ᠵᠠᠩ ᠰᠢᠶᠤᠤ ᠹᠸᠢ ᠪᠦᠯᠬᠦᠮ ᠳᠠᠭᠠᠭᠤᠯᠤᠨ ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠡᠬᠢᠯᠡᠭᠦᠯᠵᠦ ᠰᠡᠷᠭᠦᠭᠡᠬᠦ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/4
        2 ᠳ᠋ᠤᠭᠠᠷ ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠬᠠᠷᠢᠶᠠᠲᠤ ᠲᠣᠭᠤᠷᠢᠭ ᠤᠨ ᠭᠤᠤᠯᠳᠠᠯᠭ᠎ᠠ ᠪᠣᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠶᠢᠨ ᠠᠵᠢᠯ ᠤᠨ ᠪᠠᠶᠢᠳᠠᠯ ᠢ ᠰᠣᠨᠣᠰᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠲᠤᠬᠠᠶ ᠶᠢᠨ ᠲᠠᠯᠠᠪᠠᠶ ᠳᠤ ᠠᠯᠪᠠᠯᠠᠨ ᠰᠢᠢᠳᠪᠦᠷᠢᠯᠡᠪᠡ᠃        ᠵᠠᠩ ᠰᠢᠶᠤᠤ ᠹᠸᠢ ᠨᠠᠷ ᠤᠷᠢᠳ ᠬᠤᠵᠢᠳ ᠥᠪᠥᠷ ᠮᠣᠩᠭᠤᠯ ᠤᠨ ᠶᠢᠩ ᠺᠧ ᠷᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 2.8 ᠲᠦᠮᠡᠨ ᠲᠣᠨ ᠬᠤᠪᠣᠷ ᠰᠢᠷᠣᠶ ᠶᠢᠨ ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ᠂ ᠪᠤᠭᠤᠲᠤ ᠬᠤᠲᠠ ᠶᠢᠨ ᠾᠧ ᠱᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ ᠳᠤ 1.44 ᠲᠦᠮᠡᠨ ᠲᠣᠨ ᠳᠣᠤᠷ᠎ᠠ ᠬᠦᠩᠭᠡᠨᠴᠠᠭᠠᠨ ᠴᠠᠬᠢᠭᠤᠷ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ᠂ ᠥᠪᠥᠷ ᠮᠣᠩᠭᠤᠯ ᠤᠨ ᠴᠠᠩ ᠶᠤᠸᠠᠨ ᠣᠷᠴᠢᠯ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 40 ᠲᠦᠮᠡᠨ ᠲᠣᠨ ᠨᠡᠭᠦᠷᠡᠰᠦᠨ ᠰᠠᠭᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠣᠬᠢᠷᠲᠤᠯ ᠥᠬᠡᠶ ᠥᠨᠳᠥᠷ ᠥᠷᠲᠡᠭᠲᠦ ᠠᠰᠢᠭᠯᠠᠯᠲᠠ ᠶᠢᠨ ᠲᠥᠷᠥᠯ ᠵᠦᠢᠯ ᠵᠡᠷᠭᠡ ᠭᠤᠤᠯᠳᠠᠯᠭ᠎ᠠ ᠲᠠᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠤᠷᠠᠯᠠᠯ᠂ ᠵᠠᠬ᠎ᠠ ᠳᠡᠯᠭᠡᠭᠦᠷ ᠤᠨ ᠢᠷᠡᠭᠡᠳᠦᠢ ᠵᠡᠷᠭᠡ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠣᠳᠣᠬᠠᠨ ᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠭᠦᠢᠴᠡᠳᠭᠡᠬᠦ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠣᠶᠤᠨᠴᠢᠯᠠᠭᠰᠠᠨ᠂ ᠳᠡᠭᠡᠳᠦ ᠳᠡᠰᠵᠢᠭᠰᠡᠨ᠂ ᠪᠣᠬᠢᠷᠳᠤᠯ ᠦᠭᠡᠢ ᠬᠥᠭᠵᠢᠯᠲᠡ ᠶᠢᠨ ᠴᠢᠭᠯᠡᠯ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠬᠡᠷᠡᠭᠴᠡᠭᠡ ᠶᠢ ᠡᠵᠡᠮᠰᠢᠵᠦ᠂ ᠭᠠᠷ ᠤᠷᠠᠯᠠᠯ ᠤᠨ ᠲᠥᠬᠦᠭᠡᠷᠦᠮᠵᠢ᠂ ᠦᠢᠯᠡᠳᠪᠦᠷᠢᠯᠡᠯ ᠤᠨ ᠶᠠᠪᠤᠴᠠ᠂ ᠪᠦᠬᠦᠯᠢ ᠴᠣᠭᠴᠠ ᠶᠢᠨ ᠲᠦᠷᠢ ᠲᠥᠷᠬᠦ ᠶᠢᠨ ᠲᠠᠯ᠎ᠠ ᠪᠠᠷ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠣᠳᠣᠬᠢᠴᠢᠯᠠᠭᠰᠠᠨ ᠠᠵᠤ ᠠᠬᠤᠶᠢᠯᠠᠯ ᠤᠨ ᠦᠯᠢᠭᠡᠷ ᠳᠠᠭᠤᠷᠢᠶᠠᠯ ᠢ ᠪᠤᠢ ᠪᠣᠯᠭᠠᠬᠤ ᠶᠢ ᠵᠣᠷᠢᠭᠵᠢᠭᠤᠯᠪᠠ᠃ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢ ᠤᠰᠤ᠂ ᠴᠠᠬᠢᠯᠭᠠᠨ᠂ ᠡᠨᠧᠷᠭᠢ ᠶᠢᠨ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠭᠠᠵᠠᠷ ᠰᠢᠷᠣᠢ ᠵᠡᠷᠭᠡ ᠡᠯ᠎ᠡ ᠵᠦᠢᠯ ᠤᠨ ᠰᠠᠭᠤᠷᠢ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠶᠡᠭᠡ ᠬᠦᠴᠦ ᠣᠷᠣᠭᠤᠯᠤᠨ ᠠᠵᠤ ᠠᠬᠤᠶᠢᠯᠠᠯ ᠢ ᠬᠠᠪᠰᠤᠷᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃        ᠺᠦᠨ ᠳ᠋ᠡ ᠰᠢᠨ ᠤ 40 ᠲᠦᠮᠡᠨ ᠲᠣᠨ ᠣᠨᠴᠠ ᠲᠦᠷᠦᠯ ᠤᠨ ᠲᠡᠮᠦᠷ ᠤᠨ ᠬᠠᠶᠢᠯᠤᠰᠢ ᠶᠢᠨ ᠶᠡᠷᠦᠩᠬᠡᠶᠢᠯᠡᠭᠰᠡᠨ ᠡᠬᠢ ᠪᠠᠶᠠᠯᠢᠭ ᠢ ᠠᠰᠢᠭᠯᠠᠬᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠣᠯᠤᠨ ᠶᠠ ᠰᠢᠨ ᠯᠦᠩ ᠱᠦᠨ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠵᠠᠩ ᠰᠢᠶᠤᠤ ᠹᠸᠢ ᠨᠠᠷ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠪᠣᠯᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠵᠠᠩ ᠰᠢᠶᠤᠤ ᠹᠸᠢ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠢᠳᠡᠪᠬᠢᠲᠡᠢ ᠠᠬᠢᠭᠤᠯᠵᠤ ᠪᠠᠶᠢᠭ᠎ᠠ ᠠᠷᠭ᠎ᠠ ᠬᠡᠮᠵᠢᠶ᠎ᠡ ᠶᠢ ᠭᠦᠢᠴᠡᠳ ᠨᠤᠲᠠᠯᠠᠭᠰᠠᠨ ᠤ ᠬᠠᠮᠲᠤ ᠲᠡᠭᠦᠨ ᠢ ᠦᠢᠯᠡᠳᠪᠦᠷᠢᠯᠡᠯ ᠤᠨ ᠶᠠᠪᠤᠴᠠ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠬᠠᠮᠲᠤ ᠶᠠᠰᠤ ᠴᠢᠨᠠᠷ ᠤᠨ ᠤᠬᠠᠮᠰᠠᠷ ᠪᠣᠯᠤᠨ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠠᠬᠢᠴᠠ ᠶᠢ ᠠᠳᠬᠤᠬᠤ ᠪᠣᠯᠤᠨ ᠶᠠᠰᠤ ᠴᠢᠨᠠᠷ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ ᠶᠢᠨ ᠬᠠᠷᠢᠴᠠᠭ᠎ᠠ ᠶᠢ ᠰᠠᠶᠢᠲᠤᠷᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠭᠤᠣᠯᠳᠠᠯᠭ᠎ᠠ ᠪᠣᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠤᠬᠠᠮᠰᠠᠷ ᠪᠣᠯᠤᠨ ᠦᠷ᠎ᠡ ᠪᠦᠲᠦᠮᠵᠢ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠦᠷᠦᠯ ᠵᠦᠢᠯ ᠤᠨ ᠠᠵᠢᠯ ᠡᠬᠢᠯᠡᠭᠰᠡᠨ ᠨᠤᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ᠂ ᠳᠡᠭᠡᠳᠦ ᠬᠢᠵᠠᠭᠠᠷ ᠢ ᠡᠮᠬᠢᠳᠬᠡᠭᠰᠡᠨ ᠵᠡᠷᠭᠡ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠪᠠᠲᠤᠯᠠᠭ᠎ᠠ ᠶᠢᠴᠢᠩᠭᠠᠳᠬᠠᠵᠤ᠂ ︽ᠭᠤᠷᠪᠠ ᠠᠴᠠ ᠬᠤᠶᠠᠷ ᠢ ᠡᠷᠢᠬᠦ︾ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠨᠠᠷᠠᠨᠨᠠ᠂ ᠮᠠ ᠪᠢᠨ᠂ ᠴᠧᠨ ᠶᠦᠩ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号