᠵᠢᠶ᠎ᠡ︾ ᠪᠠᠷ ᠵᠠᠭᠤᠴᠢ ᠪᠣᠯᠭᠠᠵᠤ᠂ ︽ᠲᠣᠣᠷᠵᠢᠯ ︾ ᠢᠶᠠᠷ ᠬᠠᠷᠢᠭᠤᠴᠠᠯᠭ᠎ᠠ ᠪᠣᠯᠭᠠᠵᠤ᠂ ᠬᠠᠶᠢᠷ᠎ᠠ ᠰᠡᠳᠬᠢᠯᠭᠡ ᠲᠠᠢ᠂ ᠭᠦᠨᠴᠡ ᠲᠠᠢ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢ ᠪᠦᠬᠦ ᠬᠦᠴᠦᠨ ᠢᠶᠠᠷ ᠢᠶᠠᠨ ᠴᠣᠭᠴᠠᠯᠠᠪᠠ᠃        ︽ᠰᠦᠯᠵᠢᠶ᠎ᠡ︾ ᠶᠢ ᠨᠡᠬᠡᠭᠡᠵᠦ ᠂ ᠮᠡᠳᠡᠭᠡ ᠵᠠᠩᠭᠢ ᠰᠠᠭᠠᠳ ᠦᠭᠡᠢ ᠨᠡᠪᠲᠡᠷᠡᠨ᠎ᠡ        ᠮᠡᠳᠡᠭᠡ ᠵᠠᠩᠭᠢ ᠶᠢᠨ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ ᠰᠢᠨ ᠸᠠᠩ ᠨᠡᠶᠢᠭᠡᠮ ᠲᠣᠭᠤᠷᠢᠭ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠢᠨᠲ᠋ᠧᠷ ᠰᠦᠯᠵᠢᠶᠡᠨ + ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠵᠠᠭᠪᠤᠷ ᠢ ᠭᠦᠢᠴᠡᠳ ᠠᠰᠢᠭᠯᠠᠨ᠂ ᠠᠰᠠᠭᠤᠯᠲᠠ ᠶᠢᠨ ᠬᠠᠭᠤᠳᠠᠰᠤ ᠶᠢᠨ ᠣᠳᠣᠨ ᠨᠡᠶᠢᠭᠡᠮ ᠲᠣᠭᠤᠷᠢᠭ ᠤᠨ ᠲᠠᠪᠴᠠᠩ ᠢ ᠪᠣᠶ ᠪᠣᠯᠭᠠᠪᠠ᠃ ᠡᠨᠡ ᠬᠦ ᠲᠠᠪᠴᠠᠩ ᠨᠢ ᠶᠠᠭ ᠬᠥᠭᠦᠷᠭᠡ ᠰᠢᠭ᠋ ᠪᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠥᠳᠡᠯᠦᠯ ᠪᠠᠶᠢᠳᠠᠯ ᠢ ᠠᠮᠠᠷᠬᠠᠨ ᠣᠯᠭᠤᠵᠤ᠂ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠶᠠᠷᠢᠯᠴᠠᠭ᠎ᠠ ᠳᠤ ᠣᠷᠣᠯᠴᠠᠵᠤ᠂ ᠠᠮᠢᠳᠤᠷᠠᠯ ᠤᠨ ᠬᠡᠷᠡᠭᠴᠡᠭᠡ ᠶᠢ ᠬᠠᠷᠢᠭᠤ ᠲᠤᠰᠬᠠᠨ᠎ᠠ᠃ ᠮᠡᠳᠡᠭᠳᠡᠬᠦ ᠠᠯᠪᠠᠨ ᠵᠠᠷ᠂ ᠠᠵᠢᠯᠯᠠᠭ᠎ᠠ ᠳᠤ ᠨᠡᠷ᠎ᠡ ᠮᠡᠳᠡᠭᠦᠯᠦᠭᠰᠡᠨ ᠴᠦ ᠲᠡᠷᠡ᠂ ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ ᠬᠠᠪᠰᠤᠷᠤᠯᠴᠠᠬᠤ᠂ ᠰᠠᠨᠠᠯ ᠴᠤᠭᠯᠠᠭᠤᠯᠬᠤ ᠳᠤ ᠴᠤ ᠴᠥᠮ ᠭᠠᠷ ᠤᠲᠠᠰᠤᠨ ᠤ ᠳᠡᠯᠭᠡᠴᠡ ᠪᠠᠨ ᠬᠦᠩᠭᠡᠨ ᠳᠠᠷᠤᠪᠠᠯ ᠳᠠᠷᠤᠢ ᠪᠡᠶᠡᠯᠡᠭᠦᠯᠴᠢᠬᠡᠨ᠎ᠡ᠂ ᠮᠡᠳᠡᠭᠡ ᠵᠠᠩᠭᠢ ᠳᠠᠮᠵᠢᠭᠤᠯᠬᠤ ᠦᠷ᠎ᠡ ᠪᠦᠲᠦᠮᠵᠢ ᠪᠣᠯᠤᠨ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠢᠳᠡᠪᠬᠢᠵᠢᠯ ᠢ ᠲᠦᠢᠯ ᠤᠨ ᠶᠡᠭᠡ ᠪᠠᠷ ᠳᠡᠭᠡᠭᠰᠢᠯᠡᠭᠦᠯᠵᠡᠶ᠃ ᠡᠨᠡ ᠬᠦ ︽ᠲᠣᠣᠷ︾ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠬᠢᠵᠠᠭᠠᠯᠠᠰᠢ ᠥᠬᠡᠶ ᠣᠶᠢᠷᠠᠲᠤᠭᠤᠯᠵᠤ᠂ ᠠᠷᠠᠳ ᠤᠨ ᠰᠡᠳᠬᠢᠯ ᠪᠦᠲᠦᠮᠵᠢᠲᠡᠶ ᠨᠢᠭᠲᠠᠷᠠᠪᠠ᠃        ︽ᠲᠤᠤᠷᠵᠢᠯ︾ ᠢᠶᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠴᠢᠯᠡᠭᠡ ᠶᠢ ᠣᠨᠤᠪᠴᠢᠲᠠᠢ ᠪᠣᠳᠠᠲᠠᠶᠢᠵᠢᠭᠤᠯᠤᠨ᠎ᠠ        ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠰᠢᠨ ᠸᠠᠩ ᠨᠡᠶᠢᠭᠡᠮ ᠲᠣᠭᠤᠷᠢᠭ ᠤᠨ ᠬᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠬᠡᠷᠡᠭᠵᠢᠭᠦᠯᠵᠦ᠂ ᠪᠦᠬᠦ᠋ᠢᠯᠡ ᠨᠡᠶᠢᠭᠡᠮ ᠲᠣᠭᠤᠷᠢᠭ ᠢ 7 ᠲᠣᠣᠷᠵᠢᠯ ᠬᠡᠰᠡᠭ ᠬᠤᠪᠢᠶᠠᠵᠤ᠂ ᠲᠣᠣᠷᠵᠢᠯ ᠬᠡᠰᠡᠭ ᠨᠢᠭᠡᠪᠦᠷᠢ ᠳᠤ ᠲᠤᠰᠬᠠᠶ ᠲᠤᠰᠢᠶᠠᠯᠲᠤ ᠲᠣᠣᠷᠵᠢᠯ ᠤᠨ ᠠᠵᠢᠯᠲᠠᠨ ᠳᠣᠭᠢᠷᠠᠭᠤᠯᠪᠠ᠃ ᠡᠳᠡᠭᠡᠷ ᠲᠤᠤᠷᠵᠢᠯ ᠤᠨ ᠠᠵᠢᠯᠲᠠᠨ ᠶᠠᠭ ᠨᠡᠶᠢᠭᠡᠮ ᠲᠣᠭᠤᠷᠢᠭ ᠤᠨ ︽ᠨᠢᠳᠦ︾ ᠪᠠ ︽ᠴᠢᠬᠢ︾ ᠰᠢᠭ᠋ ᠪᠠᠶᠢᠳᠠᠭ᠂ ᠲᠡᠳᠡ ᠲᠣᠭᠲᠠᠭᠰᠠᠨ ᠬᠤᠭᠤᠴᠠᠭ᠎ᠠ ᠲᠠᠢ ᠪᠠᠷ ᠲᠣᠣᠷᠵᠢᠯ ᠤᠨ ᠳᠣᠲᠣᠷᠠᠬᠢ ᠡᠷᠦᠬᠡ ᠨᠢᠭᠡᠪᠦᠷᠢ ᠶᠢ ᠰᠤᠷᠪᠤᠯᠵᠢᠯᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠥᠨᠥᠴᠢᠨ ᠪᠡᠯᠪᠡᠰᠦᠨ ᠨᠠᠰᠤᠲᠠᠨ ᠤ ᠡᠳᠦᠷ ᠲᠤᠲᠤᠮ ᠤᠨ ᠬᠠᠷᠠᠭᠠᠯᠵᠠᠯ ᠠᠴᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠬᠦᠷᠲᠡᠯ᠎ᠡ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠬᠦᠷᠲᠡᠯ᠎ᠡ᠂ ᠲᠤᠤᠷᠵᠢᠯ ᠤᠨ ᠠᠵᠢᠯᠲᠠᠳ ᠬᠡᠵᠢᠶᠡᠳᠡ ᠲᠡᠷᠡ ᠳᠠᠷᠤᠶ ᠳᠤᠨᠢ ᠴᠤᠤᠷᠢᠶᠠᠲᠤᠨ ᠳᠠᠭᠠᠵᠤ᠂ ᠦᠢᠯᠡᠴᠢᠯᠡᠭᠡ ᠶᠢ ᠨᠠᠷᠢᠯᠢᠭ ᠣᠨᠤᠪᠴᠢᠲᠠᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠶᠢᠮᠦᠷᠬᠦᠦ ︽ᠬᠥᠮᠦᠨ ᠪᠦᠬᠦᠨ ᠲᠣᠣᠷᠵᠢᠯ ᠤᠨ ᠳᠤᠮᠳᠠ ᠶᠠᠪᠤᠵᠤ ᠂ ᠤᠴᠢᠷ ᠶᠠᠪᠤᠳᠠᠯ ᠢ ᠲᠣᠣᠷᠵᠢᠯ ᠤᠨ ᠳᠤᠮᠳᠠ ᠭᠦᠢᠴᠡᠳᠬᠡᠬᠦ︾ ᠠᠵᠢᠯ ᠤᠨ ᠬᠡᠪ ᠵᠠᠭᠪᠤᠷ ᠨᠢ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃        ᠡᠶ᠎ᠡ ᠵᠣᠬᠢᠴᠠᠯ ᠢ ᠬᠠᠮᠲᠤᠪᠠᠷ ᠴᠣᠭᠴᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠨ᠎ᠠ        ᠰᠢᠨ ᠸᠠᠩ ᠨᠡᠶᠢᠭᠡᠮ ᠲᠣᠭᠤᠷᠢᠭ ᠤᠨ ᠬᠢᠨ ᠢᠮᠠᠭᠲᠠ ︽ᠬᠥᠮᠦᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠲᠤ ᠦᠢᠯᠡᠴᠢᠯᠡᠬᠦ︾ ᠵᠣᠷᠢᠯᠲᠠ ᠶᠢ ᠪᠠᠲᠤ ᠰᠠᠬᠢᠵᠤ᠂ ︽ᠰᠦᠯᠵᠢᠶ᠎ᠡ︾ ᠪᠣᠯᠤᠨ ︽ ᠲᠣᠣᠷᠵᠢᠯ ︾ ᠤᠨ ᠳᠠᠪᠬᠤᠷ ᠦᠢᠯᠡᠳᠦᠯ ᠳᠣᠣᠷ᠎ᠠ᠂ ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠭᠰᠠᠨ ᠪᠠᠶᠢᠨ᠎ᠠ᠃ ᠨᠡᠶᠢᠭᠡᠮ ᠲᠣᠭᠤᠷᠢᠭ ᠠᠴᠠ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠨ᠎ᠡ᠂ ᠵᠢᠱᠢᠶᠡᠯᠡᠪᠡᠯ ᠡᠴᠢᠭᠡ ᠡᠬᠡ ᠦᠷ᠎ᠡ ᠬᠡᠤᠬᠡᠳ ᠤᠨ ᠪᠡᠶ᠎ᠡ ᠲᠠᠮᠢᠷ ᠤᠨ ᠴᠤᠭᠯᠠᠭᠠᠨ᠂ ᠨᠠᠰᠤᠲᠠᠶᠢᠴᠤᠳ ᠤᠨ ᠳᠠᠭᠤᠤ ᠶᠢᠨ ᠠᠩᠭᠢ᠂ ᠠᠵᠢᠯ ᠣᠯᠣᠭᠰᠠᠳ ᠤᠨ ᠬᠤᠪᠢᠶᠠᠯᠴᠠᠨ ᠡᠳ᠋ᠯᠡᠬᠦ ᠬᠤᠷᠠᠯ ᠵᠡᠷᠭᠡ᠂ ᠡᠳᠡᠭᠡᠷ ᠠᠵᠢᠯᠯᠠᠭ᠎ᠠ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠬᠥᠷᠰᠢ ᠵᠡᠷᠭᠡᠯᠡᠳᠡᠭᠡ ᠶᠢᠨ ᠬᠢᠨ ᠳᠤ ᠰᠣᠯᠢᠯᠴᠠᠭᠠᠨ ᠤ ᠲᠠᠪᠴᠠᠩ ᠬᠠᠩᠭᠠᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠶ᠃        ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠳᠤ ᠣᠷᠣᠬᠤ ᠶᠢ ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠵᠤ᠂ ︽ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠴᠢᠷᠮᠠᠶᠢᠵᠤ᠂ ᠬᠥᠮᠦᠨ ᠪᠦᠬᠦᠨ ᠬᠠᠮᠲᠤᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠣᠷᠴᠢᠨ ᠲᠣᠭᠤᠷᠢᠨ ᠭᠤᠶᠤᠯᠠᠯ᠂ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠵᠢᠯᠤᠭᠤᠳᠤᠯᠭ᠎ᠠ ᠭᠡᠰᠡᠨ ᠦᠭᠡᠢ ᠴᠥᠮ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠶᠠᠭᠠᠷᠠᠯᠲᠠᠢ ᠪᠠᠷ᠎ᠠ ᠶᠢ ᠣᠯᠵᠤ ᠬᠠᠷᠠᠨ᠎ᠠ᠂ ᠲᠡᠳᠡ ᠥᠪᠡᠷ ᠤᠨ ᠦᠢᠯᠡ ᠠᠵᠢᠯᠯᠠᠭ᠎ᠠ ᠪᠠᠷ ᠢᠶᠠᠨ ︽ᠨᠡᠶᠢᠭᠡᠮ ᠲᠣᠭᠤᠷᠢᠭ ᠪᠣᠯ ᠮᠠᠨ ᠤ ᠭᠡᠷ ᠮᠥᠨ᠂ ᠪᠦᠳᠦᠭᠡᠨ ᠪᠠᠶᠢᠭᠤᠯᠤᠯᠲᠠ ᠤᠯᠠᠨ ᠳᠤ ᠲᠦᠰᠢᠭᠯᠡᠬᠦ︾ ᠤᠢᠢᠯᠠᠭᠠᠭᠳᠠᠬᠤᠨ ᠢ ᠲᠠᠶᠢᠯᠪᠤᠷᠢᠯᠠᠨ᠎ᠠ᠃        ︽ᠰᠦᠯᠵᠢᠶ᠎ᠡ︾ ᠶᠢ ᠨᠡᠬᠡᠭᠡᠵᠦ ᠠᠷᠠᠳ ᠤᠨ ᠰᠡᠳᠬᠢᠯ ᠢ ᠨᠢᠭᠲᠠᠷᠠᠭᠤᠯᠵᠤ᠂ ︽ᠲᠣᠣᠷᠵᠢᠯ ︾ ᠢᠶᠠᠷ ᠬᠠᠷᠢᠭᠤᠴᠠᠯᠭ᠎ᠠ ᠪᠠᠨ ᠭᠦᠢᠴᠡᠳᠬᠡᠵᠦ ᠬᠦᠮᠦᠰ ᠤᠨ ᠰᠡᠳᠭᠢᠯ ᠢ ᠳᠤᠯᠠᠭᠠᠴᠠᠭᠤᠯᠬᠤ ᠦᠢᠯᠡᠳᠦᠯᠭᠡ ᠪᠠᠷ ᠳᠠᠮᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠤᠶᠤᠨᠴᠢᠯᠠᠯᠲᠠ᠂ ᠨᠠᠷᠢᠯᠢᠭᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠠᠭᠤᠭᠠᠯᠢ ᠠᠷᠠᠳ ᠲᠤ ᠭᠡᠷ ᠪᠦᠯᠢ ᠶᠢᠨ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠮᠡᠳᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠦᠪᠡᠭᠴᠢᠯᠡᠨ ᠰᠢᠨ᠎ᠡ ᠶᠢ ᠡᠭᠦᠳᠴᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠶ᠎ᠡ ᠵᠣᠬᠢᠴᠠᠩᠭᠤᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠣᠯ ᠵᠢᠷᠭᠠᠯᠲᠤ ᠣᠳᠣᠬᠢᠴᠢᠯᠠᠭᠰᠠᠨ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠵᠤ᠂ ᠰᠠᠭᠤᠭᠠᠯᠢ ᠠᠷᠠᠳ ᠨᠢᠭᠡᠪᠦᠷᠢ ᠳᠤ ᠴᠥᠮ ᠠᠳᠡ ᠬᠠᠷᠢᠶᠠᠯᠠᠭᠳᠠᠬᠤ ᠰᠡᠳᠬᠢᠯᠭᠡ ᠶᠢ ᠣᠯᠭᠤᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号