ᠬᠠᠷᠢᠶᠠᠲᠤ ᠲᠣᠭᠤᠷᠢᠭ ᠤᠨ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠶ | ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠲᠠᠶᠢᠴᠤᠳ ᠢ ᠬᠥᠲᠥᠯᠦᠨ ᠵᠢᠯᠣᠭᠤᠳᠴᠤ ᠪᠠᠶᠢᠭᠠᠳ | ᠥᠪᠡᠷ ᠢ ᠪᠠᠨ ᠵᠣᠬᠢᠴᠠᠭᠤᠯᠬᠤ ᠴᠢᠳᠠᠪᠤᠷᠢ ᠶᠢ ᠨᠢ ᠴᠢᠩᠭᠠᠷᠠᠭᠤᠯᠵᠤ᠂ ᠨᠠᠰᠤᠲᠠᠶᠢᠴᠤᠳ ᠢ ᠬᠠᠪᠰᠤᠷᠤᠨ ᠨᠠᠵᠠᠭᠠᠶ | ᠲᠠᠯ᠎ᠠ ᠶᠢᠨ ᠤᠷᠮ᠎ᠠ ᠰᠡᠳᠬᠢᠯᠭᠡ ᠵᠢᠴᠢ ᠰᠡᠳᠬᠢᠴᠡ ᠶᠢᠨ ᠳᠠᠷᠤᠯᠲᠠ ᠶᠢ ᠪᠦᠲᠦᠮᠵᠢᠲᠡᠶ ᠠᠷᠢᠯᠭᠠᠬᠤ ᠶᠢᠨ ᠲᠥᠯᠥᠭᠡ᠂ | ᠣᠶᠢᠷ᠎ᠠ ᠳᠤ᠂ ᠰᠢᠭᠤᠶᠢᠲᠤ ᠲᠣᠭᠤᠷᠢᠭ ᠤᠨ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ | ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠴᠢ ᠰᠤᠪᠢᠯᠠᠭᠴᠢᠳ ᠵᠣᠪᠠᠨᠢᠬᠤ ᠡᠪᠡᠳᠴᠢᠨ ᠤ ᠲᠦᠷᠦᠯ | ᠬᠡᠯᠪᠡᠷᠢ᠂ ᠲᠣᠳᠣᠷᠬᠠᠶᠢᠯᠠᠯᠲᠠ᠂ ᠪᠦᠲᠦᠭᠰᠡᠨ ᠰᠢᠯᠲᠠᠭᠠᠨ᠂ ᠡᠮᠴᠢᠯᠡᠭᠡᠨ ᠤ ᠢᠯᠡᠷᠡᠯ ᠵᠢᠴᠢ ᠡᠮᠨᠡᠨ ᠵᠠᠰᠠᠬᠤ ᠠᠷᠭ᠎ᠠ | ᠬᠡᠯᠪᠡᠷᠢ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠨᠢᠯᠴᠠᠭᠤᠯᠵᠤ᠂ ᠨᠠᠰᠤᠲᠠᠶᠢᠴᠤᠳ ᠢ ᠬᠡᠷᠬᠢᠨ ᠠᠭᠠᠵᠢᠮ ᠢᠶᠠᠷ | ᠳᠠᠪᠰᠢᠬᠤ ᠴᠢᠨᠠᠷᠲᠠᠢ ᠪᠤᠯᠴᠢᠩ ᠢᠶᠠᠨ ᠰᠤᠯᠠᠷᠠᠭᠤᠯᠬᠤ ᠪᠣᠯᠪᠠᠰᠤᠷᠠᠯ ᠬᠢᠬᠦ ᠂ ᠤᠯᠠᠨ ᠠᠷᠭ᠎ᠠ ᠵᠠᠮ ᠢᠶᠠᠷ ᠳᠠᠮᠵᠢᠭᠤᠯᠤᠨ | ᠪᠠᠴᠢᠮᠳᠠᠬᠤ ᠰᠡᠳᠬᠢᠯᠭᠡ ᠡᠭᠦᠰᠬᠦ ᠶᠢ ᠪᠠᠭᠠᠰᠬᠠᠬᠤ ᠶᠢ ᠵᠢᠯᠤᠭᠤᠳᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠤᠯᠠᠨ ᠢ | ᠳᠠᠭᠠᠭᠤᠯᠤᠨ ᠪᠣᠳᠠᠲᠠᠢ ᠪᠣᠯᠪᠠᠰᠤᠷᠠᠯ ᠬᠢᠯᠭᠡᠵᠦ᠂ ᠨᠠᠰᠤᠲᠠᠶᠢᠴᠤᠳ ᠢ ᠦᠪᠡᠷ ᠤᠨ ᠪᠡᠶ᠎ᠡ ᠶᠢᠨ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠶᠢᠨ ᠬᠠᠮᠲᠤ᠂ ᠪᠠᠴᠢᠮᠳᠠᠯ ᠢ ᠵᠥᠪ ᠢᠶᠠᠷ ᠠᠷᠭᠠᠴᠠᠭᠠᠬᠤ ᠠᠷᠭ᠎ᠠ ᠶᠢ ᠰᠤᠷᠭᠠᠵᠤ᠂ | ᠨᠠᠰᠤᠲᠠᠶᠢᠴᠤᠳ ᠤᠨ ᠰᠠᠶᠢᠨ ᠦᠨᠡᠯᠡᠯᠲᠡ ᠶᠢ ᠣᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ | ᠬᠥᠭᠵᠢᠶᠡᠨᠲᠡᠢ ᠪᠣᠯᠪᠠ᠃ | ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ᠂ ᠨᠠᠰᠤᠲᠠᠶᠢᠴᠤᠳ ᠤᠨ ᠵᠣᠪᠠᠨᠢᠯ ᠪᠠ ᠤᠨᠲᠠᠬᠤ ᠡᠷᠡᠭᠦᠯ | ᠮᠡᠨᠳᠦ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠰᠤᠲᠠᠶᠢᠴᠤᠳ ᠤᠨ ᠵᠣᠪᠠᠨᠢᠯ ᠢ | ᠨᠠᠮᠳᠠᠭᠤᠯᠬᠤ ᠪᠦᠲᠦᠮᠵᠢᠲᠡᠶ ᠠᠷᠭ᠎ᠠ ᠶᠢ ᠡᠵᠡᠮᠰᠢᠬᠦ ᠳᠤ ᠬᠠᠪᠰᠤᠷᠤᠮᠵᠢ ᠪᠣᠯᠤᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠣᠯᠠᠨ ᠶᠠᠩᠵᠤ ᠶᠢᠨ ᠡᠷᠡᠭᠦᠯ ᠮᠡᠨᠳᠦ ᠶᠢᠨ | ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃ | |