ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/3/4
        ︵ᠨᠢᠭᠡ︶ ᠪᠠᠶᠢᠭᠤᠯᠭ᠎ᠠ ᠶᠢᠨ ᠡᠭᠦᠷᠭᠡ ᠴᠢᠳᠠᠪᠤᠷᠢ        1. ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠥᠬᠦᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃        2. ᠲᠤᠭᠤᠷᠢᠭ ᠤᠨ ᠵᠠᠰᠠᠭ ᠤᠨ ᠣᠷᠳᠣᠨ ᠪᠤᠶᠤ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠲᠤᠭᠤᠷᠢᠭ ᠤᠨ ᠵᠠᠰᠠᠭ ᠤᠨ ᠣᠷᠳᠣᠨ ᠤ ᠬᠤᠷᠠᠯ ᠳᠤ ᠮᠡᠳᠡᠭᠦᠯᠵᠦ ᠬᠢᠨᠠᠨ ᠵᠥᠪᠯᠡᠭᠦᠯᠬᠦ ᠬᠠᠤᠯᠢ ᠴᠠᠭᠠᠵᠠ ᠶᠢᠨ ᠠᠰᠠᠭᠤᠳᠠᠯ ᠳᠤ ᠬᠤᠯᠪᠣᠭᠳᠠᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠤᠶᠤ ᠵᠦᠢᠯᠡᠰ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠳᠠᠭᠠᠭᠠᠨ ᠭᠦᠢᠴᠡᠳᠬᠡᠨ᠎ᠡ᠃ ᠲᠤᠭᠤᠷᠢᠭ ᠤᠨ ᠵᠠᠰᠠᠭ ᠤᠨ ᠣᠷᠳᠣᠨ ᠪᠠ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃        3. ᠲᠣᠰ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠠᠯᠠᠭ᠎ᠠ ᠮᠥᠴᠢᠷ ᠪᠣᠯᠤᠨ ᠲᠣᠭᠤᠷᠢᠭ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠯᠤᠭᠤᠳᠴᠤ᠂ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠠᠷᠭᠤ ᠶᠢᠨ ᠵᠠᠷᠭᠤ ᠬᠦᠯᠢᠶᠡᠬᠦ ᠣᠷᠣᠯᠠᠬᠤ ᠠᠵᠢᠯ ᠢ ᠳᠠᠭᠠᠭᠠᠨ ᠭᠦᠢᠴᠡᠳᠬᠡᠨ᠎ᠡ᠃        4. ᠲᠣᠰ ᠲᠣᠭᠤᠷᠢᠭ ᠤᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠲᠦᠮᠡᠨ ᠤ ᠣᠷᠣᠯᠴᠠᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠎ᠠ᠃        5. ᠲᠣᠰ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠪᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃        6. ᠲᠣᠰ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠬᠢᠨᠠᠯᠲᠠ ᠲᠠᠯᠪᠢᠨ᠎ᠠ᠃        7. ᠲᠤᠰ ᠲᠣᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠴᠤ᠂ ᠲᠤᠰ ᠲᠣᠭᠲᠠᠯᠴᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃        8. ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ︵ᠬᠤᠶᠠᠷ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠳᠣᠣᠷ᠎ᠠ ᠪᠠᠨ ᠰᠢᠭᠤᠶᠢᠲᠤ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠪᠠᠶᠢᠭᠤᠯᠪᠠ᠃        ︵ᠭᠤᠷᠪᠠ︶ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠰᠢᠭᠦᠬᠦ ᠬᠤᠷᠢᠶ᠎ᠠ ᠶᠢᠨ 4 ᠳ᠋ᠦ᠋ᠭᠡᠷ ᠲᠠᠪᠬᠤᠷᠯᠢᠭ        ︵ᠲᠦᠷᠪᠡ︶ ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ᠄ 9᠄ 00— 12᠄ 00 ᠴᠠᠭ  ᠦᠳᠡ ᠶᠢᠨ ᠬᠤᠶᠢᠨ᠎ᠠ 14᠄ 00 — 17᠄ 30 ᠴᠠᠭ        ︵ᠲᠠᠪᠤ︶ ᠬᠠᠷᠢᠯᠴᠠᠬᠤ ᠬᠡᠯᠪᠡᠷᠢ᠄ 0472 – 8720018        ︵ᠵᠢᠷᠭᠤᠭ᠎ᠠ︶ ᠬᠠᠷᠢᠭᠤᠴᠠᠯᠭᠠᠲᠠᠨ ᠤ ᠣᠪᠣᠭ ᠨᠡᠷ᠎ᠡ᠄ ᠸᠠᠩ ᠽᠦᠸᠧ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号